2026 ᠤᠨ ᠤ᠋ 《ᠨᠢᠭᠡ ᠪᠦᠰᠡ ᠨᠢᠭᠡ ᠵᠠᠮ·ᠭᠡᠷᠡᠯ ᠭᠡᠭᠡ ᠶ᠋ᠢᠨ ᠠᠶᠠᠯᠠᠯ》 ᠤ᠋ᠨ ᠮᠤᠩᠭᠤᠯ ᠤᠯᠤᠰ ᠲᠤ᠌ ᠬᠡᠷᠡᠭᠵᠢᠭᠦᠯᠬᠦ ᠲᠦᠰᠦᠯ ᠤ᠋ᠨ ᠬᠠᠷᠠᠭᠠᠨ ᠵᠦᠢ ᠶ᠋ᠢᠨ ᠰᠤᠷᠭᠠᠯᠳᠠ ᠶ᠋ᠢᠨ ᠨᠡᠭᠡᠭᠡᠯᠳᠡ ᠶ᠋ᠢᠨ ᠶᠤᠰᠤᠯᠠᠯ ᠲᠦᠷᠦᠬᠦᠬᠡᠨ ᠬᠦᠬᠡᠬᠤᠳᠠ ᠳ᠋ᠤ ᠶᠠᠪᠤᠭᠳᠠᠵᠤ᠂ ᠮᠤᠩᠭᠤᠯ ᠤᠯᠤᠰ ᠤ᠋ᠨ ᠡᠯ᠎ᠠ ᠡᠮᠴᠢᠯᠡᠭᠡᠨ ᠤ᠋ ᠪᠠᠢᠭᠤᠯᠤᠮᠵᠢ ᠶ᠋ᠢᠨ ᠨᠢᠳᠤᠨ ᠤ᠋ ᠰᠠᠯᠠᠭ᠎ᠠ ᠡᠴᠡ ᠢᠷᠡᠭᠰᠡᠨ 10 ᠡᠮᠴᠢ ᠬᠦᠬᠡᠬᠤᠳᠠ ᠶ᠋ᠢᠨ ᠴᠤᠤ ᠵᠢᠤᠢ ᠨᠢᠳᠤᠨ ᠤ᠋ ᠡᠮᠨᠡᠯᠭᠡ ᠶ᠋ᠢᠨ ᠬᠤᠷᠢᠶ᠎ᠠ ᠪᠤᠯᠤᠨ ᠸᠧᠨᠵᠧᠤ ᠶ᠋ᠢᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠲᠤᠰᠬᠠᠢ ᠮᠡᠷᠭᠡᠵᠢᠯᠳᠡᠨ ᠤ᠋ ᠵᠢᠯᠤᠭᠤᠳᠤᠯᠭ᠎ᠠ ᠪᠡᠷ ᠨᠢᠭᠡ ᠰᠠᠷ᠎ᠠ ᠶ᠋ᠢᠨ ᠬᠤᠭᠤᠴᠠᠭ᠎ᠠ ᠪᠦᠬᠦᠢ ᠪᠤᠯᠪᠠᠰᠤᠷᠠᠯ ᠬᠦᠷᠳᠡᠬᠦ ᠪᠡᠷ ᠪᠤᠯᠪᠠ᠃
ᠳᠤᠮᠳᠠᠳᠤ ᠤᠯᠤᠰ ᠪᠤᠯᠤᠨ ᠮᠤᠩᠭᠤᠯ ᠤᠯᠤᠰ ᠪᠤᠯ ᠠᠭᠤᠯᠠ ᠤᠰᠤ ᠪᠡᠷ ᠶ᠋ᠢᠡᠨ ᠵᠠᠯᠭᠠᠯᠳᠤᠭᠰᠠᠨ ᠨᠦᠬᠦᠷᠰᠡᠭ ᠬᠦᠷᠰᠢ ᠤᠯᠤᠰ ᠮᠦᠨ᠃ ᠤᠢᠷ᠎ᠠ ᠶ᠋ᠢᠨ ᠵᠢᠯ ᠳ᠋ᠤ ᠳᠤᠮᠳᠠᠳᠤ ᠮᠤᠩᠭᠤᠯ ᠬᠤᠶᠠᠷ ᠲᠠᠯ᠎ᠠ ᠪᠡᠷ ᠶ᠋ᠢᠡᠨ ᠴᠠᠭᠠᠨ ᠬᠠᠷᠠᠩ ᠡᠪᠡᠳᠴᠢᠳᠠᠨ ᠢ᠋ ᠡᠷᠡᠭᠦᠯᠵᠢᠭᠦᠯᠬᠦ᠂ ᠲᠦᠷᠦᠯᠬᠢ ᠶ᠋ᠢᠨ ᠵᠢᠷᠦᠬᠡᠨ ᠡᠪᠡᠳᠴᠢᠨ ᠲᠠᠢ ᠬᠡᠤᠬᠡᠳ ᠢ᠋ ᠠᠪᠤᠷᠠᠨ ᠲᠤᠰᠠᠯᠠᠬᠤ᠂ ᠪᠠᠴᠢᠮ ᠪᠠᠢᠳᠠᠯ ᠢ᠋ ᠠᠷᠭᠠᠴᠠᠭᠠᠬᠤ ᠠᠪᠤᠷᠠᠨ ᠲᠤᠰᠠᠯᠠᠭᠴᠢ ᠶ᠋ᠢᠨ ᠪᠠᠭᠰᠢ ᠶ᠋ᠢᠨ ᠰᠤᠷᠭᠠᠯᠳᠠ᠂ ᠪᠠᠢᠭᠠᠯᠢ ᠶ᠋ᠢᠨ ᠭᠠᠮᠰᠢᠭ ᠡᠴᠡ ᠠᠪᠤᠷᠠᠨ ᠲᠤᠰᠠᠯᠠᠬᠤ ᠵᠡᠷᠭᠡ ᠬᠦᠷᠢᠶᠡᠨ ᠳ᠋ᠤ ᠠᠯᠢ ᠤᠯᠠᠨ ᠬᠠᠮᠳᠤᠷᠠᠯᠴᠠᠭᠠᠨ ᠤ᠋ ᠲᠦᠰᠦᠯ ᠢ᠋ ᠬᠡᠷᠡᠭᠵᠢᠭᠦᠯᠵᠦ᠂ ᠮᠤᠩᠭᠤᠯ ᠤᠯᠤᠰ ᠤ᠋ᠨ ᠠᠷᠠᠳ ᠲᠦᠮᠡᠨ ᠤ᠋ ᠡᠷᠡᠭᠦᠯ ᠮᠡᠨᠳᠦ ᠶ᠋ᠢᠨ ᠬᠡᠷᠡᠭᠴᠡᠭᠡ ᠱᠠᠭᠠᠷᠳᠠᠯᠭ᠎ᠠ ᠳ᠋ᠤ ᠪᠦᠲᠦᠮᠵᠢᠳᠠᠢ ᠦᠢᠯᠡᠴᠢᠯᠡᠬᠦ ᠶ᠋ᠢᠨ ᠬᠠᠮᠳᠤ ᠳᠤᠮᠳᠠᠳᠤ ᠮᠤᠩᠭᠤᠯ ᠤ᠋ᠨ ᠤᠯᠠᠮᠵᠢᠯᠠᠯᠳᠦ ᠨᠦᠬᠦᠷᠰᠡᠭ ᠬᠠᠷᠢᠴᠠᠭ᠎ᠠ ᠶ᠋ᠢ ᠪᠡᠬᠢᠵᠢᠭᠦᠯᠬᠦ ᠳ᠋ᠤ ᠢᠳᠡᠪᠬᠢ ᠬᠤᠪᠢ ᠨᠡᠮᠡᠷᠢ ᠦᠵᠡᠭᠦᠯᠵᠠᠢ᠃ ᠬᠠᠷᠠᠭᠠᠨ ᠵᠦᠢ ᠶ᠋ᠢᠨ ᠰᠤᠷᠭᠠᠯᠳᠠ ᠪᠤᠯ 2023 ᠤᠨ ᠤ᠋ 10 ᠰᠠᠷ᠎ᠠ ᠳ᠋ᠤ ᠳᠤᠮᠳᠠᠳᠤ ᠤᠯᠤᠰ ᠤ᠋ᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠪᠤᠯᠤᠨ ᠮᠤᠩᠭᠤᠯ ᠤᠯᠤᠰ ᠤ᠋ᠨ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠳᠤᠬᠢᠷᠠᠯᠴᠠᠭᠰᠠᠨ 《〈ᠨᠢᠭᠡ ᠪᠦᠰᠡ ᠨᠢᠭᠡ ᠵᠠᠮ〉 ᠤ᠋ᠨ ᠤᠯᠠᠭᠠᠨ ᠵᠠᠭᠠᠯᠮᠠᠢᠳᠠᠨ ᠤ᠋ ᠬᠦᠮᠦᠯᠢᠭ ᠦᠵᠡᠯ ᠤ᠋ᠨ ᠲᠦᠰᠦᠯ ᠤ᠋ᠨ ᠬᠠᠮᠳᠤᠷᠠᠯᠴᠠᠭᠠᠨ ᠤ᠋ ᠵᠦᠪᠯᠡᠯᠴᠡᠭᠡᠷ》 ᠤ᠋ᠨ ᠭᠤᠤᠯᠳᠠᠯᠭ᠎ᠠ ᠲᠠᠢ ᠲᠦᠷᠦᠯ ᠵᠦᠢᠯ ᠪᠠᠢᠵᠤ᠂ ᠤᠳᠤᠬᠠᠨ ᠪᠤᠯᠳᠠᠯ᠎ᠠ ᠵᠠᠯᠭᠠᠭ᠎ᠠ ᠪᠡᠷ 4 ᠵᠢᠯ ᠠᠵᠢᠯᠯᠠᠭ᠎ᠠ ᠦᠷᠨᠢᠭᠦᠯᠵᠦ᠂ ᠮᠤᠩᠭᠤᠯ ᠤᠯᠤᠰ ᠤ᠋ᠨ ᠨᠢᠳᠤᠨ ᠤ᠋ ᠰᠠᠯᠠᠭ᠎ᠠ ᠶ᠋ᠢᠨ 30 ᠡᠮᠴᠢ ᠤᠷᠢᠳ ᠬᠤᠵᠢᠳ ᠰᠢᠰᠲ᠋ᠧᠮ ᠲᠠᠢ ᠪᠤᠯᠪᠠᠰᠤᠷᠠᠯ ᠬᠦᠷᠳᠡᠵᠦ᠂ ᠮᠠᠰᠢ ᠰᠠᠢᠨ ᠦᠷ᠎ᠠ ᠪᠦᠲᠦᠮᠵᠢ ᠤᠯᠤᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号