ᠥᠪᠥᠷ ᠮᠣᠩᠭᠣᠯ᠎ᠤᠨ ᠠᠩᠭᠢ 2 ᠠᠯᠲᠠᠨ ᠮᠧᠳᠠᠯ 2 ᠮᠥᠩᠭᠥᠨ ᠮᠧᠳᠠᠯ 1 ᠬᠦᠷᠡᠯ ᠮᠧᠳᠠᠯ ᠭᠠᠷᠳᠠᠪᠠ
2026-05-19 09:09:42
ᠵᠣᠬᠢᠶᠠᠭ᠍ᠴᠢ᠄
ᠴᠠᠢ ᠰᠧ ᠶᠤᠸᠠᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠲᠦᠷᠦᠬᠦᠭᠡᠨ 2026 ᠣᠨ᠎ᠤ ᠪᠥᠬᠥ ᠤᠯᠤᠰ᠎ᠤᠨ ᠡᠮᠡᠭᠲᠡᠢ᠎ᠶᠢᠨ ᠪᠤᠺᠰ᠎ᠤᠨ ᠲᠡᠮᠡᠴᠡᠭᠡᠨ᠎ᠦ ᠮᠠᠩᠯᠠᠢ ᠰᠢᠯᠭᠠᠷᠠᠭᠤᠯᠬᠤ ᠤᠷᠤᠯᠳᠤᠭᠠᠨ ᠾᠧᠨᠠᠨ ᠮᠤᠵᠢ᠎ᠶᠢᠨ ᠯᠥᠸᠧᠾᠧ ᠬᠣᠲᠠ᠎ᠳᠤ ᠥᠨᠳᠥᠷᠯᠡᠵᠦ᠂ ᠥᠪᠥᠷ ᠮᠣᠩᠭᠣᠯ᠎ᠤᠨ ᠲᠠᠮᠢᠷᠴᠢᠳ ᠭᠠᠷᠮᠠᠭᠠᠢ ᠠᠮᠵᠢᠯᠲᠠ ᠣᠯᠵᠤ᠂ 2 ᠠᠯᠲᠠᠨ ᠮᠧᠳᠠᠯ᠂ 2 ᠮᠥᠩᠭᠥᠨ ᠮᠧᠳᠠᠯ᠂ 1 ᠬᠦᠷᠡᠯ ᠮᠧᠳᠠᠯ ᠭᠠᠷᠳᠠᠪᠠ᠃   

ᠪᠦᠬᠦ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠢᠨ᠎ᠡ ᠦᠶᠡᠯᠡᠯ᠎ᠦᠨ ᠬᠤᠭᠤᠴᠠᠭᠠᠨ᠎ᠤ ᠠᠩᠬᠠᠨ᠎ᠤ ᠪᠦᠬᠦ ᠤᠯᠤᠰ᠎ᠤᠨ ᠲᠡᠷᠢᠭᠦᠨ ᠲᠡᠰ᠎ᠤᠨ ᠡᠮᠡᠭᠲᠡᠢ᠎ᠶᠢᠨ ᠪᠤᠺᠰ᠎ᠤᠨ ᠤᠷᠤᠯᠳᠤᠭᠠᠨ ᠪᠣᠯᠤᠭᠰᠠᠨ᠎ᠤ ᠬᠤᠪᠢ᠎ᠳᠤ᠂ ᠪᠦᠬᠦ ᠤᠯᠤᠰ᠎ᠤᠨ 38 ᠲᠥᠯᠥᠭᠡᠯᠡᠭᠴᠢ ᠵᠢᠨ ᠠᠩᠭᠢ᠎ᠶᠢᠨ 228 ᠲᠠᠮᠢᠷᠴᠢᠨ 10 ᠳᠤᠭᠤᠢᠯᠠᠡᠭ ᠲᠡᠰ᠎ᠤᠨ ᠥᠷᠢᠰᠦᠯᠳᠦᠭᠡᠨ᠎ᠳᠦ ᠣᠷᠣᠯᠴᠠᠪᠠ᠃ ᠤᠷᠤᠯᠳᠤᠭᠠᠨ ᠳ᠋ᠤ ᠭᠠᠭᠴᠠ ᠢᠯᠠᠭᠳᠠᠯ ᠵᠢᠡᠷ ᠰᠢᠭᠰᠢᠬᠦ ᠳᠦᠷᠢᠮ᠎ᠢ ᠬᠡᠷᠡᠭᠵᠢᠭᠦᠯᠵᠦ᠂ 45 — 48 ᠺᠢᠯᠣᠭ᠌ᠷᠠᠮ᠎ᠤᠨ ᠳᠡᠰ᠎ᠠᠴᠠ 80 ᠺᠢᠯᠣᠭ᠌ᠷᠠᠮ᠎ᠤᠨ ᠳᠡᠰ᠎ᠤᠨ 10 ᠤᠷᠤᠯᠳᠤᠭᠠᠨ᠎ᠤ ᠳᠤᠭᠤᠢᠯᠠᠩ᠎ᠢ ᠲᠣᠬᠢᠷᠠᠭᠤᠯᠵᠠᠢ᠃

ᠥᠪᠥᠷ ᠮᠣᠩᠭᠣᠯ᠎ᠤᠨ ᠨᠡᠶ᠋ᠢᠲᠡ 14 ᠲᠠᠮᠢᠷᠴᠢᠨ 8 ᠳᠤᠭᠤᠢᠯᠠᠡᠭ ᠲᠠᠰ᠎ᠤᠨ ᠤᠷᠤᠯᠳᠤᠭᠠᠨ᠎ᠳᠤ ᠣᠷᠣᠯᠴᠠᠵᠤ᠂ 6 ᠡᠳᠦᠷ᠎ᠦᠨ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ ᠨᠡᠶ᠋ᠢᠲᠡ 2 ᠠᠯᠲᠠᠨ ᠮᠧᠳᠠᠯ 2 ᠮᠥᠩᠭᠥᠨ ᠮᠧᠳᠠᠯ 1 ᠬᠦᠷᠡᠯ ᠮᠧᠳᠠᠯ ᠪᠠ 2 ᠲᠠᠪᠤᠳᠤᠭᠠᠷ ᠳᠡᠰ᠎ᠲᠤ ᠣᠷᠣᠵᠠᠢ᠃ ᠡᠭᠦᠨ᠎ᠳᠦ᠂ ᠶᠠᠩ ᠯᠢᠦ 70 ᠺᠢᠯᠣᠭ᠌ᠷᠠᠮ᠎ᠤᠨ ᠲᠠᠰ᠎ᠤᠨ ᠠᠯᠲᠠᠨ ᠮᠧᠳᠠᠯ ᠣᠯᠵᠤ᠂ ᠸᠠᠩ ᠵᠢᠶᠠ ᠬᠣᠶ 80 ᠺᠢᠯᠣᠭ᠌ᠷᠠᠮ᠎ᠤᠨ ᠲᠠᠰ᠎ᠤᠨ ᠠᠯᠲᠠᠨ ᠮᠧᠳᠠᠯ ᠣᠯᠵᠤ᠂ ᠵᠣᠣ ᠰᠢᠦᠸᠠᠨ 54 ᠺᠢᠯᠣᠭ᠌ᠷᠠᠮ᠎ᠤᠨ ᠲᠠᠰ᠎ᠤᠨ ᠮᠥᠩᠭᠥᠨ ᠮᠧᠳᠠᠯ ᠣᠯᠵᠤ᠂ ᠵᠠᠩ ᠷᠦ᠍ ᠰᠢᠦᠸᠠᠢ 80 ᠺᠢᠯᠣᠭ᠌ᠷᠠᠮ᠎ᠤᠨ ᠲᠠᠰ᠎ᠤᠨ ᠮᠥᠩᠭᠥᠨ ᠮᠧᠳᠠᠯ ᠣᠯᠵᠤ᠂ ᠯᠢᠦ ᠰᠢᠨ ᠶᠤᠸᠠᠢ 60 ᠺᠢᠯᠣᠭ᠌ᠷᠠᠮ᠎ᠤᠨ ᠲᠠᠰ᠎ᠤᠨ ᠬᠦᠷᠡᠯ ᠮᠧᠳᠠᠯ ᠣᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号