ᠷᠤᠤ ᠴᠢᠤᠸᠠᠨ ᠭᠤᠤᠯ ᠵᠤᠷᠢᠯᠳᠠᠳᠤ ᠮᠡᠳᠡᠭᠦᠯᠦᠯᠳᠡ ᠬᠢᠵᠤ ᠰᠦᠬᠡ ᠪᠠᠶᠠᠷ ᠤ᠋ᠨ ᠦᠭᠡ ᠬᠡᠯᠡᠪᠡ
5 ᠰᠠᠷ᠎ᠠ᠎ᠶ᠋ᠢᠨ 18 ᠤ᠋ ᠦᠳᠡ᠎ᠶ᠋ᠢᠨ ᠬᠣᠢᠨ᠎ᠠ᠂ 2026 ᠣᠨ᠎ᠤ ᠤᠯᠠᠨ ᠤᠯᠤᠰ᠎ᠤᠨ ᠮᠦᠽᠧᠢ᠎ᠶ᠋ᠢᠨ ᠡᠳᠦᠷ᠎ᠦᠨ ᠳᠤᠮᠳᠠᠳᠤ ᠤᠯᠤᠰ᠎ᠤᠨ ᠭᠣᠣᠯ ᠬᠤᠷᠠᠯ᠎ᠤᠨ ᠲᠠᠯᠠᠪᠠᠢ᠎ᠶ᠋ᠢᠨ ᠭᠣᠣᠯ ᠶᠠᠷᠢᠶᠠᠨ᠎ᠤ ᠲᠠᠪᠴᠠᠩ ᠬᠥᠬᠡᠬᠣᠲᠠ᠎ᠳᠤ ᠶᠠᠪᠤᠭ᠍ᠳᠠᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠰᠠᠢᠳ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠎ᠶ᠋ᠢᠨ ᠳᠠᠷᠤᠭ᠎ᠠ ᠷᠤᠤ ᠴᠢᠤᠸᠠᠨ ᠶᠠᠷᠢᠶᠠᠨ᠎ᠤ ᠲᠠᠪᠴᠠᠩ᠎ᠳᠤ ᠣᠷᠣᠯᠴᠠᠭ᠍ᠰᠠᠨ ᠪᠥᠭᠡᠳ ᠭᠤᠤᠯ ᠵᠤᠷᠢᠯᠳᠠᠳᠤ ᠮᠡᠳᠡᠭᠦᠯᠦᠯᠲᠡ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠰᠦᠬᠡ ᠪᠠᠶᠠᠷ᠎ᠤᠨ ᠦᠭᠡ ᠬᠡᠯᠡᠪᠡ᠃
《ᠮᠦᠽᠧᠢ᠄ ᠳᠡᠯᠡᠬᠡᠢ᠎ᠶ᠋ᠢ ᠬᠣᠯᠪᠣᠬᠤ ᠬᠥᠭᠥᠷᠭᠡ》 ᠭᠡᠬᠦ᠌ ᠭᠣᠣᠯ ᠰᠡᠳᠦᠪ᠎ᠦᠨ ᠲᠣᠭᠣᠷᠢᠨ᠎ᠳᠤ᠂ ᠲᠤᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 7 ᠲᠤᠰᠭᠠᠢ ᠮᠡᠷᠭᠡᠵᠢᠯᠲᠡᠨ ᠡᠷᠳᠡᠮᠲᠡᠨ᠎ᠢ ᠤᠷᠢᠵᠤ᠂ ᠮᠦᠽᠧᠢ᠎ᠶ᠋ᠢᠨ ᠬᠥᠭᠥᠷᠭᠡ᠎ᠶ᠋ᠢᠨ ᠦᠢᠯᠡᠳᠦᠯ᠎ᠢ ᠪᠠᠳᠠᠷᠠᠭᠤᠯᠬᠤ᠂ ᠳᠤᠮᠳᠠᠳᠤ ᠤᠯᠤᠰ᠎ᠤᠨ ᠮᠦᠽᠧᠢ᠎ᠶ᠋ᠢᠨ ᠦᠢᠯᠡᠳᠦᠯᠭᠡ ᠪᠣᠯᠤᠨ ᠬᠦᠰᠡᠯ ᠪᠠᠷᠠᠯᠠᠯ᠂ ᠰᠣᠶᠣᠯ᠎ᠤᠨ ᠬᠦᠷᠳᠡᠵᠤ ᠪᠤᠯᠬᠤᠢᠴᠠ ᠴᠢᠨᠠᠷ ᠪᠣᠯᠤᠨ ᠨᠡᠢᠭᠡᠮ᠎ᠦᠨ ᠪᠠᠭ᠍ᠲᠠᠭᠠᠮᠵᠢ ᠵᠡᠷᠭᠡ ᠬᠠᠷᠠᠭᠠᠰᠤ ᠡᠴᠡ ᠳᠤᠮᠳᠠᠳᠤ ᠭᠠᠳᠠᠭᠠᠳᠤ᠎ᠶ᠋ᠢᠨ ᠮᠦᠽᠧᠢ᠎ᠶ᠋ᠢᠨ ᠪᠣᠯᠪᠠᠰᠤᠨ᠎ᠤ ᠰᠣᠯᠢᠯᠴᠠᠭ᠎ᠠ ᠲᠤᠯᠢᠯᠠᠯᠢ ᠠᠬᠢᠭᠤᠯᠤᠭ᠍ᠰᠠᠨ ᠠᠮᠵᠢᠯᠲᠠ᠎ᠲᠠᠶ ᠲᠤᠷᠱᠢᠯᠭ᠎ᠠ᠎ᠶ᠋ᠢ ᠬᠤᠪᠢᠶᠠᠯᠴᠠᠵᠤ᠂ ᠮᠦᠽᠧᠢ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠡᠭᠦᠷᠭᠡ ᠴᠢᠳᠠᠪᠬᠢ᠎ᠶ᠋ᠢ ᠪᠠᠳᠠᠷᠠᠭᠤᠯᠬᠤ᠂ ᠨᠡᠢᠭᠡᠮ᠎ᠳᠦ ᠨᠡᠩ ᠰᠠᠢᠲᠤᠷ ᠦᠢᠯᠡᠴᠢᠯᠡᠬᠦ᠌ ᠱᠢᠨ᠎ᠡ ᠠᠷᠭ᠎ᠠ ᠵᠠᠮ᠎ᠢ ᠰᠤᠳᠤᠯᠤᠨ ᠶᠠᠷᠢᠯᠴᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号