ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠦ ᠪᠣᠬᠢᠷᠲᠤᠯ ᠦᠭᠡᠢ ᠬᠥᠭᠵᠢᠯᠳᠠ ᠵᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠶ᠎ᠠ
2026-05-19 16:23:56
ᠵᠣᠬᠢᠶᠠᠭ᠍ᠴᠢ᠄
ᠶᠧ ᠬᠣᠩ ᠶᠦᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠣᠬᠢᠷᠲᠤᠯ ᠦᠭᠡᠢ ᠪᠠ ᠦᠷᠭᠦᠯᠵᠢᠯᠡᠬᠦ ᠬᠥᠭᠵᠢᠯᠲᠡ᠎ᠶᠢᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠵᠦ᠂ ᠳᠤᠮᠳᠠᠳᠤ ᠤᠯᠤᠰ ᠨᠤᠮᠢᠨ ᠣᠰᠣ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠥᠨ ᠭᠡᠬᠦ ᠣᠢᠯᠠᠭᠠᠭᠳᠠᠬᠤᠨ᠎ᠢ ᠪᠠᠷᠢᠮᠲᠠᠯᠠᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠪᠥᠬᠥ ᠪᠥᠮᠪᠥᠷᠴᠡᠭ᠎ᠦᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠣᠷᠣᠯᠴᠠᠭ᠍ᠴᠢ᠂ ᠬᠤᠪᠢ ᠨᠡᠮᠡᠷᠢ ᠦᠵᠡᠭᠦᠯᠦᠭᠴᠢ᠂ ᠳᠠᠭᠠᠭᠤᠯᠤᠭ᠍ᠴᠢ ᠪᠣᠯᠣᠨ᠎ᠠ ᠬᠡᠵᠦ ᠵᠢᠭᠠᠵᠦ ᠭᠠᠷᠭᠠᠪᠠ᠃ ᠲᠤᠰ ᠤᠳᠠᠭ᠎ᠠ᠎ᠶᠢᠨ ᠪᠠᠶᠠᠷ᠎ᠤᠨ ᠵᠠᠬᠢᠳᠠᠯ ᠪᠣᠯ ᠮᠠᠨ᠎ᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠵᠠᠮ ᠎ᠤᠨ ᠦᠢᠯᠡᠳᠦᠯᠭᠡ᠎ᠶᠢᠨ ᠳ᠋ᠦᠩᠨᠡᠯᠲᠡ ᠪᠠ ᠦᠷ᠎ᠡ ᠪᠦᠲᠦᠭᠡᠯ᠎ᠦᠨ ᠬᠤᠪᠢᠶᠠᠯᠴᠠᠯ ᠪᠣᠯᠬᠤ ᠪᠥᠭᠡᠳ ᠪᠠᠰᠠ ᠪᠦᠬᠦ ᠪᠥᠮᠪᠥᠷᠴᠡᠭ᠎ᠦᠨ ᠣᠷᠴᠢᠨ ᠲᠣᠭᠣᠷᠢᠨ᠎ᠤ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠬᠦ᠎ᠳᠦ ᠳᠤᠮᠳᠠᠳᠤ ᠤᠯᠤᠰ᠎ᠤᠨ ᠤᠶᠤᠨ ᠤᠬᠠᠭᠠᠨ᠂ ᠳᠤᠮᠳᠠᠳᠤ ᠤᠯᠤᠰ᠎ᠤᠨ ᠲᠥᠰᠥᠯ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠨᠡᠮᠡᠷᠢᠯᠡᠭᠰᠡᠨ ᠪᠠᠢᠨ᠎ᠠ᠃

ᠮᠠᠨ᠎ᠤ ᠤᠯᠤᠰ ᠪᠣᠯ PM2.5 ᠶ᠋ᠢ ᠪᠦᠬᠦ ᠲᠠᠯ᠎ᠠ᠎ᠪᠠᠷ ᠵᠠᠰᠠᠭᠰᠠᠨ ᠳᠡᠯᠡᠬᠡᠢ ᠳᠡᠭᠡᠷᠡᠬᠢ ᠠᠩᠬᠠᠳᠠᠭ᠍ᠴᠢ ᠬᠥᠭᠵᠢᠵᠦ ᠪᠠᠢᠭ᠎ᠠ ᠤᠯᠤᠰ ᠪᠣᠯᠬᠤ ᠪᠥᠭᠡᠳ ᠪᠦᠬᠦ ᠪᠥᠮᠪᠥᠷᠴᠡᠭ᠎ᠦᠨ ᠠᠭᠠᠷ ᠮᠠᠨᠳᠠᠯ᠎ᠤᠨ ᠶᠠᠰᠤ ᠴᠢᠨᠠᠷ ᠬᠠᠮᠤᠭ᠎ᠤᠨ ᠲᠦᠷᠭᠡᠨ ᠰᠠᠢᠵᠢᠷᠠᠭᠰᠠᠨ ᠤᠯᠤᠰ ᠪᠣᠯᠣᠨ᠎ᠠ;ᠤᠳᠤᠬᠠᠨ᠎ᠠ ᠤᠢ ᠰᠢᠭᠤᠢ᠎ᠶᠢᠨ ᠪᠦᠷᠬᠦᠴᠡ᠎ᠶᠢᠨ ᠨᠤᠷᠮ᠎ᠠ 25%  ᠵᠢ ᠳᠠᠪᠠᠵᠤ᠂ ᠪᠦᠬᠦ ᠪᠥᠮᠪᠥᠷᠴᠡᠭ᠎ᠦᠨ ᠤᠢ ᠰᠢᠭᠤᠢ᠎ᠶᠢᠨ ᠡᠬᠢ ᠪᠠᠶᠠᠯᠢᠭ᠋᠎ᠤᠨ ᠨᠡᠮᠡᠭᠳᠡᠯ ᠬᠠᠮᠤᠭ᠎ᠤᠨ ᠤᠯᠠᠨ ᠬᠠᠮᠤᠭ᠎ᠤᠨ ᠲᠦᠷᠭᠡᠨ ᠪᠠ ᠬᠥᠮᠥᠨ᠎ᠦ ᠬᠦᠴᠦ᠎ᠪᠡᠷ ᠣᠢᠵᠢᠭᠤᠯᠤᠭᠰᠠᠨ ᠲᠠᠯᠠᠪᠠᠢ ᠬᠠᠮᠤᠭ᠎ᠤᠨ ᠶᠡᠬᠡ ᠤᠯᠤᠰ ᠪᠣᠯᠪᠠ;ᠪᠦᠬᠦ ᠪᠥᠮᠪᠥᠷᠴᠡᠭ ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ ᠪᠣᠯᠣᠨ ᠴᠡᠪᠡᠷ ᠴᠠᠬᠢᠯᠭᠠᠨ ᠭᠠᠷᠭᠠᠬᠤ ᠰᠢᠰᠲᠧᠮ᠎ᠢ ᠪᠠᠢᠭᠤᠯᠵᠤ᠂ ᠪᠦᠬᠦ ᠪᠥᠮᠪᠥᠷᠴᠡᠭ᠎ᠦᠨ ᠬᠠᠮᠤᠭ᠎ᠤᠨ ᠶᠡᠬᠡ ᠠᠷᠢᠭᠤᠨ ᠴᠡᠪᠡᠷ ᠮᠡᠷᠭᠡᠵᠢᠯ᠎ᠦᠨ ᠭᠠᠳᠠᠭᠠᠳᠤ ᠭᠠᠷᠭᠠᠯᠲᠠ᠎ᠶᠢᠨ ᠤᠯᠤᠰ ᠪᠣᠯᠪᠠ; ᠨᠤᠭᠤ ᠭᠠᠵᠠᠷ᠎ᠤᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠎ᠶᠢ ᠦᠷᠭᠦᠯᠵᠢᠯᠡᠨ ᠴᠢᠩᠭᠠᠳᠬᠠᠵᠤ᠂ ᠪᠦᠬᠦ ᠤᠯᠤᠰ᠎ᠤᠨ ᠨᠤᠭᠤ ᠭᠠᠵᠠᠷ᠎ᠤᠨ ᠲᠠᠯᠠᠪᠠᠢ ᠠᠽᠢᠶ᠎ᠠ ᠲᠢᠪ᠎ᠦᠨ ᠨᠢᠭᠡᠳᠦᠭᠡᠷ᠎ᠲᠦ ᠣᠷᠣᠵᠤ᠂ ᠳᠡᠯᠡᠬᠡᠢ᠎ᠶᠢᠨ ᠳᠥᠷᠪᠡᠳᠦᠭᠡᠷ᠎ᠲᠦ ᠤᠷᠤᠪᠠ ᠁ ᠮᠠᠨ᠎ᠤ ᠤᠯᠤᠰ᠎ᠤᠨ ᠣᠷᠴᠢᠨ ᠲᠣᠭᠣᠷᠢᠨ᠎ᠤ ᠵᠠᠰᠠᠯᠲᠠ᠎ᠶᠢᠨ ᠬᠦᠷᠢᠶᠡᠨ᠎ᠳᠦ ᠣᠯᠣᠭᠰᠠᠨ ᠠᠮᠵᠢᠯᠲᠠ ᠪᠦᠲᠦᠮᠵᠢ ᠳᠡᠯᠡᠬᠡᠢ ᠨᠡᠶ᠋ᠢᠲᠡ᠎ᠳᠦ ᠥᠷᠭᠡᠨ᠎ᠢᠶᠡᠷ ᠮᠡᠳᠡᠷᠡᠭᠳᠡᠪᠡ᠃

ᠮᠠᠨ᠎ᠤ ᠤᠯᠤᠰ ᠰᠢᠰᠲᠧᠮ᠎ᠦᠨ ᠦᠵᠡᠯᠲᠡ᠎ᠪᠡᠷ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠦᠵᠦ ᠲᠥᠯᠥᠪᠯᠡᠭᠡ ᠪᠠ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶᠢᠨ ᠡᠷᠴᠢᠮ᠎ᠢ ᠲᠠᠰᠤᠷᠠᠯᠲᠠ ᠦᠭᠡᠢ ᠴᠢᠩᠭᠠᠷᠠᠭᠤᠯᠵᠤ᠂ ᠵᠠᠰᠠᠯᠲᠠ᠎ᠶᠢᠨ ᠴᠢᠳᠠᠪᠤᠷᠢ ᠎ᠶᠢᠨ ᠣᠳᠣᠬᠢᠴᠢᠯᠠᠯᠲᠠ᠎ᠶᠢᠨ ᠲᠦᠪᠰᠢᠨ ᠎ᠢ ᠢᠯᠡᠳᠲᠡ ᠳᠡᠭᠡᠭᠰᠢᠯᠡᠭᠦᠯᠪᠡ᠃ ᠭᠣᠣᠯ ᠴᠣᠭᠴᠠ᠎ᠶᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠂ ᠪᠠᠢᠭᠠᠯᠢ᠎ᠶᠢᠨ ᠡᠬᠢ ᠪᠠᠶᠠᠯᠢᠭ᠋ ᠡᠳ᠋ ᠬᠥᠷᠥᠩᠭᠡ᠎ᠶᠢᠨ ᠥᠮᠴᠢᠯᠡᠬᠦ ᠡᠷᠬᠡ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢ ᠨᠡᠭᠡᠭᠡᠨ ᠬᠥᠭᠵᠢᠭᠦᠯᠵᠦ ᠬᠠᠮᠠᠭᠠᠯᠠᠬᠤ᠂ ᠡᠬᠢ ᠪᠠᠶᠠᠯᠢᠭ᠋᠎ᠢ ᠠᠷᠪᠢᠯᠠᠨ ᠠᠰᠢᠭ᠍ᠯᠠᠬᠤ᠂ ᠠᠮᠢ ᠠᠬᠤᠢ᠎ᠶᠢ ᠨᠥᠬᠥᠪᠦᠷᠢᠯᠡᠬᠦ᠂ ᠣᠷᠴᠢᠨ ᠲᠣᠭᠣᠷᠢᠨ᠎ᠢ ᠵᠠᠰᠠᠬᠤ ᠂ ᠪᠣᠬᠢᠷᠲᠤᠯ ᠦᠭᠡᠢ ᠵᠠᠬ᠎ᠠ ᠳᠡᠯᠭᠡᠭᠦᠷ᠂ ᠰᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ᠎ᠢ ᠪᠠᠢᠭᠤᠯᠤᠨ ᠪᠦᠷᠢᠨᠰᠢᠭᠦᠯᠬᠦ᠎ᠪᠠᠷ ᠳᠠᠮᠵᠢᠨ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯ᠎ᠤᠨ 《ᠳᠥᠷᠪᠡᠨ ᠨᠢᠷᠤᠭᠤ ᠨᠠᠢ᠍ᠮᠠᠨ ᠲᠤᠯᠭᠠᠭᠤᠷᠢ 》 ᠵᠢ ᠰᠢᠰᠲᠧᠮ᠎ᠲᠠᠢ ᠪᠡᠬᠢᠵᠢᠭᠦᠯᠪᠡ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠲᠦ ᠰᠢᠨ᠎ᠡ ᠴᠠᠭ ᠦᠶ᠎ᠡ᠎ᠡᠴᠡ ᠨᠠᠭᠠᠰᠢᠬᠢ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠣᠨᠣᠯ᠂ ᠦᠢᠯᠡᠳᠦᠯᠭᠡ᠂ ᠳᠦᠷᠢᠮ᠎ᠦᠨ ᠦᠷ᠎ᠡ ᠪᠦᠲᠦᠭᠡᠯ᠎ᠢ ᠬᠠᠤᠯᠢ᠎ᠶᠢᠨ ᠪᠢᠴᠢᠭᠵᠢᠭᠦᠯᠬᠦ ᠠᠷᠭ᠎ᠠ ᠬᠡᠯᠪᠡᠷᠢ᠎ᠪᠡᠷ ᠲᠣᠭᠲᠠᠭᠠᠵᠤ᠂ ᠤᠯᠤᠰ᠎ᠤᠨ ᠳᠠᠪᠬᠤᠷᠭ᠎ᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠳᠦᠷᠢᠮ᠎ᠢ ᠰᠢᠰᠲᠧᠮ᠎ᠲᠠᠢ ᠡᠮᠬᠢᠯᠡᠨ ᠨᠡᠢᠯᠡᠭᠦᠯᠬᠦ᠎ᠶᠢᠨ ᠬᠠᠮᠲᠤ᠂ ᠣᠷᠣᠨ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠲᠣᠭᠲᠠᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠠᠬᠢᠭᠤᠯᠬᠤ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶᠢᠨ ᠦᠷ᠎ᠡ ᠪᠦᠲᠦᠮᠵᠢ᠎ᠶᠢ ᠪᠦᠲᠦᠮᠵᠢᠲᠡᠶ ᠳᠡᠭᠡᠭᠰᠢᠯᠡᠭᠦᠯᠪᠡ᠃

ᠮᠠᠨ᠎ᠤ ᠤᠯᠤᠰ᠎ᠤᠨ ᠪᠣᠬᠢᠷᠲᠤᠯ ᠦᠭᠡᠢ ᠵᠠᠰᠠᠯᠲᠠ᠎ᠶᠢᠨ ᠰᠢᠰᠲᠧᠮ ᠨᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠬᠤᠪᠢᠷᠠᠭᠤᠯᠬᠤ ᠣᠯᠠᠨ ᠬᠦᠷᠢᠶ᠎ᠡ ᠴᠠᠷᠠᠭ᠎ᠠ ᠡᠯ᠎ᠡ ᠭᠣᠭᠴᠣᠭ᠎ᠠ ᠎ᠶᠢ ᠵᠡᠷᠭᠡ ᠎ᠪᠡᠷ ᠬᠠᠮᠤᠷᠴᠠᠢ᠃ ᠮᠠᠨ᠎ᠤ ᠤᠯᠤᠰ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠎ᠦᠨ ᠠᠷᠭ᠎ᠠ ᠮᠠᠶᠢᠭ᠋᠎ᠢ ᠠᠬᠢᠭᠤᠯᠵᠤ ᠪᠠᠢᠭ᠎ᠠ ᠨᠢ ᠠᠵᠤ ᠦᠢᠯᠡᠰ᠎ᠦᠨ ᠪᠦᠲᠦᠴᠡ ᠪᠠ ᠡᠨᠧᠷᠭᠢ᠎ᠶᠢᠨ ᠰᠤᠷᠪᠤᠯᠵᠢ᠎ᠶᠢᠨ ᠪᠦᠲᠦᠴᠡ᠎ᠶᠢ ᠰᠢᠯᠢᠳᠡᠭᠵᠢᠭᠦᠯᠦᠨ ᠲᠣᠬᠢᠷᠠᠭᠤᠯᠬᠤ ᠳᠡᠭᠡᠷ᠎ᠡ ᠲᠥᠪᠯᠡᠷᠡᠩᠭᠦᠢ ᠢᠯᠡᠷᠡᠵᠦ ᠪᠠᠢᠨ᠎ᠠ᠃ ᠤᠯᠠᠮᠵᠢᠯᠠᠯᠲᠤ ᠪᠣᠯᠣᠳ ᠲᠡᠮᠦᠷ᠂ ᠱᠦᠢᠨᠢ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠵᠡᠷᠭᠡ ᠡᠨᠧᠷᠭᠢ᠎ᠶᠢᠨ ᠬᠣᠷᠣᠭᠳᠠᠭᠤᠯᠭ᠎ᠠ ᠶᠡᠬᠡᠲᠡᠢ ᠠᠵᠤ ᠦᠢᠯᠡᠰ᠎ᠦᠨ ᠨᠢᠭᠡᠴᠢ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ ᠎ᠦᠨ ᠡᠨᠧᠷᠭᠢ᠎ᠶᠢᠨ ᠬᠣᠷᠣᠭᠳᠠᠭᠤᠯᠭ᠎ᠠ ᠦᠷᠭᠦᠯᠵᠢᠯᠡᠨ ᠪᠠᠭᠤᠷᠠᠭᠰᠠᠨ᠎ᠤ ᠬᠠᠮᠲᠤ᠂ ᠰᠢᠨ᠎ᠡ ᠡᠨᠧᠷᠭᠢ᠂ ᠡᠨᠧᠷᠭᠢ ᠠᠷᠪᠢᠯᠠᠨ ᠣᠷᠴᠢᠨ ᠲᠣᠭᠣᠷᠢᠨ᠎ᠢ ᠬᠠᠮᠠᠭᠠᠯᠠᠬᠤ᠂ ᠪᠣᠬᠢᠷᠲᠤᠯ ᠦᠭᠡᠢ ᠦᠢᠯᠡᠳᠬᠦ᠂ ᠠᠮᠢ ᠠᠬᠤᠢ᠎ᠶᠢᠨ ᠲᠠᠷᠢᠶᠠᠯᠠᠩ᠂ ᠠᠮᠢ ᠠᠬᠤᠢ᠎ᠶᠢᠨ ᠰᠣᠶᠣᠯ ᠵᠢᠭᠤᠯᠴᠢᠯᠠᠯ ᠵᠡᠷᠭᠡ ᠪᠣᠬᠢᠷᠲᠤᠯ ᠦᠭᠡᠢ ᠠᠵᠤ ᠦᠢᠯᠡᠰ ᠥᠷᠨᠢᠨ ᠬᠥᠭᠵᠢᠪᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠦᠢᠯᠡᠳᠬᠦᠨ᠎ᠦ ᠭᠠᠳᠠᠭᠠᠳᠤ ᠭᠠᠷᠭᠠᠯᠲᠠ᠎ᠶᠢᠨ ᠪᠠᠢᠳᠠᠯ ᠰᠠᠢᠨ ᠪᠠᠢᠵᠤ᠂ 2025 ᠣᠨ᠎ᠳᠤ ᠮᠠᠨ᠎ᠤ ᠤᠯᠤᠰ᠎ᠤᠨ ᠰᠢᠨ᠎ᠡ ᠡᠨᠧᠷᠭᠢ᠎ᠶᠢᠨ ᠮᠠᠰᠢᠨ ᠲᠡᠷᠭᠡ᠂ ᠭᠡᠷᠡᠯᠴᠢ ᠴᠡᠨᠡᠭ᠎ᠦᠨ ᠦᠢᠯᠡᠳᠬᠦᠨ᠂ ᠯᠢᠲ᠋ᠢ ᠳ᠋ᠢᠶᠠᠨ ᡂᠢ ᠵᠡᠷᠭᠡ ᠵᠢᠨ ᠭᠠᠳᠠᠭᠠᠳᠤ ᠭᠠᠷᠭᠠᠯᠲᠠ ᠨᠡᠮᠡᠭᠳᠡᠵᠦ᠂ ᠰᠠᠯᠬᠢᠨ ᠬᠦᠴᠦᠨ᠎ᠦ ᠴᠠᠬᠢᠯᠭᠠᠨ᠎ᠤ ᠲᠥᠬᠦᠭᠡᠷᠦᠮᠵᠢ᠂ ᠡᠨᠧᠷᠭᠢ ᠬᠠᠳᠠᠭᠠᠯᠠᠬᠤ ᠰᠢᠰᠲᠧᠮ᠂ ᠪᠣᠬᠢᠷᠲᠤᠯ ᠦᠭᠡᠢ ᠰᠢᠨ᠎ᠡ ᠮᠠᠲᠧᠷᠢᠶᠠᠯ ᠨᠢ ᠰᠢᠨ᠎ᠡ᠎ᠨᠡᠮᠡᠭᠳᠡᠯ᠎ᠦᠨ ᠬᠡᠮᠵᠢᠶ᠎ᠡ ᠪᠣᠯᠵᠤ᠂ ᠪᠣᠬᠢᠷᠲᠤᠯ ᠦᠭᠡᠢ ᠠᠵᠤ ᠦᠢᠯᠡᠰ ᠨᠢ  ᠭᠠᠳᠠᠭᠠᠳᠤ ᠠᠷᠠᠯᠵᠢᠶ᠎ᠠ᠎ᠶᠢ ᠲᠣᠭᠲᠠᠪᠤᠷᠢᠵᠢᠭᠤᠯᠬᠤ᠂ ᠪᠦᠲᠦᠴᠡ᠎ᠶᠢ ᠰᠢᠯᠢᠳᠡᠭᠵᠢᠭᠦᠯᠬᠦ ᠴᠢᠬᠤᠯᠠ ᠲᠤᠯᠭᠠᠭᠤᠷᠢᠯᠠᠯ ᠪᠣᠯᠪᠠ᠃

ᠲᠦᠷᠦ᠎ᠶᠢᠨ ᠪᠣᠳᠣᠯᠭ᠎ᠠ ᠬᠠᠤᠯᠢ ᠳᠦᠷᠢᠮ᠎ᠦᠨ ᠰᠢᠰᠲ᠋ᠸᠮ᠎ᠢ ᠪᠦᠷᠢᠨᠰᠢᠭᠦᠯᠬᠦ ᠪᠡᠷ ᠳᠠᠮᠵᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠠᠮᠢᠳᠤᠷᠠᠯ᠎ᠤᠨ ᠠᠷᠭ᠎ᠠ ᠬᠡᠯᠪᠡᠷᠢ᠎ᠶᠢ ᠰᠠᠨᠠᠭᠠᠴᠢᠯᠠᠬᠤ ᠪᠣᠯ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶᠢᠨ ᠦᠷ᠎ᠡ ᠪᠦᠲᠦᠮᠵᠢ᠎ᠶᠢ ᠭᠦᠨᠵᠡᠭᠡᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ 《 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ  ᠤᠷᠬᠢᠯ᠎ᠬᠡᠮᠵᠢᠭᠳᠡᠯ᠎ᠳᠦ ᠬᠦᠷᠭᠡᠬᠦ ᠠᠵᠢᠯᠯᠠᠭ᠎ᠠ᠎ᠶᠢᠨ ᠲᠥᠰᠥᠯ》 ᠵᠢᠡᠷ ᠵᠢᠯᠣᠭᠣᠳᠤᠯᠭ᠎ᠠ ᠪᠣᠯᠭᠠᠵᠤ᠂ ᠮᠠᠨ᠎ᠤ ᠤᠯᠤᠰ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠦᠬᠦ ᠠᠷᠠᠳ ᠎ᠤᠨ ᠠᠵᠢᠯᠯᠠᠭ᠎ᠠ᠎ᠶᠢ ᠢᠳᠡᠪᠬᠢᠲᠡᠢ ᠪᠠᠢᠷᠢᠯᠠᠭᠤᠯᠵᠤ᠂ ᠳᠥᠭᠥᠮ ᠳᠥᠲᠡ ᠲᠣᠬᠢᠷᠠᠮᠵᠢᠲᠠᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠡᠭᠦᠯ ᠰᠠᠷᠠᠭᠤᠯ ᠠᠮᠢᠳᠤᠷᠠᠯ᠎ᠤᠨ ᠣᠢᠯᠠᠭᠠᠭᠳᠠᠬᠤᠨ᠎ᠢ ᠰᠠᠨᠠᠭᠠᠴᠢᠯᠠᠪᠠ᠃ ᠡᠨᠧᠷᠭᠢ ᠠᠷᠪᠢᠯᠠᠬᠤ ᠬᠠᠤᠯᠢ᠂ ᠣᠷᠴᠢᠯ ᠠᠵᠤ ᠠᠬᠤᠢ᠎ᠶᠢ ᠠᠬᠢᠭᠤᠯᠬᠤ ᠬᠠᠤᠯᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠠᠬᠤᠢ᠎ᠶᠢ ᠪᠣᠬᠢᠷᠲᠤᠭᠤᠯᠬᠤ᠎ᠶᠢ ᠰᠡᠷᠭᠡᠢᠯᠡᠨ ᠵᠠᠰᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠳᠤ ᠲᠦᠰᠢᠭᠯᠡᠨ᠂ ᠨᠢᠭᠡ ᠯᠡ ᠤᠳᠠᠭᠠᠨ᠎ᠤ ᠴᠢᠨᠠᠷᠲᠠᠢ ᠬᠡᠷᠡᠭᠯᠡᠭᠡᠨ᠎ᠦ ᠵᠦᠢᠯ᠎ᠢ ᠬᠡᠷᠡᠭᠯᠡᠬᠦ ᠪᠠ ᠲᠠᠸᠠᠷ᠎ᠢ ᠬᠡᠳᠦ ᠪᠣᠭᠣᠳᠠᠯᠯᠠᠬᠤ᠎ᠶᠢ ᠴᠢᠩᠭ᠎ᠠ ᠬᠠᠮᠢᠶᠠᠷᠤᠨ ᠡᠵᠡᠮᠳᠡᠵᠦ᠂ ᠠᠮᠢᠳᠤᠷᠠᠯ᠎ᠤᠨ ᠬᠣᠭ ᠨᠣᠪᠰᠢ᠎ᠶᠢ ᠲᠦᠷᠦᠯ ᠬᠤᠪᠢᠶᠠᠬᠤ᠎ᠶᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ ᠪᠣᠬᠢᠷᠲᠤᠯ ᠦᠭᠡᠢ ᠬᠡᠷᠡᠭᠯᠡᠭᠡ᠎ᠵᠢᠨ ᠨᠥᠬᠥᠪᠦᠷᠢ ᠵᠡᠷᠭᠡ ᠤᠷᠮᠠᠰᠢᠭᠤᠯᠬᠤ ᠲᠣᠭᠲᠠᠴᠠ᠎ᠪᠠᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠪᠣᠬᠢᠷᠲᠤᠯ ᠦᠭᠡᠢ ᠶᠠᠪᠤᠵᠤ ᠰᠠᠭᠤᠬᠤ᠂ ᠡᠬᠢ ᠪᠠᠶᠠᠯᠢᠭ᠋᠎ᠢ ᠠᠷᠪᠢᠯᠠᠬᠤ᠂ ᠪᠠᠭ᠎ᠠ ᠨᠡᠭᠦᠷᠡᠰᠦᠲᠥ᠋ᠷᠥᠭᠴᠢᠲᠦ ᠬᠡᠷᠡᠭᠯᠡᠭᠡ᠎ᠶᠢ ᠦᠢᠯᠡᠳᠦᠯᠭᠡᠵᠢᠭᠦᠯᠬᠦ᠂ ᠪᠥᠬᠥ ᠠᠷᠠᠳ᠎ᠢᠶᠠᠷ᠎ᠢᠶᠠᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠰᠠᠢᠨ ᠰᠠᠢᠬᠠᠨ ᠠᠭᠤᠷ ᠠᠮᠢᠰᠬᠤᠯ᠎ᠢ ᠡᠳᠦᠷ ᠢᠷᠡᠬᠦᠶ᠎ᠡ ᠥᠳᠬᠡᠷᠡᠭᠦᠯᠦᠨ᠎ᠡ᠃

ᠣᠳᠣᠬᠠᠨ᠎ᠳᠤ ᠳᠡᠯᠡᠬᠡᠢ᠎ᠶᠢᠨ ᠪᠠᠢᠳᠠᠯ᠎ᠠᠴᠠ ᠦᠵᠡᠪᠡᠯ ᠂ ᠠᠮᠢ ᠠᠬᠤᠢ ᠣᠷᠴᠢᠨ ᠲᠣᠭᠣᠷᠢᠨ᠎ᠤ ᠬᠢᠮᠤᠷᠠᠯ ᠰᠢᠷᠦᠭᠦᠰᠴᠦ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠤᠯᠠᠭᠠᠨ ᠲᠣᠭ᠎ᠠ ᠦᠷᠭᠦᠯᠵᠢᠯᠡᠨ ᠶᠡᠬᠡᠰᠴᠦ ᠪᠠᠢᠬᠤ ᠵᠡᠷᠭᠡ ᠥᠷᠢᠰᠦᠯᠳᠦᠭᠡᠨ ᠡᠳᠦᠷ ᠢᠷᠡᠬᠦᠶ᠎ᠡ ᠬᠡᠴᠡᠭᠦᠳᠡᠵᠦ ᠪᠠᠢᠨ᠎ᠠ᠃ ᠬᠠᠷᠢᠭᠤᠴᠠᠯᠭ᠎ᠠ᠎ᠲᠠᠢ ᠲᠣᠮᠣ᠌ ᠤᠯᠤᠰ ᠪᠣᠯᠤᠭᠰᠠᠨ᠎ᠤ ᠬᠤᠪᠢ᠎ᠳᠤ ᠂ ᠮᠠᠨ᠎ᠤ ᠤᠯᠤᠰ ᠪᠣᠬᠢᠷᠲᠤᠯ ᠦᠭᠡᠢ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠲᠠᠰᠤᠷᠠᠯᠳᠠ ᠦᠭᠡᠢ ᠭᠦᠨᠵᠡᠭᠡᠢᠷᠡᠭᠦᠯᠵᠦ ᠂ ᠪᠣᠬᠢᠷᠲᠤᠯ ᠦᠭᠡᠢ ᠬᠥᠭᠵᠢᠯᠲᠡ᠎ᠶᠢᠨ ᠬᠠᠨᠢᠲᠠᠨ᠎ᠤ ᠬᠠᠷᠢᠯᠴᠠᠭ᠎ᠠ᠎ᠶᠢ ᠠᠬᠢᠭᠤᠯᠵᠤ ᠂ ᠪᠦᠬᠦ ᠪᠥᠮᠪᠥᠷᠴᠡᠭ᠎ᠦᠨ ᠣᠷᠣᠨ ᠪᠦᠰᠡ᠎ᠶᠢᠨ ᠪᠣᠬᠢᠷᠲᠤᠯ ᠦᠭᠡᠢ ᠬᠥᠭᠵᠢᠯᠲᠡ᠎ᠶᠢᠨ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠬᠤ ᠴᠢᠬᠤᠯᠠ ᠬᠦᠴᠦᠨ ᠪᠣᠯᠪᠠ᠃ 2023 ᠣᠨ᠎ᠳᠤ ᠂ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠬᠤ᠎ᠶᠢ ᠳᠤᠮᠳᠠᠳᠤ ᠤᠯᠤᠰ᠎ᠤᠨ 《 ᠨᠢᠭᠡ ᠪᠦᠰᠡ ᠨᠢᠭᠡ ᠵᠠᠮ 》 ᠎ᠢ ᠬᠠᠮᠲᠤ᠎ᠪᠠᠷ ᠴᠢᠨᠠᠷ ᠰᠠᠢᠲᠠᠢ ᠪᠦᠲᠦᠭᠡᠨ ᠪᠠᠶ᠋ᠢᠭᠤᠯᠬᠤ᠎ᠶᠢ ᠳᠡᠮᠵᠢᠬᠦ ᠨᠠᠢ᠍ᠮᠠᠨ ᠲᠦᠷᠦᠯ᠎ᠦᠨ ᠠᠵᠢᠯᠯᠠᠭ᠎ᠠ᠎ᠳᠤ ᠣᠷᠣᠭᠤᠯᠪᠠ᠃ 2024 ᠣᠨ᠎ᠳᠤ《 ᠪᠣᠬᠢᠷᠲᠤᠯ ᠦᠭᠡᠢ ᠬᠥᠭᠵᠢᠯᠲᠡ᠎ᠶᠢᠨ ᠬᠠᠨᠢᠲᠠᠨ᠎ᠤ ᠠᠵᠢᠯᠯᠠᠭ᠎ᠠ 》 ᠶ᠋ᠢ ᠳᠤᠮᠳᠠᠳᠤ ᠠᠹᠷᠢᠺᠠ᠎ᠶᠢᠨ 《 ᠠᠷᠪᠠᠨ ᠶᠡᠬᠡ ᠬᠠᠨᠢᠲᠠᠨ᠎ᠤ ᠠᠵᠢᠯᠯᠠᠭ᠎ᠠ 》 ᠳ᠋ᠦ᠍ ᠣᠷᠣᠭᠤᠯᠪᠠ᠃

ᠣᠢᠷ᠎ᠠ᠎ᠶᠢᠨ ᠵᠢᠯ᠎ᠡᠴᠡ ᠮᠠᠨ᠎ᠤ ᠤᠯᠤᠰ 40 ᠭᠠᠷᠤᠢ ᠤᠯᠤᠰ᠎ᠤᠨ 170 ᠭᠠᠷᠤᠢ ᠬᠠᠮᠲᠤᠷᠠᠯᠴᠠᠭᠠᠨ᠎ᠤ ᠬᠠᠨᠢᠲᠠᠨ᠎ᠲᠠᠢ 《ᠨᠢᠭᠡ ᠪᠦᠰᠡ ᠨᠢᠭᠡ ᠵᠠᠮ》 ᠎ᠤᠨ ᠪᠣᠬᠢᠷᠲᠤᠯ ᠦᠭᠡᠢ ᠬᠥᠭᠵᠢᠯᠲᠡ᠎ᠶᠢᠨ ᠤᠯᠠᠨ ᠤᠯᠤᠰ᠎ᠤᠨ ᠬᠣᠯᠪᠣᠭ᠎ᠠ᠎ᠶᠢ ᠪᠠᠢᠭᠤᠯᠵᠤ ᠂ 100 ᠭᠠᠷᠤᠢ ᠤᠯᠤᠰ ᠪᠠ ᠭᠠᠵᠠᠷ ᠣᠷᠣᠨ᠎ᠲᠠᠢ ᠪᠣᠬᠢᠷᠲᠤᠯ ᠦᠭᠡᠢ ᠡᠨᠧᠷᠭᠢ᠎ᠶᠢᠨ ᠲᠦᠷᠦᠯ ᠵᠦᠢᠯ᠎ᠦᠨ ᠬᠠᠮᠲᠤᠷᠠᠯᠴᠠᠭ᠎ᠠ᠎ᠶᠢ ᠪᠠᠢᠭᠤᠯᠪᠠ᠃ ᠨᠢᠭᠡ ᠪᠦᠯᠦᠭ ᠬᠠᠮᠳᠣᠷᠠᠯᠴᠠᠭᠠᠨ᠎ᠦ ᠬᠠᠨᠢᠳᠠᠨ ᠤᠯᠤᠰ᠎ᠤᠨ ᠡᠨᠧᠷᠭᠢ᠎ᠶᠢᠨ ᠬᠠᠩᠭᠠᠯᠭ᠎ᠠ᠎ᠶᠢᠨ ᠬᠦᠴᠢᠷᠳᠡᠯ᠎ᠢ ᠨᠠᠷᠢᠯᠢᠭ᠋ ᠣᠨᠣᠪᠴᠢᠲᠠᠶ ᠰᠢᠢᠳᠪᠦᠷᠢᠯᠡᠬᠦ ᠴᠢᠯᠠᠭᠤᠨ ᠲᠣᠰᠣ᠌ ᠰᠢᠲᠠᠮᠠᠬᠠᠢ ᠬᠡᠢ ᠂ ᠴᠥᠮ᠎ᠡ᠎ᠶᠢᠨ ᠴᠠᠬᠢᠯᠭᠠᠨ᠂ ᠤᠰᠤᠨ ᠴᠠᠬᠢᠯᠭᠠᠨ᠂ ᠰᠢᠨ᠎ᠡ ᠡᠨᠧᠷᠭᠢ ᠵᠡᠷᠭᠡ ᠪᠡᠯᠭᠡ ᠲᠡᠮᠳᠡᠭ᠎ᠦᠨ ᠴᠢᠨᠠᠷᠲᠠᠢ ᠲᠥᠷᠥᠯ ᠵᠦᠢᠯ ᠨᠠᠢᠳᠠᠪᠤᠷᠢᠵᠢᠭᠤᠯᠤᠭᠳᠠᠪᠠ᠃ ᠮᠠᠨ᠎ᠤ ᠤᠯᠤᠰ ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠠᠯ᠎ᠠ ᠪᠡᠷ ᠬᠦᠭᠵᠢᠵᠦ ᠪᠠᠢᠭ᠎ᠠ ᠤᠯᠤᠰ ᠲᠠᠢ ᠬᠠᠮᠳᠤᠷᠠᠯᠴᠠᠬᠤ ᠪᠡᠷ  ᠳᠠᠮᠵᠢᠨ ᠥᠷᠭᠡᠨ ᠤᠯᠠᠨ ᠬᠥᠭᠵᠢᠵᠦ ᠪᠠᠢᠭ᠎ᠠ ᠤᠯᠤᠰ᠎ᠲᠤ ᠤᠷᠳᠤ ᠬᠤᠭᠤᠴᠠᠭ᠎ᠠ᠎ᠪᠠᠷ ᠳᠡᠮᠵᠢᠯᠭᠡ ᠬᠠᠩᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠬᠠᠮᠲᠤᠷᠠᠨ ᠪᠠᠶ᠋ᠢᠭᠤᠯᠬᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠠᠩᠭᠢ ᠡᠷᠬᠢᠯᠡᠬᠦ ᠵᠡᠷᠭᠡ ᠠᠷᠭ᠎ᠠ ᠬᠡᠯᠪᠡᠷᠢ᠎ᠪᠡᠷ ᠬᠠᠪᠰᠤᠷᠤᠯᠭ᠎ᠠ ᠦᠵᠡᠭᠦᠯᠪᠡ᠃ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠳᠠᠪᠠᠭᠤᠯᠢᠭ᠋᠎ᠲᠤ ᠲᠦᠰᠢᠭᠯᠡᠵᠦ᠂ ᠮᠠᠨ᠎ᠤ ᠤᠯᠤᠰ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠵᠤ ᠂ ᠴᠢᠯᠠᠭᠤᠵᠢᠮᠠᠯ᠎ᠤᠨ ᠪᠤᠰᠤ ᠡᠨᠧᠷᠭᠢ ᠂ ᠣᠶᠤᠨᠲᠤ ᠴᠠᠬᠢᠯᠭᠠᠨ ᠲᠣᠣᠷ ᠵᠡᠷᠭᠡ ᠮᠡᠷᠭᠡᠵᠢᠯ᠎ᠢ ᠡᠨᠧᠷᠭᠢ᠎ᠶᠢᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠬᠡᠷᠡᠭᠯᠡᠵᠦ ᠂ ᠪᠦᠬᠦ ᠪᠥᠮᠪᠥᠷᠴᠡᠭ᠎ᠦᠨ ᠡᠨᠧᠷᠭᠢ᠎ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢ ᠬᠤᠪᠢᠷᠠᠭᠤᠯᠬᠤ᠎ᠳᠤ ᠲᠡᠷᠡ ᠬᠡᠪ᠎ᠢᠶᠡᠷ ᠨᠢ ᠳᠡᠯᠭᠡᠷᠡᠭᠦᠯᠵᠦ ᠪᠣᠯᠬᠤ ᠳᠤᠮᠳᠠᠳᠤ ᠤᠯᠤᠰ᠎ᠤᠨ ᠲᠥᠰᠥᠯ᠎ᠢ ᠬᠠᠩᠭᠠᠪᠠ᠃

ᠬᠣᠵᠢᠮ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ  ᠳᠡᠯᠡᠬᠡᠢ᠎ᠶᠢᠨ ᠤᠷᠤᠰᠬᠠᠯ ᠪᠣᠯᠣᠨ᠎ᠠ᠃ ᠳᠡᠯᠡᠬᠡᠢ᠎ᠶᠢᠨ ᠪᠠᠢᠳᠠᠯ᠎ᠳᠤ ᠶᠠᠮᠠᠷ ᠬᠤᠪᠢᠷᠠᠯᠲᠠ ᠭᠠᠷᠤᠭᠰᠠᠨ ᠴᠤ᠌ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠢᠳᠡᠪᠬᠢᠲᠡᠢ ᠠᠷᠭᠠᠴᠠᠭᠠᠬᠤ ᠠᠵᠢᠯᠯᠠᠭ᠎ᠠ ᠤᠳᠠᠭᠠᠰᠢᠷᠠᠬᠤ ᠦᠭᠡᠢ ᠶᠣᠮ᠂ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠠᠬᠢᠭᠤᠯᠬᠤ ᠴᠢᠷᠮᠠᠢᠯᠭ᠎ᠠ ᠰᠤᠯᠠᠷᠠᠬᠤ ᠦᠭᠡᠢ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠦᠢᠯᠡᠳᠦᠯᠭᠡ ᠵᠣᠭᠰᠣᠬᠤ ᠦᠭᠡᠢ ᠶᠤᠮ᠃ ᠳᠤᠮᠳᠠᠳᠤ ᠤᠯᠤᠰ ᠢᠮᠠᠭᠲᠠ ᠪᠦᠬᠦ ᠪᠥᠮᠪᠥᠷᠴᠡᠭ᠎ᠦᠨ ᠣᠷᠴᠢᠨ ᠲᠣᠭᠣᠷᠢᠨ᠎ᠤ ᠵᠠᠰᠠᠯᠲᠠ᠎ᠶᠢ ᠲᠡᠭᠦᠯᠳᠡᠷᠵᠢᠭᠦᠯᠬᠦ ᠡᠷᠡᠰ ᠪᠠᠲᠤ ᠬᠦᠴᠦᠨ ᠪᠣᠯᠣᠨ᠎ᠠ᠂ ᠡᠯ᠎ᠡ ᠤᠯᠤᠰ᠎ᠤᠨ ᠬᠥᠭᠵᠢᠯᠲᠡ᠎ᠶᠢᠨ ᠬᠠᠮᠲᠤ᠎ᠶᠢᠨ ᠲᠠᠨᠢᠯᠲᠠ᠎ᠶᠢᠨ ᠲᠠᠰᠤᠷᠠᠯᠳᠡ ᠦᠭᠡᠢ ᠨᠢᠭ᠍ᠲᠠᠷᠠᠭᠤᠯᠬᠤ᠎ᠶᠢ ᠳᠠᠭᠠᠯᠳᠤᠨ᠂ ᠤᠯᠠᠨ ᠲᠠᠯᠠᠲᠤ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠢᠷᠡᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠬᠥᠭᠵᠢᠯᠲᠡ ᠴᠦ᠍ ᠡᠴᠦᠰ᠎ᠲᠡᠬᠡᠨ ᠨᠡᠩ ᠤᠯᠠᠨ ᠠᠷᠠᠳ ᠲᠦᠮᠡᠨ᠎ᠳᠦ ᠠᠰᠢᠭ᠋ ᠬᠦᠷᠲᠡᠭᠡᠬᠦ ᠬᠦᠴᠦᠷᠬᠡᠭ ᠶᠡᠬᠡ ᠬᠥᠳᠡᠯᠭᠡᠭᠦᠷ ᠪᠣᠯᠬᠤ ᠪᠣᠯᠣᠨ᠎ᠠ᠃

ᠵᠣᠬᠢᠶᠠᠭ᠍ᠴᠢ ᠄   ᠪᠡᠭᠡᠵᠢᠩ᠎ᠦᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号