ᠣᠷᠳᠣᠰ ᠬᠣᠲᠠ ᠳᠠᠷᠢᠶᠠᠯᠠᠩ᠎ᠳᠦ ᠬᠡᠷᠡᠭᠯᠡᠬᠦ ᠤᠰᠤᠨ ᠤ᠋ ᠡᠬᠢ ᠪᠠᠶᠠᠯᠢᠭ ᠤ᠋ᠨ ᠠᠰᠢᠭᠯᠠᠯᠳᠠ ᠶ᠋ᠢᠨ ᠦᠷ᠎ᠡ ᠠᠰᠢᠭ ᠢ᠋ ᠳᠡᠭᠡᠭᠰᠢᠯᠡᠬᠦᠯᠵᠦ ᠪᠤᠢ
2026-05-19 10:33:06
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

 ᠣᠷᠳᠣᠰ ᠬᠤᠳᠠ  ᠭᠠᠩ ᠬᠠᠭᠤᠷᠠᠢ ᠪᠠ ᠬᠠᠭᠠᠰ ᠭᠠᠩ ᠬᠠᠭᠤᠷᠠᠢ ᠭᠠᠵᠠᠷ ᠣᠷᠣᠨ ᠳ᠋ᠤ ᠣᠷᠣᠰᠢᠵᠤ ᠪᠠᠢᠳᠠᠭ ᠪᠣᠯᠬᠣᠷ ᠤᠰᠤᠨ ᠤ᠋ ᠡᠬᠢ ᠪᠠᠶᠠᠯᠢᠭ᠋ ᠳᠤᠲᠠᠭᠳᠠᠬᠤ ᠨᠢ ᠲᠠᠷᠢᠶᠠᠯᠠᠩ ᠤ᠋ᠨ ᠬᠥᠭᠵᠢᠯᠲᠡ ᠵᠢ ᠬᠢᠵᠠᠭᠠᠷᠯᠠᠬᠤ ᠲᠣᠪᠣᠢᠮ᠎ᠠ ᠠᠰᠠᠭᠤᠳᠠᠯ ᠪᠤᠯᠤᠬᠰᠠᠭᠠᠷ ᠢᠷᠡᠪᠡ᠃ ᠣᠢᠷ᠎ᠠ ᠵᠢᠨ ᠵᠢᠯ ᠤ᠋ᠳ ᠲᠤ᠌᠂ ᠤᠷᠳᠤᠰ ᠬᠣᠲᠠ ᠵᠢᠨ ᠬᠢᠨ ᠲᠠᠷᠢᠶᠠᠯᠠᠩ ᠤ᠋ᠨ ᠤᠰᠤ ᠠᠷᠪᠢᠯᠠᠵᠤ ᠦᠷ᠎ᠡ ᠠᠰᠢᠭ᠋ ᠢ᠋ ᠨᠡᠮᠡᠭᠳᠡᠭᠦᠯᠬᠦ ᠵᠢ ᠠᠮᠤ ᠪᠤᠳᠠᠭᠠᠨ ᠤ᠋ ᠤᠨᠠᠯᠳᠠ ᠵᠢ ᠪᠠᠲᠤᠯᠠᠬᠤ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ᠂ ᠲᠠᠷᠢᠶᠠᠯᠠᠩ ᠤ᠋ᠨ ᠮᠡᠷᠭᠡᠵᠢᠯ ᠢ᠋ ᠰᠢᠯᠢᠳᠡᠭᠵᠢᠭᠦᠯᠬᠦ᠂ ᠡᠬᠦᠯᠳᠡᠷ ᠰᠣᠩᠭᠣᠬᠤ᠂ ᠳᠠᠷᠢᠶᠠᠯᠠᠩ ᠤ᠋ᠨ ᠪᠦᠲᠦᠴᠡ ᠵᠢ ᠲᠣᠬᠢᠷᠠᠭᠤᠯᠬᠤ᠂ ᠲᠣᠭᠲᠠᠴᠠ ᠵᠢ ᠲᠡᠭᠦᠯᠳᠡᠷᠵᠢᠭᠦᠯᠬᠦ ᠪᠡᠷ ᠳᠠᠮᠵᠢᠭᠤᠯᠤᠨ ᠬᠠᠮᠵᠢᠯᠴᠠᠨ ᠠᠬᠢᠭᠤᠯᠵᠤ᠂ ᠤᠰᠤᠨ ᠤ᠋ ᠡᠬᠢ ᠪᠠᠶᠠᠯᠢᠭ᠋ ᠤ᠋ᠨ ᠠᠰᠢᠭ᠍ᠯᠠᠯᠲᠠ ᠵᠢᠨ ᠦᠷ᠎ᠡ ᠠᠰᠢᠭ᠋ ᠢ᠋ ᠳᠡᠭᠡᠭᠰᠢᠯᠡᠭᠦᠯᠵᠤ ᠪᠠᠢᠨ᠎ᠠ᠃

ᠤᠢᠯᠠᠭᠠᠭᠰᠠᠨ ᠶ᠋ᠢᠡᠷ᠂ ᠣᠷᠳᠣᠰ ᠬᠣᠲᠠ ᠲᠠᠷᠢᠶᠠᠯᠠᠩ ᠤ᠋ᠨ ᠤᠰᠤ ᠠᠷᠪᠢᠯᠠᠵᠤ ᠦᠷ᠎ᠡ ᠠᠰᠢᠭ ᠢ᠋ ᠨᠡᠮᠡᠭᠳᠡᠬᠦᠯᠬᠦ ᠠᠵᠢᠯ ᠤ᠋ᠨ ᠲᠤᠰᠬᠠᠢ ᠠᠩᠭᠢ ᠪᠠᠢᠭᠤᠯᠵᠤ᠂ ᠰᠢᠷᠢᠰ ᠠᠵᠢᠯᠯᠠᠭ᠎ᠠ ᠵᠢᠨ ᠲᠥᠰᠥᠯ ᠢ᠋ ᠨᠡᠢᠲᠡᠯᠡᠨ᠂ ᠬᠣᠲᠠ ᠬᠣᠰᠢᠭᠤ ᠳᠤᠭᠤᠷᠢᠭ ᠬᠣᠯᠪᠤᠭᠠᠯᠠᠨ ᠬᠥᠳᠡᠯᠦᠯᠴᠡᠭᠰᠡᠨ ᠡᠯ᠎ᠡ ᠰᠠᠯᠠᠭ᠎ᠠ ᠮᠥᠴᠢᠷ ᠬᠠᠮᠵᠢᠯᠴᠠᠭᠰᠠᠨ ᠠᠵᠢᠯ ᠤ᠋ᠨ ᠪᠠᠢᠷᠢᠰᠢᠯ ᠢ᠋ ᠪᠦᠷᠢᠯᠳᠦᠭᠦᠯᠪᠠ᠃ 2025 ᠤᠨ ᠳ᠋ᠤ ᠲᠠᠷᠢᠶᠠᠴᠢᠳ ᠤ᠋ᠨ ᠤᠰᠤ ᠠᠷᠪᠢᠯᠠᠬᠤ ᠵᠢ ᠬᠥᠲᠥᠯᠥᠨ ᠵᠢᠯᠤᠭᠣᠳᠬᠤ ᠵᠢᠨ ᠲᠥᠯᠥᠭᠡ᠂ 100 ᠲᠦᠮᠡᠨ ᠲᠥᠭᠥᠷᠢᠭ ᠤ᠋ᠨ ᠳᠤᠰᠬᠠᠢ ᠪᠡᠯᠡ ᠮᠦᠩᠬᠦ ᠲᠣᠬᠢᠷᠠᠭᠤᠯᠵᠤ᠂ ᠬᠠᠲᠤᠨ ᠭᠣᠣᠯ ᠤ᠋ᠨ ᠤᠰᠤ ᠵᠢ ᠰᠢᠭᠤᠳ ᠱᠦᠭᠦᠵᠦ ᠳᠤᠰᠤᠯᠭᠠᠨ ᠤᠰᠤᠯᠠᠬᠤ ᠲᠥᠬᠦᠭᠡᠷᠦᠮᠵᠢ ᠵᠢ ᠬᠡᠷᠡᠭᠯᠡᠬᠦ ᠳ᠋ᠤ ᠨᠥᠬᠥᠪᠦᠷᠢ ᠤᠯᠭᠤᠨ᠂ ᠤᠯᠠᠨ ᠲᠦᠮᠡᠨ ᠤ᠋ ᠰᠠᠢᠨ ᠳᠤᠷ᠎ᠠ ᠡᠴᠡ ᠪᠡᠨ ᠤᠰᠤ ᠠᠷᠪᠢᠯᠠᠬᠤ ᠳᠦᠬᠦᠭᠡᠷᠦᠮᠵᠢ ᠬᠡᠷᠡᠭᠯᠡᠬᠦ ᠵᠢ ᠵᠤᠷᠢᠭᠵᠢᠭᠤᠯᠪᠠ᠃ ᠤᠷᠳᠤᠰ ᠬᠤᠳᠠ ᠪᠠᠰᠠ ᠬᠠᠲᠤᠨ ᠭᠣᠣᠯ ᠤ᠋ᠨ ᠳᠤᠨᠤᠮᠠᠯ ᠡᠯᠡᠰᠦ ᠶᠡᠬᠡ ᠂ ᠳᠤᠰᠤᠯᠭᠠᠨ ᠤᠰᠤᠯᠠᠬᠤ ᠳ᠋ᠤ ᠠᠮᠠᠷᠬᠠᠨ ᠪᠥᠭᠯᠡᠷᠡᠬᠦ ᠠᠰᠠᠭᠤᠳᠠᠯ ᠳ᠋ᠤ ᠴᠢᠭᠯᠡᠭᠦᠯᠦᠨ᠂ ᠰᠦᠯᠢᠶᠤᠤ ᠪᠦᠷᠬᠦᠪᠴᠢ ᠶ᠋ᠢᠨ ᠳᠣᠣᠷ᠎ᠠ ᠳᠤᠰᠤᠯᠭᠠᠨ ᠤᠰᠤᠯᠠᠬᠤ᠂ ᠥᠨᠳᠥᠷ ᠳᠠᠷᠢᠶᠠᠨ ᠳᠠᠯᠠᠩ ᠵᠠᠰᠠᠨ ᠳᠤᠰᠤᠯᠭᠠᠨ ᠤᠰᠤᠯᠠᠬᠤ ᠵᠡᠷᠭᠡ ᠵᠠᠭᠪᠤᠷ ᠢ᠋ ᠳᠡᠯᠭᠡᠷᠡᠭᠦᠯᠦᠨ ᠬᠡᠷᠡᠭᠯᠡᠵᠦ᠂ ᠬᠤᠳᠳᠤᠭ ᠤ᠋ᠨ ᠤᠰᠤ ᠪᠠ ᠬᠠᠳᠤᠨ ᠭᠤᠤᠯ ᠤ᠋ᠨ ᠤᠰᠤ ᠵᠢ ᠵᠡᠷᠭᠡ ᠳ᠋ᠤᠨᠢ ᠠᠰᠢᠭᠯᠠᠨ᠂ ᠬᠠᠲᠤᠨ ᠭᠣᠣᠯ ᠤ᠋ᠨ ᠤᠰᠤ ᠵᠢ ᠰᠢᠭᠤᠳ ᠱᠦᠭᠦᠵᠦ ᠳᠤᠰᠤᠯᠭᠠᠨ ᠤᠰᠤᠯᠠᠬᠤ ᠮᠡᠷᠭᠡᠵᠢᠯ ᠤ᠋ᠨ ᠰᠢᠨ᠎ᠡ ᠵᠢ ᠡᠭᠦᠳᠴᠦ᠂ ᠬᠠᠲᠤᠨ ᠭᠣᠣᠯ ᠤ᠋ᠨ ᠤᠰᠤ ᠵᠢ ᠥᠨᠳᠥᠷ ᠪᠦᠲᠦᠮᠵᠢᠲᠡᠢ ᠠᠰᠢᠭᠯᠠᠬᠤ ᠵᠢ ᠪᠠᠲᠤᠯᠠᠪᠠ᠃ ᠡᠭᠦᠨ ᠤ᠋ ᠬᠠᠮᠳᠤ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ ᠂ ᠣᠶᠤᠨᠴᠢ ᠪᠠᠷ ᠬᠠᠮᠢᠶᠠᠷᠤᠨ ᠡᠵᠡᠮᠳᠡᠬᠦ ᠪᠠ ᠬᠦᠩᠬᠡᠨ ᠱᠦᠬᠦᠬᠦ ᠳᠤᠰᠤᠯᠭᠠᠨ ᠤᠰᠤᠯᠠᠬᠤ ᠳᠦᠬᠦᠭᠡᠷᠦᠮᠵᠢ ᠵᠢ ᠰᠤᠳᠤᠯᠤᠨ ᠦᠢᠯᠡᠳᠴᠦ᠂ ᠤᠰᠤ ᠠᠷᠪᠢᠯᠠᠬᠤ ᠮᠦᠷᠳᠡᠭᠡᠨ ᠥᠨᠳᠥᠷ ᠤᠨᠠᠯᠲᠠ ᠲᠠᠢ ᠲᠠᠷᠢᠮᠠᠯ ᠤ᠋ᠨ ᠡᠬᠦᠯᠳᠡᠷ ᠢ᠋ ᠰᠤᠩᠭᠤᠨ ᠳᠠᠷᠢᠵᠤ᠂ ᠪᠥᠬᠥ ᠣᠷᠣᠨ ᠤ᠋ ᠠᠩᠬᠠᠳᠠᠭ᠍ᠴᠢ ᠬᠠᠲᠤᠨ ᠭᠣᠣᠯ ᠤ᠋ᠨ ᠤᠰᠤᠯᠠᠯᠲᠠ ᠵᠢᠨ ᠣᠷᠣᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠪᠠᠷᠢᠮᠵᠢᠶ᠎ᠠ ᠵᠢᠨ ᠰᠢᠰᠲᠧᠮ ᠢ᠋ ᠪᠠᠢᠭᠤᠯᠤᠨ᠂ ᠳᠠᠷᠢᠶᠠᠯᠠᠩ ᠤ᠋ᠨ ᠤᠰᠤ ᠠᠷᠪᠢᠯᠠᠬᠤ ᠵᠢ ᠪᠠᠷᠢᠮᠵᠢᠶ᠎ᠠ ᠲᠠᠢ᠂ ᠮᠡᠷᠭᠡᠵᠢᠯ ᠲᠠᠢ᠂ ᠬᠡᠷᠡᠭᠵᠢᠬᠦᠯᠬᠦ ᠳ᠋ᠤ ᠲᠥᠬᠥᠮ ᠪᠣᠯᠭᠠᠭᠰᠠᠨ ᠪᠠᠢᠨ᠎ᠠ᠃

ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠦᠪᠵᠢᠭᠦᠯᠭᠡ ᠡᠴᠡ ᠨᠠᠭᠠᠰᠢ᠂ ᠤᠷᠳᠤᠰ ᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ 355 ᠲᠦᠮᠡᠨ ᠮᠦ᠍ ᠪᠠᠢᠭᠤᠯᠵᠤ᠂ ᠤᠰᠤ ᠪᠣᠷᠳᠣᠭᠤᠷ ᠢ᠋ ᠨᠢᠭᠡ ᠴᠣᠭᠴᠠᠵᠢᠭᠤᠯᠬᠤ ᠪᠠᠷ ᠭᠣᠣᠯ ᠪᠣᠯᠭᠠᠭᠰᠠᠨ ᠤᠰᠤ ᠠᠷᠪᠢᠯᠠᠬᠤ ᠤᠰᠤᠯᠠᠯᠲᠠ ᠵᠢᠨ ᠳᠠᠷᠢᠮᠠᠯ ᠤ᠋ᠨ ᠲᠠᠯᠠᠪᠠᠢ ᠵᠢ 405.23 ᠲᠦᠮᠡᠨ ᠮᠦ᠍ ᠳᠡᠯᠭᠡᠷᠡᠭᠦᠯᠦᠨ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢᠨ ᠳᠠᠷᠢᠮᠠᠯ ᠤ᠋ᠨ ᠲᠠᠯᠠᠪᠠᠢ ᠵᠢ 432.08 ᠲᠦᠮᠡᠨ ᠮᠦ᠍ ᠳ᠋ᠤ ᠬᠦᠷᠭᠡᠵᠦ᠂ ᠲᠠᠷᠢᠶᠠᠨ ᠭᠠᠵᠠᠷ ᠤ᠋ᠨ ᠤᠰᠤᠯᠠᠯᠲᠠ ᠵᠢᠨ ᠤᠰᠤᠨ ᠠᠰᠢᠭ᠍ᠯᠠᠯᠲᠠ ᠵᠢᠨ ᠢᠯᠡᠳᠬᠡᠮᠵᠢ ᠶ᠋ᠢᠨ ᠳᠤᠭ᠎ᠠ ᠵᠢ  0.6304 ᠳ᠋ᠤ ᠬᠦᠷᠭᠡᠨ᠂ ᠪᠥᠬᠥ ᠣᠷᠣᠨ ᠪᠠ ᠪᠥᠬᠥ ᠤᠯᠤᠰ ᠤ᠋ᠨ ᠳᠤᠮᠳᠠᠴᠢ ᠲᠦᠪᠰᠢᠨ ᠡᠴᠡ ᠦᠷᠭᠦᠯᠵᠢᠯᠡᠨ ᠥᠨᠳᠥᠷ ᠪᠠᠢᠵᠤ᠂ ᠤᠰᠤ ᠠᠷᠪᠢᠯᠠᠬᠤ ᠪᠠ ᠠᠮᠤ ᠪᠤᠳᠠᠭᠠᠨ ᠤ᠋ ᠤᠨᠠᠯᠳᠠ ᠶ᠋ᠢᠨ ᠨᠡᠮᠡᠭᠳᠡᠯ ᠤ᠋ᠨ ᠦᠷ᠎ᠡ ᠪᠦᠲᠦᠮᠵᠢ ᠵᠢ ᠵᠡᠷᠭᠡ ᠪᠡᠷ ᠲᠡᠭᠡᠭᠰᠢᠯᠡᠬᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号