ᠦᠪᠦᠷ ᠮᠤᠨᠭᠭᠤᠯ ᠲᠠᠷᠢᠶᠠᠯᠠᠩ ᠤ᠋ᠨ ᠪᠦᠲᠦᠭᠡᠭᠳᠡᠬᠦᠨ ᠢ᠋ ᠠᠷᠠᠯᠵᠢᠶᠠᠯᠠᠬᠤ ᠪᠠ ᠪᠦᠭᠡᠮ ᠢ᠋ᠶ᠋ᠡᠷ ᠪᠤᠷᠤᠯᠠᠭᠤᠯᠬᠤ ᠵᠠᠬ᠎ᠠ ᠳᠡᠯᠭᠡᠭᠦᠷ ᠲᠦ᠍ 《ᠡᠳᠦᠷ ᠪᠦᠷᠢ ᠰᠢᠯᠭᠠᠨ ᠪᠠᠢᠴᠠᠭᠠᠬᠤ 》 ᠵᠢ ᠪᠦᠬᠦ ᠲᠠᠯ᠎ᠠ ᠪᠠᠷ ᠬᠡᠷᠡᠭᠵᠢᠭᠦᠯᠵᠦ ᠪᠤᠢ
2026-05-19 10:22:17
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠤᠢᠯᠠᠭᠠᠬᠰᠠᠨ ᠢ᠋ᠶ᠋ᠡᠷ᠂ ᠦᠪᠦᠷ ᠮᠤᠨᠭᠭᠤᠯ ᠡᠨᠡ ᠵᠢᠯ ᠪᠥᠬᠥ᠌ ᠣᠷᠣᠨ ᠤ᠋ 180 ᠲᠠᠷᠢᠶᠠᠯᠠᠩ ᠤ᠋ᠨ ᠪᠦᠲᠦᠭᠡᠭᠳᠡᠬᠦᠨ ᠢ᠋ ᠠᠷᠠᠯᠵᠢᠶᠠᠯᠠᠬᠤ ᠪᠠ ᠪᠦᠭᠡᠮ ᠢ᠋ᠶ᠋ᠡᠷ ᠪᠤᠷᠤᠯᠠᠭᠤᠯᠬᠤ ᠵᠠᠬ᠎ᠠ ᠳᠡᠯᠭᠡᠭᠦᠷ ᠲᠦ᠍ 《ᠡᠳᠦᠷ ᠪᠦᠷᠢ ᠰᠢᠯᠭᠠᠨ ᠪᠠᠢᠴᠠᠭᠠᠬᠤ》 ᠠᠵᠢᠯ ᠤ᠋ᠨ ᠲᠣᠭ᠍ᠲᠠᠴᠠ ᠵᠢ ᠪᠥᠬᠥ᠌ ᠲᠠᠯ᠎ᠠ ᠪᠡᠷ ᠬᠡᠷᠡᠭ᠌ᠵᠢᠭᠦᠯᠵᠦ᠂ ᠬᠢᠷᠢ ᠲᠡᠩᠴᠡᠭᠦ᠌ ᠥᠬᠡᠶ ᠢᠳᠡᠭᠡᠨ ᠪᠠᠢᠬᠤ ᠵᠢ ᠣᠯᠵᠤ ᠮᠡᠳᠡᠪᠡᠯ ᠳᠠᠷᠤᠶ ᠲᠦᠷᠭᠡᠨ ᠵᠠᠷᠯᠢᠭ᠍ᠳᠠᠵᠤ ᠪᠠᠢᠭᠠᠳ ᠪᠣᠷᠣᠯᠠᠭᠤᠯᠬᠤ ᠵᠢ ᠨᠢ ᠵᠣᠭ᠍ᠰᠣᠭᠠᠵᠤ᠂ ᠬᠠᠤᠯᠢ ᠶᠣᠰᠣᠭᠠᠷ ᠪᠢᠲᠡᠭᠦᠮᠵᠢᠯᠡᠨ ᠡᠭᠡᠭᠦᠯᠦᠨ ᠠᠪᠴᠢᠷᠠᠬᠤ ᠪᠤᠯᠤᠨ᠎ᠠ᠃ ᠣᠳᠣᠬᠠᠨ᠎ᠳᠤ ᠡᠨᠡ ᠬᠦ᠌ ᠠᠵᠢᠯᠯᠠᠭ᠎ᠠ ᠵᠢ ᠨᠢᠭᠡᠨᠲᠡ ᠡᠯ᠎ᠡ ᠭᠠᠵᠠᠷ ᠲᠦ᠍ ᠪᠥᠬᠥ᠌ ᠲᠠᠯ᠎ᠠ ᠪᠡᠷ ᠥᠷᠨᠢᠭᠦᠯᠪᠡ᠃

ᠵᠢᠯ ᠤ᠋ᠨ ᠡᠬᠢᠨ ᠡᠴᠡ ᠨᠠᠭᠠᠰᠢ᠂ ᠬᠦᠬᠡᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠬᠢᠨ ᠲᠠᠷᠢᠶᠠᠯᠠᠩ ᠤ᠋ᠨ ᠪᠦᠲᠦᠭᠡᠭᠳᠡᠭᠦᠨ ᠢ᠋ ᠠᠷᠠᠯᠵᠢᠶᠠᠯᠠᠬᠤ ᠪᠠ ᠪᠦᠭᠡᠮ ᠶ᠋ᠢᠡᠷ ᠪᠤᠷᠤᠯᠠᠭᠤᠯᠬᠤ ᠵᠠᠬ᠎ᠠ ᠳᠡᠯᠭᠡᠭᠦᠷ ᠲᠤ᠌ 《ᠡᠳᠦᠷ ᠪᠦᠷᠢ ᠰᠢᠯᠭᠠᠨ ᠪᠠᠢᠴᠠᠭᠠᠬᠤ᠂ ᠴᠠᠭ ᠮᠦᠴᠡ ᠦᠭᠡᠢ ᠰᠤᠭᠤᠴᠢᠨ ᠪᠠᠢᠴᠠᠭᠠᠬᠤ》 ᠳᠦᠷᠢᠮ ᠢ᠋ ᠬᠡᠷᠡᠭᠵᠢᠭᠦᠯᠵᠦ᠂ ᠳᠠᠷᠤᠢ ᠲᠦᠷᠭᠡᠨ ᠰᠢᠯᠭᠠᠨ ᠪᠠᠢᠴᠠᠭᠠᠬᠤ ᠠᠵᠢᠯ ᠢ᠋ ᠵᠠᠬ᠎ᠠ ᠳᠡᠯᠭᠡᠭᠦᠷ ᠤ᠋ᠨ ᠡᠵᠡᠩᠨᠡᠯᠳᠡ ᠶ᠋ᠢᠨ ᠪᠦᠬᠦ ᠶᠠᠪᠤᠴᠠ ᠳ᠋ᠤ ᠲᠤᠭᠤᠰᠢᠯᠠᠭᠤᠯᠤᠨ᠂ ᠢᠳᠡᠭᠡᠨ ᠤ᠋ ᠵᠦᠢᠯᠡᠰ ᠤ᠋ᠨ ᠠᠮᠦᠷ ᠲᠦᠪᠰᠢᠨ ᠢ᠋ 《ᠦᠨᠳᠦᠰᠦ ᠡᠴᠡ ᠨᠢ ᠰᠡᠷᠭᠡᠢᠯᠡᠨ ᠡᠵᠡᠮᠳᠡᠬᠦ᠂ ᠪᠦᠬᠦ ᠶᠠᠪᠤᠴᠠ ᠪᠡᠷ ᠬᠢᠨᠠᠨ ᠬᠠᠮᠢᠶᠠᠷᠬᠤ》 ᠶ᠋ᠢ ᠪᠡᠶᠡᠯᠡᠭᠦᠯᠵᠠᠢ᠃

ᠲᠠᠷᠢᠶᠠᠯᠠᠩ ᠤ᠋ᠨ ᠪᠦᠲᠦᠭᠡᠭᠳᠡᠬᠦᠨ ᠢ᠋ ᠠᠷᠠᠯᠵᠢᠶᠠᠯᠠᠬᠤ ᠪᠠ ᠪᠦᠭᠡᠮ ᠢ᠋ᠶ᠋ᠡᠷ ᠪᠤᠷᠤᠯᠠᠭᠤᠯᠬᠤ ᠵᠠᠬ᠎ᠠ ᠳᠡᠯᠭᠡᠭᠦᠷ ᠤ᠋ᠨ《ᠡᠳᠦᠷ ᠪᠦᠷᠢ ᠰᠢᠯᠭᠠᠨ ᠪᠠᠢᠴᠠᠭᠠᠬᠤ》 ᠠᠵᠢᠯ ᠤ᠋ᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠶᠠᠪᠤᠭ᠍ᠳᠠᠬᠤ ᠵᠢ ᠪᠠᠲᠤᠯᠠᠬᠤ ᠶ᠋ᠢᠨ ᠲᠥᠯᠥᠭᠡ ᠣᠷᠳᠣᠰ ᠬᠣᠲᠠ ᠶ᠋ᠢᠨ ᠵᠡᠭᠦᠨᠭᠠᠷ ᠬᠣᠱᠢᠭᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠨᠢᠭᠡ ᠲᠠᠯ᠎ᠠ ᠪᠡᠷ ᠲᠦᠷᠭᠡᠨ ᠰᠢᠯᠭᠠᠨ ᠪᠠᠢᠴᠠᠭᠠᠬᠤ ᠠᠵᠢᠯᠲᠠᠨ ᠡᠷᠬᠡᠪᠰᠢ ᠲᠤᠰᠭᠠᠶ ᠮᠡᠷᠭᠡᠵᠢᠯ ᠤ᠋ᠨ ᠪᠣᠯᠪᠠᠰᠤᠷᠠᠯ ᠳ᠋ᠤ ᠬᠢᠷᠢ ᠲᠡᠩᠴᠡᠭ᠌ᠰᠡᠨ ᠤ᠋ ᠳᠠᠷᠠᠭ᠎ᠠ ᠦᠨᠡᠮᠯᠡᠯ ᠲᠠᠢ ᠪᠠᠷ ᠠᠵᠢᠯ ᠤ᠋ᠨ ᠪᠠᠢᠷᠢ ᠳ᠋ᠤ ᠭᠠᠷᠴᠤ᠌᠂ ᠪᠠᠷᠢᠮᠵᠢᠶᠠᠵᠢᠭᠤᠯᠤᠭ᠍ᠰᠠᠨ ᠠᠵᠢᠯᠯᠠᠬᠤ ᠲᠦᠷᠢᠮ ᠢ᠋ ᠴᠢᠩᠭ᠎ᠠ ᠵᠢᠷᠤᠮᠯᠠᠨ ᠰᠢᠯᠭᠠᠨ ᠪᠠᠢᠴᠠᠭᠠᠬᠤ ᠠᠵᠢᠯ ᠢ᠋ ᠥᠷᠨᠢᠭᠦᠯᠬᠦ᠌ ᠵᠢ ᠱᠠᠭᠠᠷᠳᠠᠬᠤ ᠶ᠋ᠢᠨ ᠬᠠᠮᠲᠤ ᠨᠥᠭᠥᠭᠡ ᠲᠠᠯ᠎ᠠ ᠪᠡᠷ ᠡᠬᠡ ᠲᠠᠩᠰᠠ ᠶ᠋ᠢᠨ ᠬᠠᠮᠢᠶᠠᠷᠤᠯᠲᠠ ᠶ᠋ᠢᠨ ᠲᠦᠷᠢᠮ ᠢ᠋ ᠲᠡᠭᠦᠯᠳᠡᠷᠵᠢᠭᠦᠯᠵᠦ᠍᠂ ᠰᠢᠯᠭᠠᠨ ᠪᠠᠢᠴᠠᠭᠠᠬᠤ ᠲᠥᠷᠥᠯ ᠵᠦᠶ᠋ᠯ᠂ ᠰᠢᠯᠭᠠᠨ ᠪᠠᠢᠴᠠᠭᠠᠬᠰᠠᠨ ᠦᠷ᠎ᠡ ᠳ᠋ᠦᠩ᠂ ᠰᠢᠯᠭᠠᠨ ᠪᠠᠢᠴᠠᠭᠠᠬᠰᠠᠨ ᠠᠵᠢᠯᠲᠠᠨ ᠵᠢᠴᠢ ᠬᠢᠷᠢ ᠲᠡᠩᠴᠡᠭᠦ᠌ ᠥᠬᠡᠶ ᠦᠶ᠋ᠯᠡᠳᠬᠦᠨ ᠢ᠋ ᠱᠢᠶ᠋ᠳᠪᠦᠷᠢᠯᠡᠬᠦ᠌ ᠵᠡᠷᠭᠡ ᠪᠥᠬᠥ᠌ ᠶᠠᠪᠤᠴᠠ ᠶ᠋ᠢᠨ ᠮᠡᠳᠡᠭᠡ ᠵᠠᠩᠭᠢ ᠵᠢ ᠨᠠᠷᠢᠨ ᠲᠡᠮᠳᠡᠭ᠌ᠯᠡᠵᠦ᠍᠂ ᠰᠢᠯᠭᠠᠨ ᠪᠠᠢᠴᠠᠭᠠᠬᠤ ᠶᠠᠪᠤᠴᠠ ᠵᠢ ᠨᠡᠬᠡᠮᠵᠢᠯᠡᠵᠦ᠍ ᠪᠣᠯᠬᠤ᠂ ᠰᠢᠯᠭᠠᠨ ᠪᠠᠢᠴᠠᠭᠠᠬᠰᠠᠨ ᠦᠷ᠎ᠡ ᠳ᠋ᠦᠩ ᠢ᠋ ᠪᠠᠢᠴᠠᠭᠠᠨ ᠯᠠᠪᠯᠠᠵᠤ ᠪᠣᠯᠬᠤ ᠵᠢ ᠦᠨᠡᠨ ᠬᠦ᠌ ᠪᠡᠶᠡᠯᠡᠭᠦᠯᠪᠡ᠃

ᠪᠠᠶᠠᠨᠨᠠᠭᠤᠷ ᠬᠣᠲᠠ ᠵᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠥᠬᠥ᠌ ᠬᠣᠲᠠ ᠶ᠋ᠢᠨ 10 ᠲᠠᠷᠢᠶᠠᠯᠠᠩ ᠤ᠋ᠨ ᠪᠦᠲᠦᠭᠡᠭᠳᠡᠬᠦᠨ ᠢ᠋ ᠠᠷᠠᠯᠵᠢᠶᠠᠯᠠᠬᠤ ᠪᠠ ᠪᠦᠭᠡᠮ ᠢ᠋ᠶ᠋ᠡᠷ ᠪᠤᠷᠤᠯᠠᠭᠤᠯᠬᠤ ᠵᠠᠬ᠎ᠠ ᠳᠡᠯᠭᠡᠭᠦᠷ ᠢ᠋ ᠪᠦᠬᠦᠨ ᠢ᠋ 《ᠡᠳᠦᠷ ᠪᠦᠷᠢ ᠰᠢᠯᠭᠠᠨ ᠪᠠᠢᠴᠠᠭᠠᠬᠤ》 ᠠᠵᠢᠯ ᠤ᠋ᠨ ᠨᠠᠷᠢᠨ ᠳᠠᠨᠭᠰᠠᠨ ᠳ᠋ᠤ ᠣᠷᠣᠭᠤᠯᠵᠤ᠂ ᠪᠦᠬᠦᠯᠢ ᠡᠳᠦᠷ ᠤ᠋ᠨ᠂ ᠪᠦᠬᠦᠨ ᠢ᠋ ᠬᠠᠮᠤᠷᠤᠭ᠍ᠰᠠᠨ᠂ ᠪᠥᠬᠥ᠌ ᠶᠠᠪᠤᠴᠠ ᠶ᠋ᠢᠨ ᠢᠳᠡᠭᠡᠨ ᠤ᠋ ᠲᠦᠷᠦᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠢ᠋ ᠱᠢᠯᠭᠠᠨ ᠪᠠᠢᠴᠠᠭᠠᠬᠤ ᠱᠢᠰᠲ᠋ᠧᠮ ᠢ᠋ ᠪᠠᠢᠭᠤᠯᠬᠤ ᠶ᠋ᠢᠨ ᠬᠠᠮᠲᠤ ᠢᠲᠡᠭᠡᠮᠵᠢ ᠶ᠋ᠢᠨ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ ᠵᠢ ᠴᠢᠩᠭᠠᠷᠠᠭᠤᠯᠵᠤ᠂ ᠬᠢᠷᠢ ᠲᠡᠩᠴᠡᠭᠦ᠌ ᠥᠬᠡᠶ ᠦᠶ᠋ᠯᠡᠳᠬᠦᠨ ᠤ᠋ ᠡᠵᠡᠩᠨᠡᠯᠲᠡ ᠶ᠋ᠢᠨ ᠡᠷᠦᠬᠡ ᠵᠢ ᠢᠲᠡᠭᠡᠮᠵᠢ ᠶ᠋ᠢᠨ ᠲᠠᠩᠰᠠ ᠡᠪᠬᠡᠮᠡᠯ ᠳ᠋ᠤ ᠣᠷᠣᠭᠤᠯᠵᠤ᠂ ᠣᠯᠠᠨ ᠤᠳᠠᠭ᠎ᠠ ᠲᠣᠭ᠍ᠲᠠᠭᠠᠯ ᠡᠴᠡ ᠵᠥᠷᠢᠴᠡᠨ ᠡᠵᠡᠩᠨᠡᠭ᠌ᠰᠡᠨ ᠬᠤᠳᠠᠯᠳᠤᠭᠠᠴᠢᠨ ᠡᠷᠦᠬᠡ ᠵᠢ ᠬᠠᠤᠯᠢ ᠶᠣᠰᠣᠭᠠᠷ ᠴᠢᠩᠭ᠎ᠠ ᠱᠢᠢᠳᠭᠡᠨ ᠲᠣᠷᠭᠠᠬᠤ ᠶ᠋ᠢᠨ ᠬᠠᠮᠲᠤ ᠢᠯᠡ ᠨᠡᠢᠲᠡᠯᠡᠵᠦ᠍᠂ ᠬᠠᠲᠠᠭᠤ ᠬᠢᠵᠠᠭᠠᠷᠯᠠᠯ ᠢ᠋ᠶ᠋ᠡᠷ ᠡᠵᠡᠩᠨᠡᠯᠲᠡ ᠶ᠋ᠢᠨ ᠭᠤᠤᠯ ᠴᠣᠭ᠍ᠴᠠ ᠵᠢ ᠭᠡᠳᠡᠷᠭᠦ᠌ ᠱᠢᠬᠠᠮᠳᠠᠭᠤᠯᠵᠤ ᠪᠠᠢᠭᠠᠳ ᠢᠳᠡᠭᠡᠨ ᠤ᠋ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠰᠠᠬᠢᠬᠤ ᠎ᠵᠢ ᠴᠢᠡᠭᠭ᠎ᠠ ᠠᠳᠬᠤᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号