《ᠰᠡᠷ ᠰᠡᠷ ᠰᠠᠯᠬᠢ ᠲᠠᠢ᠂ ᠫᠤᠷ ᠫᠤᠷ ᠪᠤᠷᠤᠭᠠᠨ ᠲᠠᠢ ᠪᠤᠷᠬᠠᠨ ᠪᠤᠮᠪᠤ ᠶ᠋ᠢᠨ ᠤᠷᠤᠨ ᠁》 ᠨᠠᠢᠷᠠᠯ ᠳᠠᠭᠤᠤ ᠬᠢᠭᠡᠳ ᠳᠠᠢᠰᠠᠨ ᠤ᠋ ᠲᠤᠭᠯᠠᠯᠳᠠ ᠪᠡᠷ ᠦᠵᠡᠭᠴᠢᠳ ᠤ᠋ᠨ ᠬᠠᠷᠠᠭᠠᠨ ᠳ᠋ᠦ ᠳᠤᠳᠤᠷᠠᠨ᠎ᠠ᠃ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠵᠤᠬᠢᠶᠠᠨ ᠲᠤᠭᠯᠠᠭᠰᠠᠨ ᠨᠠᠢᠷᠠᠯ ᠳᠠᠭᠤᠳᠦ ᠵᠦᠴᠦᠭᠡ 《ᠵᠠᠩᠭᠠᠷ》 ᠢ᠋ ᠲᠦᠷᠦᠬᠦᠬᠡᠨ ᠬᠦᠬᠡᠬᠤᠳᠠ ᠳ᠋ᠦ ᠠᠩᠬ᠎ᠠ ᠲᠤᠭᠯᠠᠵᠦ᠂ ᠱᠢᠨ᠎ᠡ ᠰᠠᠨᠠᠭ᠎ᠠ ᠠᠬᠤᠢ ᠬᠢᠭᠡᠳ ᠪᠠᠶᠠᠷ ᠪᠠᠬᠠᠳᠤᠯ ᠵᠢᠡᠷ ᠪᠢᠯᠬᠠᠭ᠍ᠰᠠᠨ ᠲᠤᠭᠯᠠᠯᠳᠠ ᠨᠢ ᠤᠯᠠᠨ ᠤ᠋ ᠪᠠᠬᠠᠷᠬᠠᠯ ᠳ᠋ᠤ ᠬᠦᠷᠴᠠᠢ᠃
ᠨᠠᠢᠷᠠᠯ ᠳᠠᠭᠤᠳᠦ ᠵᠦᠴᠦᠭᠡ 《ᠵᠠᠩᠭᠠᠷ》 ᠪᠣᠯ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠳᠠᠭᠤᠯᠠᠯᠳᠦ ᠵᠦᠴᠦᠭᠡ 《ᠵᠠᠩᠭᠠᠷ》 ᠤ᠋ᠨ ᠪᠣᠷᠣ ᠲᠥᠯᠥᠪ ᠳᠡᠭᠡᠷ᠎ᠡ ᠦᠭᠡᠷᠡᠴᠢᠯᠡᠨ ᠰᠢᠨᠡᠳᠬᠡᠵᠦ᠂ ᠭᠣᠴᠣᠯᠠᠯ ᠳᠠᠭᠤᠤ ᠪᠠᠷ ᠭᠤᠤᠯᠯᠠᠵᠦ ᠪᠠᠢᠭᠰᠠᠨ ᠡᠴᠡ ᠨᠠᠢᠷᠠᠯ ᠳᠠᠭᠤᠤ ᠪᠠᠷ ᠭᠤᠤᠯᠯᠠᠭᠤᠯᠤᠭ᠍ᠰᠠᠨ ᠤᠷᠠᠯᠢᠭ ᠤ᠋ᠨ ᠬᠡᠯᠪᠡᠷᠢ ᠲᠠᠢ ᠪᠤᠯᠭᠠᠨ᠂ ᠤᠯᠠᠮᠵᠢᠯᠠᠯᠲᠤ ᠮᠠᠶᠢᠭ ᠤ᠋ᠨ ᠨᠠᠢᠷᠠᠯ ᠳᠠᠭᠤᠤ ᠬᠢᠭᠡᠳ ᠳᠠᠭᠤᠯᠠᠯᠳᠦ ᠵᠦᠴᠦᠭᠡ ᠶ᠋ᠢᠨ ᠬᠡᠪ ᠮᠠᠶᠢᠭ ᠢ᠋ ᠦᠭᠡᠷᠡᠴᠢᠯᠡᠨ᠂ ᠰᠢᠨ᠎ᠠ ᠮᠠᠶᠢᠭ ᠤ᠋ᠨ ᠲᠠᠢᠰᠠᠨ ᠤ᠋ ᠲᠤᠭᠯᠠᠯᠳᠠ ᠵᠢ ᠵᠤᠬᠢᠶᠠᠨ ᠪᠦᠳᠦᠭᠡᠵᠡᠢ᠃ ᠲᠤᠰ ᠪᠦᠲᠦᠭᠡᠯ ᠨᠢ ᠳᠤᠮᠳᠠᠳᠤ ᠤᠯᠤᠰ ᠤ᠋ᠨ ᠭᠤᠷᠪᠠᠨ ᠲᠤᠮᠤ ᠲᠤᠤᠯᠢᠰ ᠤ᠋ᠨ ᠨᠢᠭᠡ ᠪᠣᠯᠬᠤ ᠮᠣᠩᠭᠣᠯ ᠦᠨᠳᠦᠰᠦᠲᠡᠨ ᠤ᠋ ᠪᠠᠭᠠᠲᠤᠷᠯᠢᠭ ᠲᠤᠤᠯᠢ 《ᠵᠠᠩᠭᠠᠷ》 ᠵᠢᠡᠷ ᠡᠭᠡ ᠳᠡᠪᠲᠡᠷ ᠪᠣᠯᠭᠠᠨ᠂ ᠥᠨᠥᠴᠢᠨ ᠵᠣᠷᠢᠭ᠍ᠲᠤ ᠪᠠᠭᠠᠲᠤᠷ ᠤ᠋ᠨ ᠬᠦᠦᠷᠨᠢᠯ ᠡᠴᠡ ᠰᠠᠯᠵᠤ᠂ 《ᠠᠷᠠᠳ ᠲᠦᠮᠡᠨ ᠤ᠋ ᠬᠦᠴᠦᠨ ᠴᠢᠳᠠᠯ᠂ ᠪᠦᠯᠬᠦᠮᠳᠡᠯ ᠨᠢᠭᠳᠠᠷᠠᠯ》 ᠤ᠋ᠨ ᠵᠣᠷᠢᠭ ᠰᠠᠨᠠᠭ᠎ᠠ ᠵᠢ ᠮᠠᠭᠳᠠᠨ ᠳᠠᠭᠤᠯᠠᠬᠤ ᠪᠡᠷ ᠭᠤᠤᠯ ᠪᠤᠯᠭᠠᠨ᠂ ᠵᠠᠩᠭᠠᠷ ᠠᠷᠠᠳ ᠤᠯᠠᠨ ᠤ᠋ ᠬᠠᠢᠷ᠎ᠠ ᠬᠠᠯᠠᠮᠵᠢ ᠳᠤᠮᠳᠠ ᠦᠰᠦᠨ ᠪᠣᠢᠵᠢᠵᠤ᠂ ᠠᠷᠪᠠᠨ ᠬᠣᠶᠠᠷ ᠪᠠᠭᠠᠲᠤᠷ ᠲᠠᠶ ᠪᠠᠨ ᠪᠤᠮᠪᠤ ᠶ᠋ᠢᠨ ᠤᠷᠤᠨ ᠤ᠋ ᠠᠷᠠᠳ ᠲᠦᠮᠡᠨ ᠲᠡᠶ ᠰᠡᠳᠭᠢᠯ ᠨᠢᠭᠡᠳᠦᠨ ᠮᠠᠩᠭᠤᠰ ᠢ᠋ ᠡᠰᠡᠷᠭᠦᠴᠡᠵᠦ᠍᠂ ᠨᠤᠲᠤᠭ ᠣᠷᠣᠨ ᠢ᠋ᠶ᠋ᠠᠨ ᠰᠠᠬᠢᠨ ᠬᠠᠮᠠᠭᠠᠯᠠᠭ᠍ᠰᠠᠨ ᠪᠠᠭᠠᠲᠤᠷᠯᠢᠭ ᠲᠤᠤᠯᠢᠰ ᠢ᠋ ᠬᠦᠦᠷᠨᠢᠨ ᠲᠤᠭᠯᠠᠵᠠᠢ᠃ ᠪᠥᠬᠥ᠌ ᠵᠦᠴᠦᠭᠡ ᠳ᠋ᠦ ᠳᠠᠭᠤᠯᠠᠬᠤ᠂ ᠤᠶᠠᠩᠭᠠᠯᠠᠬᠤ᠂ ᠪᠥᠵᠢᠭ᠌ᠯᠡᠬᠦ᠌᠂ ᠲᠣᠭ᠍ᠯᠠᠬᠤ ᠣᠯᠠᠨ ᠡᠱᠢᠲᠦ ᠤᠷᠠᠯᠢᠭ ᠤ᠋ᠨ ᠬᠡᠯᠪᠡᠷᠢ ᠵᠢ ᠠᠭᠤᠰᠬᠠᠨ᠂ ᠮᠣᠩᠭᠣᠯ ᠦᠨᠳᠦᠰᠦᠲᠡᠨ ᠤ᠋ ᠤᠯᠠᠮᠵᠢᠯᠠᠯᠲᠤ ᠬᠤᠯᠪᠤᠴᠠ ᠪᠠ ᠨᠠᠢᠷᠠᠯ ᠬᠥᠭ᠌ᠵᠢᠮ ᠢ᠋ ᠭᠦᠨᠵᠡᠭᠡᠶ ᠠᠭᠤᠰᠭᠠᠵᠤ᠂ ᠣᠲᠣ ᠦᠶ᠎ᠡ ᠶ᠋ᠢᠨ ᠤᠷᠠᠯᠢᠭ ᠤ᠋ᠨ ᠬᠦᠴᠦᠨ ᠣᠯᠭᠣᠵᠠᠢ᠃
《ᠪᠢ ᠵᠦᠴᠦᠭᠡ ᠶ᠋ᠢᠨ ᠦᠶ᠋ᠯᠡ ᠶᠠᠪᠤᠳᠠᠯ ᠳ᠋ᠦ ᠶᠡᠬᠡᠳᠡ ᠰᠡᠳᠭᠢᠯ ᠬᠥᠳᠡᠯᠦᠭᠰᠡᠨ᠂ ᠥᠪᠥᠷ ᠮᠣᠩᠭᠣᠯ ᠤ᠋ᠨ ᠤᠷᠠᠨ ᠪᠦᠳᠦᠭᠡᠯᠴᠢᠳ ᠬᠠᠮᠲᠤ ᠪᠠᠷ ᠠᠸ᠋ᠭᠠ ᠶᠡᠬᠡ ᠲᠤᠤᠯᠢ ᠵᠢ ᠳᠠᠭᠤᠯᠠᠨ ᠲᠤᠭᠯᠠᠭᠰᠠᠨ ᠨᠢ ᠮᠠᠰᠢ ᠠᠮᠵᠢᠯᠲᠠ ᠲᠠᠶ ᠪᠤᠯᠵᠠᠢ᠃ ᠲᠡᠭᠦᠯᠳᠡᠷ ᠬᠤᠭᠤᠷ ᠬᠠᠪᠰᠤᠷᠭᠠᠨ᠂ ᠬᠡᠳᠦᠨ ᠠᠷᠪᠠᠨ ᠨᠠᠢᠷᠠᠯ ᠳᠠᠭᠤᠴᠢᠨ ᠲᠤᠭᠯᠠᠭᠰᠠᠨ ᠲᠤᠭᠯᠠᠯᠳᠠ ᠶ᠋ᠢᠨ ᠬᠡᠯᠪᠡᠷᠢ ᠨᠢ ᠪᠥᠬᠥ᠌ ᠤᠯᠤᠰ ᠤ᠋ᠨ ᠲᠣᠭᠣᠷᠢᠨ ᠲᠣᠭ᠍ᠯᠠᠯᠲᠠ ᠳ᠋ᠤ ᠨᠠᠩ ᠠᠱᠢᠭ᠍ᠲᠠᠶ ᠪᠥᠭᠡᠳ ᠤᠯᠠᠮᠵᠢᠯᠠᠨ ᠲᠠᠷᠬᠠᠬᠤ ᠳ᠋ᠦ ᠴᠤ᠌ ᠠᠰᠢᠭᠳᠠᠢ ᠶᠤᠮ》 ᠭᠡᠵᠤ ᠳᠣᠷᠣᠨᠠᠳᠠᠬᠢᠨ ᠤ᠋ ᠲᠣᠭ᠍ᠯᠠᠯᠲᠠ ᠶ᠋ᠢᠨ ᠪᠦᠯᠦᠭ᠌ᠯᠡᠯ ᠤ᠋ᠨ ᠲᠡᠷᠢᠭᠦᠨ ᠪᠠᠢᠷᠢ ᠶ᠋ᠢᠨ ᠠᠶ᠎ᠠ ᠵᠣᠬᠢᠶᠠᠭ᠍ᠴᠢ ᠵᠠᠩ ᠳ᠋ᠠ ᠯᠢ ᠬᠡᠯᠡᠨ᠎ᠠ᠃ ᠲᠡᠬᠦᠨ ᠤ᠋ ᠦᠵᠡᠬᠦ᠌ᠪᠡᠷ᠂ ᠲᠣᠰ ᠵᠦᠴᠦᠭᠡ ᠨᠢ ᠠᠮᠵᠢᠯᠲᠠ ᠲᠠᠶ ᠪᠡᠷ ᠱᠢᠨ᠎ᠡ ᠵᠢ ᠡᠭᠦᠳᠦᠭ᠌ᠰᠡᠨ ᠮᠦᠷᠳᠡᠭᠡᠨ ᠮᠠᠰᠢ ᠶᠡᠬᠡ ᠬᠥᠲᠥᠯᠥᠨ ᠳᠠᠭᠠᠭᠤᠯᠬᠤ ᠦᠶ᠋ᠯᠡᠳᠦᠯ ᠲᠡᠶ ᠶᠤᠮ᠃
ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠡᠴᠡ ᠵᠣᠬᠢᠶᠠᠨ ᠪᠦᠲᠦᠭᠡᠵᠦ᠍ ᠲᠣᠭ᠍ᠯᠠᠭ᠍ᠰᠠᠨ ᠳᠠᠭᠤᠯᠠᠯᠲᠤ ᠵᠦᠴᠦᠭᠡ《ᠵᠠᠩᠭᠠᠷ》 ᠪᠣᠯ 2022 ᠣᠨ ᠤ᠋ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥᠨ ᠤ᠋ ᠲᠡᠳᠬᠦᠮᠵᠢ ᠶ᠋ᠢᠨ ᠭᠣᠣᠯᠳᠠᠯᠭ᠎ᠠ ᠲᠠᠶ ᠲᠦᠷᠦᠯ ᠵᠦᠢᠯ ᠪᠣᠯᠤᠨ᠎ᠠ᠂ 2025 ᠣᠨ ᠳ᠋ᠤ ᠠᠷᠪᠠᠨ ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠷᠠᠯᠢᠭ ᠤ᠋ᠨ ᠨᠠᠢᠷ ᠤ᠋ᠨ ᠱᠢᠯᠢᠳᠡᠭ ᠵᠦᠴᠦᠭᠡ ᠶ᠋ᠢᠨ ᠦᠵᠡᠭᠦᠯᠭᠡ ᠳ᠋ᠦ ᠰᠣᠩᠭᠣᠭ᠍ᠳᠠᠭ᠍ᠰᠠᠨ ᠪᠥᠭᠡᠳ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠸᠧᠨ ᠬᠤᠧᠠ ᠲᠤᠮᠤ ᠱᠠᠩᠨᠠᠯ ᠳ᠋ᠦ ᠨᠡᠷ᠎ᠡ ᠳᠤᠷᠠᠳᠤᠭ᠍ᠳᠠᠪᠠ᠃ ᠲᠡᠷᠡ ᠨᠢ ᠰᠣᠩᠭᠣᠳᠠᠭ ᠵᠣᠬᠢᠶᠠᠯ ᠤ᠋ᠨ ᠬᠢᠵᠠᠭᠠᠯᠠᠰᠢ ᠦᠭᠡᠢ ᠷᠢᠳᠢ ᠱᠢᠳᠢ ᠵᠢ ᠢᠯᠡᠷᠡᠭᠦᠯᠦᠭ᠌ᠰᠡᠨ ᠢ᠋ᠶ᠋ᠡᠷ ᠪᠠᠷᠠᠬᠤ ᠦᠭᠡᠢ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠬᠢᠨ ᠤ᠋ ᠤᠯᠠᠨ ᠲᠦᠮᠡᠨᠴᠢ ᠤᠳᠭ᠎ᠠ ᠤᠷᠠᠯᠢᠭ ᠤ᠋ᠨ ᠬᠥᠭ᠌ᠵᠢᠯᠲᠡ ᠵᠢ ᠠᠬᠢᠭᠤᠯᠬᠤ ᠶᠠᠪᠤᠴᠠ ᠳ᠋ᠠᠬᠢ ᠳᠡᠭᠡᠳᠦ ᠬᠡᠮᠵᠢᠶᠡᠨ ᠤ᠋ ᠰᠣᠶᠣᠯ ᠤ᠋ᠨ ᠤᠬᠠᠮᠰᠠᠷ ᠪᠣᠯᠤᠨ ᠰᠣᠶᠣᠯ ᠤ᠋ᠨ ᠢᠲᠡᠭᠡᠯ ᠢ᠋ ᠢᠯᠡᠷᠡᠭᠦᠯᠵᠡᠢ᠃