ᠰᠢᠭᠣᠳ ᠨᠡᠪᠳᠡᠷᠡᠭᠦᠯᠭᠡ ᠬᠢᠬᠦ᠎ᠳᠡᠭᠡᠨ ᠬᠠᠤᠯᠢ ᠴᠠᠭᠠᠵᠠ ᠪᠣᠯᠣᠨ ᠶᠣᠰᠣ᠌ ᠰᠤᠷᠳᠠᠬᠤᠨ᠎ᠦ ᠵᠠᠭᠠᠭ ᠬᠢᠵᠠᠭᠠᠷ᠎ᠢ ᠰᠠᠬᠢᠬᠤ ᠬᠡᠷᠡᠭᠳᠡᠢ
2026-05-19 16:36:37
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠦᠵᠡᠮᠵᠢ᠎ᠶᠢᠨ ᠣᠷᠣᠨ᠂ ᠬᠤᠳᠠᠯᠳᠤᠭᠠᠨ᠎ᠤ ᠲᠠᠯᠠᠪᠤᠷ᠂ ᠬᠣᠭᠣᠯᠠᠨ ᠭᠡᠷ᠎ᠲᠦ ᠰᠢᠭᠤᠳ ᠨᠡᠪᠲᠡᠷᠡᠭᠦᠯᠬᠡ ᠬᠢᠵᠦ ᠪᠠᠢᠭ᠎ᠠ ᠵᠢᠭᠤᠯᠴᠢᠯᠠᠭ᠍ᠴᠢᠳ ᠣᠯᠠᠨ ᠪᠣᠯᠵᠠᠢ᠃ ᠬᠣᠭᠣᠯᠠ ᠢᠳᠡᠵᠦ ᠪᠠᠢᠬᠣ᠂ ᠦᠰᠦ ᠵᠠᠰᠠᠵᠦ ᠪᠠᠢᠬᠣ᠂ ᠪᠡᠶ᠎ᠡ ᠴᠢᠭᠢᠷᠠᠭᠵᠢᠭᠤᠯᠵᠦ ᠪᠠᠢᠬᠣ ᠵᠡᠷᠭᠡ ᠬᠡᠷᠡᠭᠯᠡᠭᠴᠢᠳ ᠎ᠦᠨ ᠡᠳᠦᠷ ᠲᠤᠲᠤᠮ᠎ᠤᠨ ᠠᠮᠢᠳᠤᠷᠠᠯ ᠎ᠢ ᠠᠯᠪᠠ᠎ᠪᠠᠷ ᠰᠢᠭᠣᠳ ᠨᠡᠪᠳᠡᠷᠡᠭᠦᠯᠬᠡ᠎ᠳᠡᠭᠡᠨ ᠣᠷᠣᠭᠣᠯᠵᠦ ᠪᠠᠢᠬᠣ ᠦᠵᠡᠭᠳᠡᠯ ᠭᠠᠷᠴᠤ ᠪᠣᠢ᠃ ᠵᠠᠷᠢᠮ ᠰᠦᠯᠵᠢᠶᠡᠨ ᠠᠨᠳᠠ ᠪᠢᠴᠢᠭᠡᠰᠦ ᠪᠢᠴᠢᠵᠦ᠂ ᠡᠩ᠎ᠦᠨ ᠬᠥᠮᠥᠨ᠎ᠦ ᠬᠦᠷᠦᠭ᠎ᠦᠨ ᠡᠷᠬᠡ ᠪᠣᠯᠣᠨ ᠬᠤᠪᠢ᠎ᠶᠢᠨ ᠨᠢᠭᠤᠴᠠ᠎ᠶᠢᠨ ᠡᠷᠬᠡ ᠤᠷᠤᠰᠴᠠ᠎ᠶᠢᠨ ᠡᠮᠦᠨ᠎ᠡ ᠶᠠᠮᠠᠷ᠎ᠴᠤ ᠦᠨ᠎ᠡ ᠦᠷᠳᠡᠭ ᠦᠬᠡᠢ ᠪᠣᠯᠴᠢᠬᠠᠬᠰᠠᠨ᠎ᠦᠦ ? ᠬᠥᠮᠥᠨ ᠪᠦᠬᠦᠨ ᠨᠡᠪᠲᠡᠷᠡᠭᠦᠯᠦᠭᠴᠢ ᠪᠣᠯᠬᠣ ᠪᠣᠯᠣᠮᠵᠢ ᠲᠠᠢ ᠪᠤᠯᠤᠬᠰᠠᠨ ᠴᠠᠭ ᠦᠶ᠎ᠡ᠎ᠳᠦ᠂ ᠰᠢᠭᠤᠳ ᠨᠡᠪᠲᠡᠷᠡᠭᠦᠯᠭᠡ ᠨᠢ ᠪᠤᠰᠤᠳ᠎ᠤᠨ ᠡᠷᠬᠡ ᠠᠰᠢᠭ᠋᠎ᠲᠤ ᠬᠠᠯᠳᠠᠵᠤ ᠪᠣᠯᠬᠤ ᠦᠭᠡᠢ᠂ ᠰᠢᠭᠣᠳ ᠨᠡᠪᠳᠡᠷᠡᠭᠦᠯᠭᠡ ᠬᠢᠬᠦ᠎ᠳᠡᠭᠡᠨ ᠬᠠᠤᠯᠢ ᠴᠠᠭᠠᠵᠠ ᠪᠣᠯᠣᠨ ᠶᠣᠰᠣ᠌ ᠰᠤᠷᠳᠠᠬᠤᠨ᠎ᠦ ᠵᠠᠭᠠᠭ ᠬᠢᠵᠠᠭᠠᠷ᠎ᠢ ᠰᠠᠬᠢᠬᠤ ᠬᠡᠷᠡᠭᠲᠡᠢ᠃ ᠮᠠᠨ᠎ᠤ ᠤᠯᠤᠰ᠎ᠤᠨ ᠢᠷᠭᠡᠨ᠎ᠦ ᠬᠠᠤᠯᠢ᠎ᠶᠢᠨ ᠪᠢᠴᠢᠭ᠎ᠲᠦ᠂ ᠡᠷᠬᠡᠲᠦ ᠬᠥᠮᠥᠨ᠎ᠦ ᠵᠥᠪᠰᠢᠶᠡᠷᠡᠯ ᠦᠭᠡᠢ᠎ᠪᠡᠷ ᠬᠦᠷᠦᠭ ᠵᠢᠷᠤᠭ᠎ᠤᠨ ᠡᠷᠬᠡᠲᠦ ᠬᠥᠮᠥᠨ᠎ᠦ ᠬᠦᠷᠦᠭ ᠵᠢᠷᠤᠭ᠎ᠢ ᠦᠢᠯᠡᠳᠴᠦ᠂ ᠬᠡᠷᠡᠭᠯᠡᠵᠦ᠂ ᠢᠯᠡ ᠪᠣᠯᠭᠠᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ ᠡᠨᠡ ᠨᠢ ᠣᠯᠠᠨ ᠨᠡᠶ᠋ᠢᠲᠡ᠎ᠶᠢᠨ ᠬᠡᠷᠡᠭᠯᠡᠭᠡᠨ᠎ᠦ ᠲᠠᠯᠠᠪᠤᠷ᠎ᠲᠤ ᠵᠥᠪᠰᠢᠶᠡᠷᠡᠯ ᠣᠯᠣᠭᠰᠠᠨ ᠦᠭᠡᠢ᠎ᠪᠡᠷ ᠰᠢᠭᠤᠳ ᠨᠡᠪᠲᠡᠷᠡᠭᠦᠯᠬᠦ ᠪᠠ ᠢᠯᠡ ᠪᠣᠯᠭᠠᠬᠤ ᠨᠢ ᠡᠷᠬᠡ᠎ᠳᠦ ᠬᠠᠯᠳᠠᠭᠰᠠᠨ ᠶᠠᠪᠤᠳᠠᠯ ᠪᠣᠯᠵᠤ ᠮᠡᠳᠡᠨ᠎ᠡ ᠭᠡᠳᠡᠭ᠎ᠢ ᠬᠠᠷᠠᠭᠤᠯᠵᠤ ᠪᠠᠢᠨ᠎ᠠ᠃ ᠡᠭᠦᠨ᠎ᠦ ᠲᠤᠬᠠᠢ ᠰᠢᠭᠤᠳ ᠨᠡᠪᠲᠡᠷᠡᠭᠦᠯᠭᠡ ᠬᠢᠬᠦ ᠡᠴᠡ ᠡᠮᠦᠨ᠎ᠡ ᠬᠠᠮᠢᠶ᠎ᠡ ᠪᠦᠬᠦᠢ ᠬᠦᠮᠦᠰ᠎ᠲᠦ ᠮᠡᠳᠡᠭᠳᠡᠵᠦ᠂  ᠵᠥᠪᠰᠢᠶᠡᠷᠡᠯ ᠣᠯᠵᠤ᠂ ᠪᠤᠰᠤᠳ᠎ᠤᠨ ᠬᠦᠰᠡᠯ ᠰᠠᠨᠠᠭ᠎ᠠ᠎ᠶᠢ ᠬᠦᠨᠳᠦᠳᠬᠡᠬᠦ ᠬᠡᠷᠡᠭᠲᠡᠢ; ᠲᠠᠪᠴᠠᠩ ᠨᠢ ᠬᠢᠨᠠᠯᠲᠠ ᠬᠠᠮᠢᠶᠠᠷᠤᠯᠲᠠ᠎ᠪᠠᠨ ᠴᠢᠩᠭᠠᠳᠬᠠᠵᠤ᠂ ᠡᠷᠬᠡ᠎ᠳᠦ ᠬᠠᠯᠳᠠᠭᠰᠠᠨ ᠠᠭᠤᠯᠭ᠎ᠠ᠎ᠶᠢ ᠴᠠᠭ ᠲᠤᠬᠠᠢ ᠳ᠋ᠤᠨᠢ ᠪᠠᠭᠤᠯᠭᠠᠵᠤ᠂ ᠠᠵᠢᠯ ᠲᠥᠷᠥᠯ᠎ᠦᠨ ᠰᠡᠷᠭᠡᠢᠯᠡᠯᠲᠡ᠎ᠶᠢᠨ ᠱᠤᠭᠤᠮ ᠎ᠢ ᠪᠠᠲᠤ ᠴᠣᠭᠴᠠᠯᠠᠬᠤ ᠬᠡᠷᠡᠭᠲᠡᠢ᠃ ᠦᠯᠦ ᠮᠡᠳᠡᠭ ᠵᠢᠡᠷ 《ᠰᠢᠭᠤᠳ ᠨᠡᠪᠲᠡᠷᠡᠭᠦᠯᠭᠡ》 ᠎ᠳᠦ ᠣᠷᠣᠬᠣ ᠦᠵᠡᠭᠳᠡᠯ᠎ᠢ ᠴᠡᠭᠴᠡᠯᠡᠨ ᠵᠠᠰᠠᠬᠤ᠎ᠳᠤ ᠨᠡᠩ ᠤᠯᠠᠨ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃             

—  《ᠠᠵᠤ ᠠᠬᠤᠢ᠎ᠶᠢᠨ ᠡᠳᠦᠷ᠎ᠦᠨ ᠰᠣᠨᠢᠨ》 ᠡᠴᠡ




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号