5 ᠵᠢᠯ᠎ᠦᠨ ᠲᠤᠷᠰᠢ ᠬᠥᠬᠡᠬᠣᠲᠠ᠎ᠶ᠋ᠢᠨ ᠡᠮᠡᠭ᠌ᠲᠡᠢᠴᠦᠳ ᠬᠡᠦᠬᠡᠳ᠎ᠦᠨ ᠦᠢᠯᠡᠰ ᠪᠦᠬᠦ᠌ ᠲᠠᠯ᠎ᠠ᠎ᠪᠠᠷ ᠠᠬᠢᠪᠠ
2026-05-19 10:41:07
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠤᠷᠴᠢᠮᠬᠠᠨ ᠬᠥᠬᠡᠬᠣᠲᠠ ᠎ᠶ᠋ᠢᠨ ᠡᠮᠡᠭ᠌ᠲᠡᠢᠴᠦᠳ ᠎ᠦᠨ ᠠᠷᠪᠠᠨ ᠭᠤᠷᠪᠠᠳᠤᠭᠠᠷ ᠤᠳᠠᠭ᠎ᠠ ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠣᠢᠯᠠᠭᠠᠭ᠍ᠰᠠᠨ᠎ᠢᠶᠠᠷ᠂ 2021 — 2025 ᠣᠨ ᠪᠣᠯᠲᠠᠯ᠎ᠠ᠂ ᠬᠥᠬᠡᠬᠣᠲᠠ᠎ᠶ᠋ᠢᠨ ᠡᠮᠡᠭ᠌ᠲᠡᠢᠴᠦᠳ ᠬᠡᠦᠬᠡᠳ᠎ᠦᠨ ᠦᠶ᠋ᠯᠡᠰ ᠪᠥᠬᠥ᠌ ᠲᠠᠯ᠎ᠠ᠎ᠪᠠᠷ ᠠᠬᠢᠵᠤ᠂ 《ᠲᠥᠷᠥ᠎ᠶ᠋ᠢᠨ ᠬᠠᠭᠠᠰ ᠲᠤᠯᠭᠠᠭᠤᠷᠢ》 ᠶ᠋ᠢᠨ ᠦᠢᠯᠡᠳᠦᠯ ᠡᠯ᠎ᠡ ᠬᠦᠷᠢᠶᠡᠨ᠎ᠳᠦ ᠭᠦᠶ᠋ᠴᠡᠳ ᠢᠯᠡᠷᠡᠪᠡ᠃

ᠡᠮᠡᠭ᠌ᠲᠡᠢᠴᠦᠳ ᠬᠡᠦᠭᠡᠳ᠎ᠤᠨ ᠡᠷᠡᠭᠦᠯ ᠮᠡᠨᠳᠦ᠍᠎ᠶ᠋ᠢᠨ ᠲᠠᠯ᠎ᠠ᠎ᠪᠠᠷ᠂ ᠡᠮᠡᠭ᠌ᠲᠡᠢᠴᠦᠳ᠎ᠦᠨ ᠬᠥᠮᠦᠨ ᠳᠤᠮᠳᠠᠴᠢ ᠎ᠶ᠋ᠢᠨ ᠵᠢᠱ᠌ᠢᠭ᠌ᠰᠡᠨ ᠨᠠᠰᠤᠨ ᠬᠤᠲᠤᠭ 78.85 ᠨᠠᠰᠤ᠎ᠶ᠋ᠢ ᠳᠠᠪᠠᠵᠤ᠂ ᠵᠢᠷᠮᠦᠰᠦᠨ ᠡᠮᠡᠭ᠌ᠲᠡᠶ᠎ᠶ᠋ᠢᠨ ᠦᠬᠦᠯᠲᠡ᠎ᠶ᠋ᠢᠨ ᠨᠤᠷᠮ᠎ᠠ 11.18 / 10 ᠲᠦᠮᠡ ᠪᠣᠯᠤᠨ ᠪᠠᠭᠤᠷᠠᠵᠤ᠂ 3 ᠨᠠᠰᠤᠨ᠎ᠠᠴᠠ ᠳᠣᠷᠣᠭ᠍ᠰᠢᠬᠢ ᠨᠢᠯᠬ᠎ᠠ ᠬᠡᠦᠬᠡᠳ᠎ᠦᠨ ᠣᠷᠣ᠎ᠶ᠋ᠢᠨ ᠲᠣᠭ᠎ᠠ ᠮᠢᠩᠭᠠᠨ ᠬᠥᠮᠦᠨ ᠠᠮᠠ ᠪᠦᠷᠢ ᠎ᠳᠦ   4.72 ᠪᠣᠯᠤᠨ ᠨᠡᠮᠡᠭ᠌ᠳᠡᠪᠡ᠃ ᠡᠮᠡᠭ᠌ᠲᠡᠢᠴᠦᠳ᠎ᠦᠨ 《ᠬᠣᠶᠠᠷ ᠥᠮᠡᠨ》 ᠤ᠋ ᠱᠢᠭ᠌ᠰᠢᠨ ᠪᠠᠢᠴᠠᠭᠠᠯᠲᠠ᠂ 《ᠠᠢᠽ ᠡᠪᠡᠳᠴᠢᠨ ᠲᠠᠮᠪᠤᠤ ᠶᠠᠷ᠎ᠠ ᠡᠯᠢᠭᠡᠨ᠎ᠤ ᠬᠦᠬᠡᠭᠴᠢᠨ ᠦᠷᠪᠢᠰᠦᠯ》 ᠵᠡᠷᠭᠡ ᠵᠢᠨ ᠡᠬᠡ ᠨᠢᠯᠬᠠᠰ᠎ᠤᠨ ᠲᠠᠰᠤᠯᠳᠠᠯ᠂ ᠬᠡᠦᠬᠡᠳ᠎ᠦᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠂ ᠤᠷᠤᠭ᠍ᠯᠠᠬᠤ᠎ᠠᠴᠠ ᠡᠮᠦᠨᠡᠬᠢ ᠡᠷᠡᠬᠦᠯ᠎ᠤᠨ ᠪᠠᠢᠴᠠᠭᠠᠯᠳᠠ ᠵᠢᠴᠢ ᠵᠢᠷᠮᠦᠰᠦᠯᠡᠬᠦ᠌᠎ᠡᠴᠡ ᠡᠮᠦᠨᠡᠬᠢ ᠴᠢᠭᠢᠷᠠᠭ ᠬᠡᠦᠭᠡᠳ ᠲᠦᠷᠦᠭᠦ ᠪᠠᠢᠴᠠᠭᠠᠯᠲᠠ ᠵᠡᠷᠭᠡ ᠠᠵᠢᠯ ᠢᠯᠡᠳᠲᠡ ᠦᠷ᠎ᠡ ᠪᠦᠲᠦᠮᠵᠢ ᠤᠯᠪᠠ᠃

ᠡᠮᠡᠭ᠌ᠲᠡᠢᠴᠦᠳ ᠬᠡᠦᠭᠡᠳ᠎ᠤᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠬᠥᠬᠡᠬᠣᠲᠠ᠎ᠶ᠋ᠢᠨ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶ᠋ᠢᠨ ᠨᠣᠷᠮ᠎ᠠ 92.71% ᠎ᠳ᠋ᠤ ᠬᠦᠷᠴᠦ᠍᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠴᠡᠴᠡᠷᠯᠢᠭ᠎ᠲᠦ ᠤᠷᠤᠭ᠍ᠰᠠᠨ ᠪᠥᠬᠥ᠌ ᠨᠣᠷᠮ᠎ᠠ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ ᠎ᠶ᠋ᠢᠨ ᠨᠠᠰᠤᠨ᠎ᠤ ᠬᠡᠦᠬᠡᠳ᠎ᠦᠨ ᠰᠤᠷᠭᠠᠭᠤᠯᠢ᠎ᠳᠤ ᠤᠷᠤᠭ᠍ᠰᠠᠨ ᠴᠡᠪᠡᠷ ᠨᠣᠷᠮ᠎ᠠ᠂ ᠶᠢᠰᠦᠨ ᠵᠢᠯ ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭ᠌ᠰᠡᠨ ᠨᠣᠷᠮ᠎ᠠ ᠴᠥᠮ 100% ᠎ᠳ᠋ᠤ ᠬᠦᠷᠴᠡᠶ᠃ ᠪᠦᠬᠦ᠌ ᠬᠣᠲᠠ᠎ᠶ᠋ᠢᠨ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠱᠢᠰᠲ᠋ᠧᠮ᠎ᠢᠶᠡᠷ᠎ᠢᠶᠡᠨ ᠰᠤᠷᠭᠠᠭᠤᠯᠢ ᠳᠠᠪᠱᠢᠭ᠍ᠰᠠᠨ ᠨᠣᠷᠮ᠎ᠠ 86.5%᠎ᠳ᠋ᠦ ᠬᠦᠷᠴᠦ᠍᠂ 38 ᠲᠤᠰᠭᠠᠢ ᠮᠡᠷᠭᠡᠵᠢᠯ᠎ᠦᠨ ᠪᠠᠢᠷᠢᠯᠠᠭᠤᠯᠤᠯᠲᠠ᠎ᠶ᠋ᠢ ᠬᠥᠳᠡᠯᠦᠩᠭᠦᠢ ᠲᠣᠬᠢᠷᠠᠭᠤᠯᠵᠤ᠂ 《ᠵᠢᠷᠭᠤᠭᠠᠨ ᠶᠡᠬᠡ ᠠᠵᠤ ᠦᠢᠯᠡᠰ᠎ᠦᠨ ᠰᠦᠷᠦᠭ᠌ᠵᠢᠯ》 ᠢ᠋ ᠵᠣᠯᠭᠠᠭᠤᠯᠬᠤ ᠲᠤᠰᠭᠠᠢ ᠮᠡᠷᠭᠡᠵᠢᠯ᠎ᠦᠨ ᠡᠵᠡᠯᠡᠬᠦ᠌ ᠬᠠᠷᠢᠴᠠᠯ 43% ᠎ᠳ᠋ᠦ ᠬᠦᠷᠴᠡᠢ᠃

ᠡᠮᠡᠭ᠌ᠲᠡᠢᠴᠦᠳ ᠎ᠤᠨ  ᠠᠵᠤ ᠠᠬᠤᠶ ᠎ᠶ᠋ᠢᠨ ᠲᠠᠯ᠎ᠠ᠎ᠪᠠᠷ᠂ ᠡᠮᠡᠭ᠌ᠲᠡᠶ ᠠᠵᠢᠯᠲᠠᠨ ᠠᠵᠢᠯᠴᠢᠨ᠎ᠤ ᠰᠠᠷ᠎ᠠ᠎ᠶ᠋ᠢᠨ ᠭᠬᠢᠷ ᠎ᠦᠨ ᠬᠤᠭᠤᠴᠠᠭ᠎ᠠ᠂ ᠵᠢᠷᠮᠦᠰᠦᠨ ᠬᠤᠭᠤᠴᠠᠭ᠎ᠠ᠂ ᠬᠥᠩᠭᠡᠵᠢᠬᠦ᠌ ᠬᠤᠭᠤᠴᠠᠭ᠎ᠠ᠂ ᠬᠥᠬᠥᠭᠦᠯᠬᠦ᠌ ᠬᠤᠭᠤᠴᠠᠭᠠᠨ ᠎ᠤ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠡᠮᠡᠭ᠌ᠲᠡᠶ ᠠᠵᠢᠯᠲᠠᠨ ᠠᠵᠢᠯᠴᠢᠨ ᠎ᠤ ᠠᠵᠢᠯ ᠮᠡᠷᠭᠡᠵᠢᠯ᠎ᠦᠨ ᠡᠷᠡᠭᠦᠯ ᠮᠡᠨᠳᠦ᠍᠎ᠶ᠋ᠢᠨ ᠬᠡᠪ ᠪᠣᠯᠪᠠᠰᠤᠷᠠᠯ᠎ᠤᠨ ᠬᠢᠷᠢ ᠲᠦᠪᠱᠢᠨ 87.45% ᠎ᠳ᠋ᠤ ᠬᠦᠷᠴᠦ᠍᠂ 2022 ᠣᠨ᠎ᠤ᠎ᠬᠢ᠎ᠡᠴᠡ 54.98% ᠎ᠪᠠᠷ ᠨᠡᠮᠡᠭ᠌ᠳᠡᠪᠡ᠃

ᠡᠮᠡᠭ᠌ᠲᠡᠢᠴᠦᠳ᠎ᠦᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠪᠠ ᠬᠠᠮᠢᠶᠠᠷᠤᠯᠲᠠ᠎ᠳᠤ ᠣᠷᠣᠯᠴᠠᠬᠤ ᠲᠠᠯ᠎ᠠ᠎ᠪᠠᠷ᠂ ᠡᠮᠡᠭ᠌ᠲᠡᠶ ᠺᠠᠳ᠋ᠷ᠎ᠢ ᠬᠥᠮᠦᠵᠢᠭᠦᠯᠵᠦ᠍ ᠰᠣᠩᠭᠣᠨ ᠳᠡᠪᠱᠢᠭᠦᠯᠬᠦ᠌ ᠠᠵᠢᠯ᠎ᠢ ᠤᠯᠠᠮ ᠨᠢᠭᠡ ᠠᠯᠬᠤᠮ ᠴᠢᠩᠭᠠᠳᠭᠠᠵᠤ᠂ ᠬᠣᠲᠠ᠂ ᠱᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ᠎ᠦᠨ ᠤᠳᠤᠷᠢᠳᠭᠤ ᠪᠠᠭ᠎ᠤᠨ ᠵᠢᠩᠬᠢᠨᠢ ᠲᠤᠱᠢᠶᠠᠯ᠎ᠲᠠᠶ ᠡᠮᠡᠭ᠌ᠲᠡᠶ ᠺᠠᠳ᠋ᠷ᠎ᠢ ᠲᠣᠬᠢᠷᠠᠭᠤᠯᠤᠭ᠍ᠰᠠᠨ ᠬᠠᠷᠢᠴᠠᠯ᠎ᠢ 2021 ᠣᠨ᠎ᠤ᠎ᠬᠢ᠎ᠡᠴᠡ ᠲᠣᠰ ᠲᠣᠰ 18.43% ᠪᠠ 16.81% ᠎ᠪᠠᠷ ᠳᠡᠭᠡᠭ᠌ᠰᠢᠯᠡᠭᠦᠯᠪᠡ᠃ ᠡᠮᠡᠭ᠌ᠲᠡᠢᠴᠦᠳ᠎ᠦᠨ ᠠᠵᠤ ᠠᠬᠤᠢᠯᠠᠯ᠎ᠤᠨ ᠬᠠᠮᠢᠶᠠᠷᠤᠯᠲᠠ᠎ᠳᠤ ᠣᠷᠣᠯᠴᠠᠬᠤ ᠬᠠᠷᠢᠴᠠᠯ ᠦᠷᠭᠦᠯᠵᠢᠯᠡᠨ ᠳᠡᠭᠡᠭ᠌ᠰᠢᠯᠡᠵᠦ᠍᠂ ᠠᠵᠤ ᠠᠬᠤᠢᠯᠠᠯ᠎ᠤᠨ ᠠᠵᠢᠯᠲᠠᠨ ᠠᠵᠢᠯᠴᠢᠨ ᠎ᠤ ᠲᠥᠯᠥᠭᠡᠯᠡᠭ᠌ᠴᠢᠳ᠎ᠦᠨ ᠶᠡᠬᠡ ᠬᠤᠷᠠᠯ᠎ᠳᠠᠬᠢ ᠡᠮᠡᠭ᠌ᠲᠡᠢᠴᠦᠳ᠎ᠦᠨ ᠬᠠᠷᠢᠴᠠᠯ 2021 ᠣᠨ᠎ᠤ᠎ᠬᠢ᠎ᠡᠴᠡ 8% ᠎ᠪᠠᠷ ᠳᠡᠭᠡᠭ᠌ᠰᠢᠯᠡᠪᠡ᠃

ᠡᠮᠡᠭ᠌ᠲᠡᠢᠴᠦᠳ᠎ᠤᠨ ᠨᠡᠢᠭᠡᠮ᠎ᠦᠨ ᠪᠠᠲᠤᠯᠠᠭ᠎ᠠ᠎ᠶ᠋ᠢᠨ ᠲᠠᠯ᠎ᠠ᠎ᠪᠠᠷ᠂ ᠡᠮᠡᠭ᠌ᠲᠡᠢᠴᠦᠳ᠎ᠦᠨ ᠦᠨᠳᠦᠰᠦᠨ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠳᠤ ᠣᠷᠣᠯᠴᠠᠬᠤ ᠡᠷᠬᠡ ᠠᠱᠢᠭ ᠦᠷᠭᠦᠯᠵᠢᠯᠡᠨ ᠪᠡᠬᠢᠵᠢᠵᠦ᠍᠂ ᠦᠷᠡᠵᠢᠯ᠂ ᠠᠵᠢᠯ ᠠᠯᠳᠠᠯᠲᠠ ᠪᠠ ᠠᠵᠢᠯ᠎ᠠᠴᠠ ᠪᠣᠯᠤᠭ᠍ᠰᠠᠨ ᠭᠡᠮᠲᠦᠯ᠎ᠦᠨ ᠳᠠᠭᠠᠳᠭᠠᠯ᠎ᠳᠤ ᠣᠷᠣᠯᠴᠠᠬᠤ ᠬᠥᠮᠦᠨ᠎ᠦ ᠲᠣᠭ᠎ᠠ ᠦᠷᠭᠦᠯᠵᠢᠯᠡᠨ ᠨᠡᠮᠡᠭ᠌ᠳᠡᠪᠡ᠃ ᠶᠠᠳᠠᠭᠤ ᠬᠦᠴᠢᠷᠳᠡᠯᠲᠡᠶ ᠡᠮᠡᠭ᠌ᠲᠡᠢᠴᠦᠳ᠎ᠦᠨ ᠦᠨᠳᠦᠰᠦᠨ ᠠᠮᠢᠳᠤᠷᠠᠯ᠎ᠢ ᠦᠨᠡᠨ᠎ᠬᠦ  ᠪᠠᠲᠤᠯᠠᠵᠤ᠂ 2025 ᠣᠨ ᠪᠣᠯᠲᠠᠯ᠎ᠠ ᠬᠥᠬᠡᠬᠣᠲᠠ᠎ᠶ᠋ᠢᠨ ᠬᠣᠲᠠ ᠪᠠᠯᠭᠠᠰᠤᠨ ᠎ᠤ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠵᠦ᠍ ᠪᠠᠢᠭ᠎ᠠ ᠡᠮᠡᠭ᠌ᠲᠡᠢᠴᠦᠳ 5201 ᠪᠣᠯᠵᠣ᠂ 5.23% ᠎ᠶ᠋ᠢ ᠡᠵᠡᠯᠡᠪᠡ᠃

ᠡᠮᠡᠭ᠌ᠲᠡᠢᠴᠦᠳ ᠬᠢᠭᠡᠳ ᠣᠷᠴᠢᠨ ᠲᠣᠭᠣᠷᠢᠨ᠎ᠤ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠲᠦᠭᠡᠭᠡᠯ ᠤᠰᠤᠨ ᠎ᠤ ᠲᠦᠭᠡᠮᠡᠯᠵᠢᠭ᠌ᠰᠡᠨ ᠨᠣᠷᠮ᠎ᠠ 98.4% ᠳ᠋ᠦ ᠬᠦᠷᠴᠤ᠂ ᠠᠷᠢᠭᠤᠨ ᠴᠡᠪᠡᠷ ᠵᠣᠷᠯᠣᠩ ᠎ᠤᠨ ᠲᠦᠭᠡᠮᠡᠯᠵᠢᠭ᠌ᠰᠡᠨ ᠨᠣᠷᠮ᠎ᠠ 88% ᠪᠠᠢᠵᠤ᠂ ᠴᠥᠮ ᠥᠪᠡᠷᠲᠡᠭᠡᠨ ᠵᠠᠰᠠᠬᠤ ᠣᠷᠣᠨ ᠎ᠤ ᠳᠤᠮᠳᠠᠴᠢ ᠬᠢᠷᠢ ᠬᠡᠮᠵᠢᠶ᠎ᠡ᠎ᠡᠴᠡ ᠥᠨᠳᠥᠷ ᠪᠣᠯᠪᠠ᠃

ᠬᠡᠦᠬᠡᠳ ᠲᠸ᠋ ᠨᠥᠬᠥᠷᠰᠡᠭ  ᠪᠠᠢᠬᠤ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠂ 2023 ᠣᠨ᠎ᠤ 4 ᠰᠠᠷ᠎ᠠ᠎ᠳᠤ ᠬᠥᠬᠡᠬᠣᠲᠠ ᠵᠢᠨ ᠬᠢᠨ ᠤᠯᠤᠰ᠎ᠤᠨ ᠬᠡᠦᠬᠡᠳ ᠲᠸ᠋  ᠨᠥᠬᠥᠷᠰᠡᠭ ᠪᠠᠢᠬᠤ ᠬᠣᠲᠠ᠎ᠶ᠋ᠢ ᠪᠥᠲᠥᠭᠡᠨ ᠪᠠᠢᠭᠤᠯᠬᠤ ᠬᠣᠶᠠᠳᠤᠭᠠᠷ ᠪᠦᠯᠦᠭ᠎ᠦᠨ ᠨᠡᠷᠡᠰ᠎ᠲᠦ ᠰᠣᠩᠭᠣᠭ᠍ᠳᠠᠭ᠍ᠰᠠᠨ ᠎ᠠᠴᠠ ᠨᠠᠭᠠᠰᠢ᠂ ᠬᠡᠦᠬᠡᠳ ᠲᠸ᠋ ᠨᠥᠬᠥᠷᠰᠡᠭ  ᠪᠠᠢᠬᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠨᠡᠢᠭᠡᠮ᠎ᠦᠨ ᠲᠥᠷᠥ᠎ᠶ᠋ᠢᠨ ᠪᠣᠳᠣᠯᠭ᠎ᠠ ᠵᠢᠨ ᠨᠥᠬᠥᠷᠰᠡᠭ ᠪᠠᠢᠬᠤ᠂ ᠣᠯᠠᠨ ᠨᠡᠢᠲᠡ᠎ᠶ᠋ᠢᠨ ᠦᠶ᠋ᠯᠡᠴᠢᠯᠡᠭᠡ ᠨᠥᠬᠥᠷᠰᠡᠭ ᠪᠠᠢᠬᠤ᠂ ᠡᠷᠬᠡ ᠠᠰᠢᠭ᠎ᠤᠨ ᠪᠠᠳᠤᠯᠠᠭ᠎ᠠ ᠨᠥᠬᠥᠷᠰᠡᠭ ᠪᠠᠢᠬᠤ᠂ ᠦᠰᠦᠨ ᠪᠣᠢᠵᠢᠬᠤ ᠣᠷᠣᠨ ᠵᠠᠶ ᠨᠥᠬᠥᠷᠰᠡᠭ ᠪᠠᠢᠬᠤ᠂ ᠬᠥᠭ᠌ᠵᠢᠯᠲᠡ᠎ᠶ᠋ᠢᠨ ᠣᠷᠴᠢᠨ ᠲᠣᠭᠣᠷᠢᠨ ᠨᠥᠬᠥᠷᠰᠡᠭ ᠪᠠᠢᠬᠤ ᠵᠡᠷᠭᠡ 5 ᠲᠠᠯ᠎ᠠ᠎ᠪᠠᠷ 27 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠌᠂ ᠡᠯ᠎ᠡ ᠵᠦᠶ᠋ᠯ ᠎ᠦᠨ ᠠᠵᠢᠯ ᠢᠳᠡᠪᠬᠢᠲᠡᠶ ᠠᠬᠢᠴᠠ᠎ᠲᠠᠶ ᠪᠣᠯᠵᠣ᠂ ᠨᠡᠢᠭᠡᠮ ᠳᠠᠶᠠᠭᠠᠷ᠎ᠢᠶᠠᠨ ᠬᠡᠦᠬᠡᠳ ᠎ᠢ ᠬᠠᠯᠠᠮᠵᠢᠯᠠᠨ ᠬᠠᠢᠷᠠᠯᠠᠬᠤ᠂ ᠬᠡᠦᠬᠡᠳ ᠲᠸ᠋ ᠨᠥᠬᠥᠷᠰᠡᠭ ᠪᠠᠢᠬᠤ ᠬᠣᠲᠠ᠎ᠶ᠋ᠢ ᠬᠠᠮᠲᠤ᠎ᠪᠠᠷ ᠪᠠᠢᠭᠤᠯᠬᠤ ᠠᠭᠤᠷ ᠠᠮᠢᠰᠭᠤᠯ ᠡᠳᠦᠷ ᠢᠷᠡᠬᠦᠶ᠎ᠡ ᠥᠳᠭᠡᠨ ᠵᠤᠵᠠᠭᠠᠨ ᠪᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号