ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ 《ᠪᠦᠬᠦ ᠤᠯᠤᠰ᠎ᠤᠨ ᠵᠡᠮᠳᠡᠭᠴᠤᠳ᠎ᠢ ᠲᠤᠰᠠᠯᠠᠬᠤ ᠡᠳᠦᠷ 》 ᠤ᠋ᠨ ᠠᠵᠢᠯᠯᠠᠭ᠎ᠠ ᠦᠷᠨᠢᠬᠦᠯᠪᠡ
2026-05-19 08:57:29
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠡᠴᠡ ᠦᠪᠦᠷ ᠮᠤᠩᠭᠤᠯ᠎ᠤᠨ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠲᠡᠶ ᠬᠠᠮᠲᠤᠷᠠᠨ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ ᠭᠤᠲᠤᠮᠵᠢ᠎ᠵᠢᠨ ᠬᠡᠷᠡᠭ ᠡᠷᠬᠢᠯᠡᠬᠦ᠌ ᠭᠠᠵᠠᠷ᠎ᠲᠤ ᠬᠦᠷᠴᠦ᠍᠂ 《ᠶᠡᠬᠡ ᠬᠠᠢᠷ᠎ᠠ ᠪᠡᠷ ᠰᠡᠳᠭᠢᠯ᠎ᠵᠢᠡᠨ ᠨᠢᠭᠡᠳᠭᠡᠨ᠂ ᠵᠡᠮᠳᠡᠭ᠌ᠴᠦᠳ ᠪᠠ ᠡᠷᠡᠬᠦᠯ ᠬᠦᠮᠦᠰ᠎ᠢ ᠠᠭᠤᠰᠤᠯᠴᠠᠭᠤᠯᠤᠨ ᠬᠠᠮᠲᠤ᠎ᠪᠠᠷ ᠤᠷᠤᠭ᠍ᠰᠢᠯᠠᠬᠤ》 ᠪᠦᠬᠦ ᠤᠯᠤᠰ᠎ᠤᠨ ᠵᠡᠮᠳᠡᠭᠴᠤᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠦᠷᠨᠢᠬᠦᠯᠪᠡ᠃

ᠠᠵᠢᠯᠯᠠᠭ᠎ᠠ ᠳᠡᠭᠡᠷ᠎ᠡ᠂ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》 ᠵᠢᠨ ᠳᠣᠲᠣᠷᠠᠬᠢ ᠥᠬᠢᠨ ᠳᠡᠭᠦᠦ ᠢᠦᠢ ᠷᠦᠩ ᠲᠤᠬᠠᠢ᠎ᠶ᠋ᠢᠨ ᠲᠠᠯᠠᠪᠠᠢ᠎ᠳᠤ ᠬᠦᠷᠴᠦ᠍᠂ ᠤᠯᠠᠨ᠎ᠳᠤ ᠲᠠᠯ᠎ᠠ ᠨᠤᠲᠤᠭ᠎ᠤᠨ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠭᠦᠨ ᠰᠡᠳᠭᠢᠯᠭᠡ᠎ᠲᠡᠶ᠎ᠪᠡᠷ ᠶᠠᠷᠢᠪᠡ᠃ ᠢᠦᠶ ᠷᠦᠩ ᠡᠴᠡ ᠬᠤᠪᠢᠰᠭᠠᠯ᠎ᠤᠨ ᠥᠯᠢᠭᠡᠷ᠎ᠢ ᠠᠮᠢᠳᠤᠯᠢᠭ᠎ᠢᠶᠠᠷ ᠳᠠᠬᠢᠨ ᠢᠯᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠦᠨᠳᠦᠰᠦᠲᠡᠨ᠎ᠦ ᠪᠦᠯᠬᠦᠮᠳᠡᠯ ᠬᠢᠭᠡᠳ ᠲᠡᠮᠡᠴᠡᠯ᠎ᠦᠨ ᠵᠣᠷᠢᠭ ᠰᠠᠨᠠᠭᠠᠨ᠎ᠤ ᠲᠤᠬᠠᠢ ᠲᠠᠢᠯᠤᠮᠵᠢ ᠬᠢᠵᠦ᠂ ᠲᠤᠬᠠᠶ᠎ᠶ᠋ᠢᠨ ᠲᠠᠯᠠᠪᠤᠷ᠎ᠲᠤ ᠪᠠᠢᠭ᠍ᠰᠠᠨ ᠨᠠᠮ᠎ᠤᠨ ᠭᠡᠱᠢᠭᠦᠨ᠂ ᠺᠠᠳ᠋ᠷ ᠨᠢᠭᠡ ᠪᠦᠷᠢ᠎ᠶ᠋ᠢᠨ ᠣᠭ ᠰᠠᠨᠠᠭ᠎ᠠ᠎ᠪᠠᠨ ᠥᠯᠥ᠍ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠵᠡᠮᠳᠡᠭ᠌ᠴᠦᠳ ᠪᠠ ᠡᠷᠡᠭᠦᠯ ᠬᠦᠮᠦᠰ᠎ᠤᠨ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠣᠷᠢᠭ᠍ᠵᠢᠭᠤᠯᠪᠠ; 《ᠵᠡᠮᠳᠡᠭ᠌ᠴᠦᠳ᠎ᠦᠨ ᠲᠥᠯᠥᠭᠡᠯᠡᠭ᠌ᠴᠢ᠎ᠶ᠋ᠢ ᠲᠣᠬᠣᠨᠢᠭᠤᠯᠵᠤ᠂ 〈ᠪᠢᠴᠢᠯ ᠬᠦᠰᠡᠯ〉 ᠢ᠋ ᠪᠡᠶᠡᠯᠡᠭᠦᠯᠬᠦ᠌》 ᠭᠣᠭ᠍ᠴᠣᠭ᠎ᠠ᠎ᠳᠤ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠪᠠ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠨᠠᠮ᠎ᠤᠨ ᠭᠡᠱᠢᠭᠦᠨ᠂ ᠺᠠᠳ᠋ᠷ᠎ᠤᠨ ᠲᠥᠯᠥᠭᠡᠯᠡᠭ᠌ᠴᠢ ᠡᠴᠡ ᠵᠡᠮᠳᠡᠭ᠌ᠴᠦᠳ᠎ᠦᠨ ᠲᠥᠯᠥᠭᠡᠯᠡᠭ᠌ᠴᠢ᠂ ᠵᠤᠵᠢᠭ ᠭᠡᠮ ᠲᠡᠶ ᠬᠡᠦᠬᠡᠳ᠎ᠢ ᠲᠣᠬᠣᠨᠢᠭᠤᠯᠵᠤ᠂ ᠬᠡᠦᠬᠡᠳ᠎ᠦᠳ᠎ᠦᠨ 《ᠪᠢᠴᠢᠯ ᠬᠦᠰᠡᠯ》 ᠢ᠋ ᠬᠠᠩᠭᠠᠪᠠ; ᠦᠪᠦᠷ ᠮᠤᠩᠭᠤᠯ᠎ᠤᠨ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠲᠦᠩ ᠳ᠋ᠤᠤ ᠵᠡᠭᠡᠯᠢ ᠭᠤᠲᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠲᠤ 6 ᠢᠵᠢ ᠲᠤᠰᠠᠯᠠᠬᠤ ᠪᠠᠭᠠᠵᠢ ᠬᠡᠷᠡᠭ᠌ᠰᠡᠯ᠂ 2071 ᠬᠤᠪᠢ ᠨᠣᠮ ᠪᠢᠴᠢᠭ ᠪᠠ 76 ᠢᠵᠢ 《ᠬᠠᠢᠷ᠎ᠠ ᠬᠠᠯᠠᠮᠵᠢ᠎ᠶ᠋ᠢᠨ ᠪᠣᠭ᠍ᠴᠣ》 ᠬᠠᠨᠳᠢᠪᠯᠠᠵᠤ᠂ ᠬᠠᠷᠢᠶ᠎ᠠ ᠣᠷᠣᠨ᠎ᠤ ᠳᠣᠲᠣᠷᠠᠬᠢ ᠬᠡᠷᠡᠭ᠌ᠴᠡᠭᠡ ᠱᠠᠭᠠᠷᠳᠠᠯᠭ᠎ᠠ᠎ᠲᠠᠶ ᠵᠡᠮᠳᠡᠭ᠌ᠴᠦᠳ ᠪᠠ ᠨᠠᠰᠤᠲᠠᠢᠴᠤᠳ᠎ᠲᠤ ᠪᠤᠲᠠᠲᠠᠢ ᠦᠶ᠋ᠯᠡᠴᠢᠯᠡᠭᠡ ᠬᠠᠩᠭᠠᠪᠠ᠃

ᠲᠣᠰ ᠤᠳᠠᠭ᠎ᠠ᠎ᠶ᠋ᠢᠨ ᠠᠵᠢᠯᠯᠠᠭ᠎ᠠ᠎ᠨᠢ ᠬᠤᠪᠢᠰᠭᠠᠯ᠎ᠤᠨ ᠥᠯᠢᠭᠡᠷ᠎ᠢ ᠤᠬᠠᠭᠤᠯᠤᠨ ᠲᠠᠢᠯᠪᠤᠷᠢᠯᠠᠬᠤ᠂ ᠰᠡᠳᠭᠢᠯ᠎ᠢ ᠳᠤᠯᠠᠭᠠᠴᠠᠭᠤᠯᠤᠨ ᠬᠠᠪᠰᠤᠷᠤᠨ ᠲᠡᠳᠬᠦᠬᠦ᠌᠂ ᠲᠤᠰᠠᠯᠠᠬᠤ ᠪᠠᠭᠠᠵᠢ ᠬᠡᠷᠡᠭᠰᠡᠯ ᠬᠠᠨᠳᠢᠪᠯᠠᠬᠤ ᠵᠡᠷᠭᠡ ᠡᠯᠪᠡᠭ ᠪᠠᠶᠠᠯᠢᠭ ᠬᠡᠯᠪᠡᠷᠢ᠎ᠪᠡᠷ ᠳᠡᠮᠵᠢᠨ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ ᠪᠠ ᠦᠨᠳᠦᠰᠦᠲᠡᠨ᠎ᠦ ᠬᠠᠤᠯᠢ ᠪᠡᠷ ᠵᠠᠰᠠᠬᠤ ᠤᠬᠠᠭᠤᠯᠭ᠎ᠠ᠎ᠶ᠋ᠢᠨ ᠭᠠᠷᠠᠭ᠎ᠤᠨ ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠵᠡᠮᠳᠡᠭ᠌ᠴᠦᠳ᠎ᠦᠨ ᠠᠵᠢᠯ᠎ᠳᠤ ᠨᠠᠢᠳᠠᠪᠤᠷᠢᠵᠢᠭᠤᠯᠬᠤ᠎ᠶ᠋ᠢ ᠪᠦᠲᠦᠮᠵᠢᠲᠡᠶ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号