ᠦᠪᠤᠷ ᠮᠤᠩᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠪᠦᠯᠦᠭᠵᠢᠭᠰᠡᠨ ᠪᠠᠷᠢᠮᠵᠢᠶᠠᠵᠢᠭᠰᠠᠨ ᠲᠥᠷᠥᠯ ᠲᠡᠮᠳᠡᠭ᠌ᠵᠢᠭ᠌ᠰᠡᠨ ᠬᠦᠭᠵᠢᠯᠲᠡ ᠶ᠋ᠢᠨ ᠰᠢᠨ᠎ᠡ ᠱᠠᠲᠤᠨ ᠳ᠋ᠦ ᠤᠷᠤᠯ᠎ᠠ — 25 ᠬᠤᠰᠢᠭᠤᠴᠢ ᠠᠵᠤ ᠠᠬᠤᠢᠯᠠᠯ ᠬᠠᠮᠳᠤᠷᠠᠨ ᠦᠪᠤᠷ ᠮᠤᠩᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠪᠦᠯᠦᠭᠯᠡᠯ ᠢ᠋ ᠪᠠᠢᠭᠤᠯᠪᠠ
2026-05-19 10:38:25
ᠵᠣᠬᠢᠶᠠᠭ᠍ᠴᠢ᠄
​ᠼᠠᠢ ᠬᠤᠡᠭ ᠴᠤᠪᠤᠭᠤ
ᠣᠩᠱᠢᠭ᠍ᠰᠠᠨ ᠣᠳᠠᠭ᠎ᠠ᠄
★★★☆☆

 5 ᠰᠠᠷ᠎ᠡ ᠶ᠋ᠢᠨ 18 ᠤ᠋ ᠡᠳᠦᠷ ᠂ ᠤᠷᠤᠨ ᠤ᠋ ᠲᠤᠳᠤᠨ᠎ᠠ ᠭᠠᠳᠠᠨᠠᠬᠢ 25 ᠬᠤᠰᠢᠭᠤᠴᠢ ᠠᠵᠤ ᠠᠬᠤᠢᠯᠠᠯ ᠡᠴᠡ ᠬᠠᠮᠳᠤᠷᠠᠨ ᠪᠠᠢᠭᠤᠯᠤᠭᠰᠠᠨ ᠦᠪᠦᠷ ᠮᠤᠡᠭᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ (ᠪᠦᠯᠦᠭᠯᠡᠯ) ᠬᠢᠵᠠᠭᠠᠷᠲᠤ ᠺᠤᠮᠫᠠᠨᠢ ᠬᠦᠬᠡᠬᠤᠲᠠ ᠳ᠋ᠦ ᠫᠠᠢᠰᠠ ᠰᠡᠭᠦᠵᠦ ᠡᠵᠡᠡᠭᠨᠡᠯᠲᠡ ᠪᠠᠨ ᠡᠬᠢᠯᠡᠭᠦᠯᠪᠡ᠃ 《ᠡᠨᠡ ᠨᠢ ᠮᠠᠨ ᠤ᠋ ᠤᠷᠤᠨ ᠤ᠋ ᠮᠢᠬᠠᠨ ᠤ᠋ ᠦᠬᠡᠷ ᠤ᠋ᠨ ᠠᠵᠤ ᠦᠢᠯᠡᠰ ᠪᠦᠯᠦᠭᠵᠢᠭᠰᠡᠨ᠂ ᠪᠠᠷᠢᠮᠵᠢᠶᠠᠵᠢᠭᠰᠠᠨ᠂ ᠲᠥᠷᠥᠯ ᠲᠡᠮᠳᠡᠭ᠌ᠵᠢᠭ᠌ᠰᠡᠨ ᠬᠦᠭᠵᠢᠯᠲᠡ ᠶ᠋ᠢᠨ ᠰᠢᠨ᠎ᠡ ᠱᠠᠲᠤᠨ ᠳ᠋ᠦ ᠤᠷᠤᠭᠰᠠᠨ ᠢ᠋ ᠬᠠᠷᠠᠭᠤᠯᠵᠤ ᠪᠠᠢᠨ᠎ᠠ》 ᠬᠡᠵᠤ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤ᠋ᠨ ᠵᠠᠬ᠎ᠠ ᠳᠡᠯᠭᠡᠭᠦᠷ ᠬᠢᠭᠡᠳ ᠭᠠᠳᠠᠭᠠᠳᠤ ᠲᠠᠢ ᠬᠠᠮᠲᠤᠷᠠᠨ ᠠᠵᠢᠯᠯᠠᠬᠤ ᠭᠠᠵᠠᠷ ᠤ᠋ᠨ ᠳᠠᠷᠤᠭ᠎ᠠ ᠶᠠᠡᠭ ᠵᠸᠡᠭ ᠮᠤᠤ ᠬᠡᠯᠡᠨ᠎ᠠ᠃

ᠦᠪᠤᠷ ᠮᠤᠩᠭᠤᠯ ᠪᠣᠯ ᠪᠥᠬᠥ᠌ ᠤᠯᠤᠰ ᠤ᠋ᠨ ᠦᠬᠡᠷ ᠤ᠋ᠨ ᠮᠢᠬᠠᠨ ᠤ᠋ ᠭᠤᠤᠯ ᠭᠠᠷᠤᠯᠲᠠ ᠶ᠋ᠢᠨ ᠣᠷᠣᠨ ᠪᠤᠯᠬᠤ ᠪᠦᠬᠡᠳ ᠲᠡᠵᠢᠭᠡᠯ ᠡᠪᠡᠰᠦᠨ ᠤ᠋ ᠡᠬᠢ ᠪᠠᠶᠠᠯᠢᠭ ᠡᠯᠪᠡᠭ᠂ ᠠᠵᠤ ᠦᠶ᠋ᠯᠡᠰ ᠤ᠋ᠨ ᠰᠠᠭᠤᠷᠢ ᠵᠤᠵᠠᠭᠠᠨ ᠪᠠᠢᠵᠤ᠂ ᠮᠢᠬᠠᠨ ᠤ᠋ ᠦᠬᠡᠷ ᠤ᠋ᠨ ᠠᠵᠤ ᠦᠢᠯᠡᠰ ᠢ᠋ ᠬᠦᠭᠵᠢᠬᠦᠯᠬᠦ ᠦᠪᠡᠷᠮᠢᠴᠡ ᠳᠠᠪᠠᠭᠤᠯᠢᠭ ᠲᠠᠢ ᠶᠤᠮ᠃ 2025 ᠣᠨ ᠳ᠋ᠤ᠂ ᠪᠦᠬᠦ ᠤᠷᠤᠨ ᠤ᠋ ᠮᠢᠬᠠᠨ ᠤ᠋ ᠦᠬᠡᠷ ᠤ᠋ᠨ ᠲᠤᠭ᠎ᠠ 873.4 ᠲᠦᠮᠡ ᠳ᠋ᠦ ᠬᠦᠷᠴᠦ᠂ 594.7 ᠲᠦᠮᠡᠨ ᠦᠬᠡᠷ ᠪᠣᠷᠣᠯᠠᠭᠤᠯᠵᠤ᠂ ᠦᠬᠡᠷ ᠤ᠋ᠨ ᠮᠢᠬᠠᠨ ᠤ᠋ ᠭᠠᠷᠤᠯᠲᠠ ᠨᠢ 101.7 ᠲᠦᠮᠡᠨ ᠲᠣᠨ ᠢ᠋ ᠳᠠᠪᠠᠨ ᠪᠥᠬᠥ᠌ ᠤᠯᠤᠰ ᠤ᠋ᠨ ᠶᠡᠷᠤᠩᠬᠡᠢ ᠭᠠᠷᠤᠯᠲᠠ ᠶ᠋ᠢᠨ 12.7% ᠵᠢ ᠡᠵᠡᠯᠡᠵᠦ᠂ 6 ᠵᠢᠯ ᠳᠠᠷᠠᠭᠠᠯᠠᠨ ᠪᠦᠬᠦ ᠤᠯᠤᠰ ᠲᠦ᠍ ᠲᠦᠷᠦᠬᠦᠯᠡᠪᠡ᠃ ᠬᠡᠪᠡᠴᠦ ᠶᠡᠷᠦᠩᠬᠡᠢ ᠳ᠋ᠤᠨᠢ ᠠᠪᠴᠦ ᠬᠡᠯᠡᠪᠡᠯ᠂ ᠦᠪᠦᠷ ᠮᠤᠡᠭᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠮᠦᠨ ᠬᠦ᠌ 《ᠲᠠᠷᠠᠬᠠᠢ᠂ ᠵᠢᠵᠢᠭ᠂ ᠪᠠᠭᠤᠷᠠᠢ》᠂ ᠲᠦᠷᠦᠯ ᠲᠡᠮᠲᠡᠭ ᠤ᠋ᠨ ᠨᠦᠯᠦᠬᠡᠯᠡᠬᠦ ᠬᠦᠴᠦᠨ ᠬᠦᠷᠦᠯᠴᠡᠬᠦ ᠦᠬᠡᠢ ᠵᠡᠷᠬᠡ ᠬᠦᠭᠵᠢᠯᠳᠡ ᠵᠢᠨ ᠪᠤᠭᠤᠮᠢ ᠵᠢᠨ ᠠᠰᠠᠭᠤᠳᠠᠯ ᠳ᠋ᠤ ᠲᠤᠯᠭᠠᠷᠠᠵᠤ ᠪᠠᠢᠨ᠎ᠠ᠃ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠨᠢᠭᠡᠳᠦᠯᠲᠡᠶ ᠲᠥᠯᠥᠪᠵᠢᠬᠦᠯᠦᠨ ᠵᠤᠬᠢᠴᠠᠭᠤᠯᠵᠤ ᠪᠠᠢᠭᠠᠳ ᠦᠪᠦᠷ ᠮᠤᠡᠭᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠪᠦᠯᠦᠭᠯᠡᠯ ᠢ᠋ ᠪᠠᠢᠭᠤᠯᠤᠭᠰᠠᠨ ᠨᠢ ᠦᠪᠤᠷ ᠮᠤᠩᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠢ᠋ 《ᠲᠠᠷᠠᠬᠠᠢ᠂ ᠵᠢᠵᠢᠭ᠂ ᠪᠠᠭᠤᠷᠠᠢ》 ᠡᠴᠡ 《ᠲᠦᠪᠯᠡᠷᠡᠡᠭᠭᠦᠢ᠂ ᠲᠤᠮᠤ᠂ ᠬᠦᠴᠦᠷᠬᠡᠭ》 ᠲᠡᠢᠰᠢ ᠠᠬᠢᠭᠤᠯᠵᠤ᠂ ᠠᠵᠤ ᠦᠢᠯᠡᠰ ᠢ᠋ ᠬᠦᠴᠦᠷᠭᠡᠭᠵᠢᠭᠦᠯᠬᠦ ᠪᠠ ᠮᠠᠯᠴᠢᠨ ᠲᠠᠷᠢᠶᠠᠴᠢᠨ ᠢ᠋ ᠪᠠᠶᠠᠵᠢᠭᠤᠯᠬᠤ ᠬᠤᠤᠰ ᠠᠮᠵᠢᠯᠲᠡ ᠳ᠋ᠦ ᠬᠦᠷᠬᠦ ᠭᠤᠤᠯ ᠠᠷᠭ᠎ᠠ ᠠᠪᠴᠠᠯ ᠪᠤᠯᠤᠨ᠎ᠠ᠃

ᠦᠪᠦᠷ ᠮᠤᠡᠭᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠪᠦᠯᠦᠭᠯᠡᠯ ᠢ᠋ ᠥᠪᠥᠷ ᠮᠣᠩᠭᠣᠯ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠨᠡᠢᠭᠡᠮᠯᠢᠭ ᠡᠴᠡ ᠲᠦᠷᠦᠭᠦᠯᠡᠨ ᠵᠤᠬᠢᠶᠠᠨ ᠪᠠᠢᠭᠤᠯᠵᠤ᠂ ᠬᠦᠯᠦᠨ ᠪᠤᠢᠷ ᠤ᠋ᠨ ᠮᠢᠬᠠᠨ ᠤ᠋ ᠦᠢᠯᠡᠰ ᠤ᠋ᠨ (ᠪᠦᠯᠦᠭᠯᠡᠯ) ᠬᠢᠵᠠᠭᠠᠷᠲᠤ ᠺᠤᠮᠫᠠᠨᠢ᠂ ᠦᠪᠦᠷ ᠮᠤᠡᠭᠭᠤᠯ ᠤ᠋ᠨ ᠬᠡᠰᠢᠭ ᠲᠠᠷᠢᠶᠠᠯᠠᠡᠭ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠺᠤᠮᠫᠠᠨᠢ᠂ ᠭᠤᠸᠠᠩᠳᠦ᠋ᠩ ᠤ᠋ᠨ ᠪᠠ ᠾᠧ ᠯᠢ ᠬᠢᠵᠠᠭᠠᠷᠲᠤ ᠺᠤᠮᠫᠠᠨᠢ᠂ ᠱᠸᠨᠵᠸᠨ ᠤ᠋ ᠰᠦ᠍ ᠤᠪᠤᠭᠳᠤ ᠵᠢᠨ ᠦᠬᠡᠷ ᠤ᠋ᠨ ᠮᠢᠬᠠᠨ ᠤ᠋ ᠬᠢᠵᠠᠭᠠᠷᠳᠤ ᠺᠤᠮᠫᠠᠨᠢ ᠵᠡᠷᠭᠡ ᠤᠷᠤᠨ ᠤ᠋ ᠳᠤᠲᠤᠨ᠎ᠠ ᠭᠠᠳᠠᠨᠠᠬᠢ 25 ᠬᠤᠰᠢᠭᠤᠴᠢ ᠠᠵᠤ ᠠᠬᠤᠢᠯᠠᠯ ᠡᠴᠡ ᠬᠠᠮᠲᠤᠷᠠᠨ ᠪᠠᠢᠭᠤᠯᠵᠠᠢ᠃ ᠪᠦᠯᠦᠭᠯᠡᠯ ᠨᠢ ᠰᠢᠯᠢᠳᠡᠭ ᠡᠭᠦᠯᠳᠡᠷ ᠢ᠋ ᠪᠤᠢᠵᠢᠭᠤᠯᠬᠤ᠂ ᠬᠡᠪᠴᠢᠶᠡᠵᠢᠭᠦᠯᠦᠨ ᠲᠡᠵᠢᠭᠡᠬᠦ᠂ ᠨᠠᠷᠢᠯᠢᠭ ᠪᠤᠯᠪᠠᠰᠤᠷᠠᠭᠤᠯᠬᠤ᠂ ᠲᠦᠷᠦᠯ ᠲᠡᠮᠳᠡᠭᠳᠤ ᠵᠢᠨ ᠡᠵᠡᠩᠨᠡᠯᠳᠡ ᠪᠤᠷᠤᠯᠠᠭᠤᠯᠭ᠎ᠠ ᠬᠢᠬᠦ ᠪᠠ ᠬᠦᠢᠳᠡᠨ ᠬᠡᠯᠬᠢᠶ᠎ᠠ ᠪᠡᠷ ᠬᠦᠢᠯᠬᠡᠬᠡᠬᠦ ᠵᠢ ᠨᠢᠬᠡ ᠴᠤᠭᠴᠠᠵᠢᠭᠤᠯᠵᠤ᠂ 《1 ᠵᠢᠯ ᠳ᠋ᠦ ᠰᠠᠭᠤᠷᠢ ᠲᠠᠯᠪᠢᠬᠤ᠂ 3 ᠵᠢᠯ ᠳ᠋ᠦ ᠵᠠᠭᠤᠨ ᠳ᠋ᠦᠩᠱᠢᠭᠤᠷ ᠢ᠋ ᠳᠠᠪᠠᠭᠤᠯᠬᠤ᠂ 10 ᠵᠢᠯ ᠳ᠋ᠤ ᠮᠢᠩᠭᠠᠨ ᠳ᠋ᠦᠩᠱᠢᠭᠤᠷ ᠢ᠋ ᠳᠠᠪᠠᠭᠤᠯᠬᠤ》ᠱᠠᠲᠤᠴᠢ ᠴᠢᠨᠠᠷᠲᠠᠢ ᠬᠠᠷᠠᠯᠲᠠ ᠶᠤᠰᠤᠭᠠᠷ ᠦᠪᠤᠷ ᠮᠤᠩᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠭᠤᠤᠯᠯᠠᠬᠤ ᠦᠷᠢᠰᠦᠯᠳᠦᠬᠦ ᠬᠦᠴᠦᠨ ᠪᠠ ᠵᠠᠬ᠎ᠠ ᠲᠠᠯᠬᠡᠬᠦᠷ ᠤ᠋ᠨ ᠪᠠᠢᠷᠢ ᠰᠠᠭᠤᠷᠢ ᠵᠢ ᠪᠦᠬᠦ ᠲᠠᠯ᠎ᠠ ᠪᠡᠷ ᠲᠠᠬᠡᠭᠰᠢᠯᠡᠬᠦᠯᠵᠤ᠂ ᠰᠢᠨ᠎ᠠ ᠲᠡᠭᠳᠡᠷ ᠲᠦ᠍ ᠭᠠᠷᠭᠠᠬᠤ ᠪᠤᠯᠤᠨ᠎ᠠ᠃

《ᠦᠪᠦᠷ ᠮᠤᠡᠭᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠪᠦᠯᠦᠭᠯᠡᠯ ᠢ᠋ ᠪᠠᠢᠭᠤᠯᠤᠭᠰᠠᠨ ᠤ᠋ ᠭᠤᠤᠯ ᠵᠤᠷᠢᠯᠭ᠎ᠠ ᠪᠤᠯ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠬᠡᠯᠬᠢᠶ᠎ᠡ ᠶ᠋ᠢᠨ ᠤᠷᠤᠨ ᠤ᠋ ᠲᠤᠳᠤᠨ᠎ᠠ ᠭᠠᠳᠠᠨᠠᠬᠢ ᠬᠤᠰᠢᠭᠤᠴᠢ ᠠᠵᠤ ᠠᠬᠤᠢᠯᠠᠯ ᠢ᠋ ᠴᠤᠭᠯᠠᠷᠠᠭᠤᠯᠤᠨ᠂ ᠠᠵᠤ ᠦᠢᠯᠡᠰ ᠤ᠋ᠨ ᠬᠦᠴᠦᠷᠬᠡᠭ ᠶᠡᠬᠡ ᠬᠠᠮᠲᠤᠷᠠᠯ ᠬᠦᠴᠦᠨ ᠢ᠋ ᠪᠦᠷᠢᠯᠳᠦᠭᠦᠯᠵᠤ᠂ ᠠᠵᠤ ᠦᠢᠯᠡᠰ ᠤ᠋ᠨ ᠬᠦᠭᠵᠢᠯᠳᠡ ᠵᠢᠨ ᠪᠤᠭᠤᠮᠢ ᠶ᠋ᠢᠨ ᠠᠰᠠᠭᠤᠳᠠᠯ ᠢ᠋ ᠰᠢᠢᠳᠪᠦᠷᠢᠯᠡᠬᠦ ᠶ᠋ᠢᠨ ᠲᠦᠯᠦᠭᠡ ᠶᠤᠮ᠃ ᠪᠢᠳᠡ ᠭᠤᠤᠯᠳᠠᠭᠤ ᠬᠠᠮᠢᠶᠠᠷᠤᠯᠲᠠ᠂ ᠵᠠᠬ᠎ᠠ ᠳᠡᠯᠭᠡᠭᠦᠷ᠂ ᠲᠦᠷᠦᠯ ᠲᠡᠮᠲᠡᠭ ᠪᠠ ᠡᠵᠡᠡᠭᠨᠡᠯᠲᠡ ᠪᠡᠷ ᠭᠤᠤᠯ ᠪᠤᠯᠭᠠᠵᠤ᠂ ᠵᠠᠭᠤᠨ ᠳ᠋ᠦᠩᠰᠢᠭᠤᠷ ᠴᠢᠨᠠᠭᠰᠢᠯᠠᠪᠠᠯ ᠮᠢᠡᠭᠭᠠᠨ ᠳ᠋ᠦᠩᠱᠢᠭᠤᠷ ᠲᠠᠰ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠢ᠋ ᠴᠤᠭᠴᠠᠯᠠᠨ᠎ᠠ》 ᠬᠡᠵᠤ ᠰᠢᠨ᠎ᠠ ᠪᠡᠷ ᠪᠠᠢᠭᠤᠯᠤᠭᠳᠠᠭᠰᠠᠨ ᠦᠪᠦᠷ ᠮᠤᠡᠭᠭᠤᠯ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠪᠦᠯᠦᠭᠯᠡᠯ ᠤ᠋ᠨ ᠬᠡᠷᠡᠭ ᠮᠡᠳᠡᠭᠴᠢᠳ ᠤ᠋ᠨ ᠳᠠᠷᠤᠭ᠎ᠠ ᠯᠢ ᠵᠢᠶᠸ ᠰᠤᠷᠪᠤᠯᠵᠢᠯᠠᠭᠴᠢ ᠳ᠋ᠤ ᠲᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号