4 ᠰᠠᠷ᠎ᠠ᠎ᠶ᠋ᠢᠨ 28 ᠤ᠋ ᠡᠳᠦᠷ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠭ᠌ᠰᠡᠨ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ ᠳ᠋ᠤ ᠦᠢᠯᠡᠴᠢᠯᠡᠬᠦ ᠵᠢᠴᠢ 《ᠮᠣᠩᠭᠣᠯ ᠤᠯᠤᠰᠲᠡᠬᠢ ᠠᠶᠠᠯᠠᠯ》 ᠭᠠᠢᠯᠢ ᠲᠠᠲᠠᠪᠤᠷᠢ᠎ᠶ᠋ᠢᠨ ᠭᠣᠣᠯ ᠰᠡᠳᠦᠪᠲᠦ ᠡᠳᠦᠷ᠎ᠦᠨ ᠱᠢᠷᠢᠰ ᠠᠵᠢᠯᠯᠠᠭ᠎ᠠ ᠬᠥᠬᠡᠬᠣᠲᠠ᠎ᠳᠤ ᠡᠬᠢᠯᠡᠪᠡ᠃
ᠲᠣᠰ ᠤᠳᠠᠭᠠᠨ᠎ᠤ ᠱᠢᠷᠢᠰ ᠠᠵᠢᠯᠯᠠᠭ᠎ᠠ᠎ᠨᠢ 6 ᠰᠠᠷ᠎ᠠ᠎ᠶ᠋ᠢᠨ ᠬᠤᠭᠤᠴᠠᠭ᠎ᠠ᠎ᠲᠠᠶ ᠶᠠᠪᠤᠭ᠍ᠳᠠᠵᠤ᠂ ᠳᠤᠮᠳᠠᠳᠤ ᠮᠣᠩᠭᠣᠯ᠎ᠤᠨ ᠬᠢᠯᠢ ᠠᠯᠤᠰᠯᠠᠭ᠍ᠰᠠᠨ ᠠᠷᠠᠯᠵᠢᠶ᠎ᠠ᠂ ᠭᠠᠢᠯᠢ ᠲᠠᠲᠠᠪᠤᠷᠢ᠎ᠶ᠋ᠢᠨ ᠵᠥᠪᠳᠡᠯᠴᠡᠬᠡᠷ᠎ᠦᠨ ᠬᠠᠷᠠᠭᠠᠯᠵᠠᠯ᠂ ᠬᠢᠯᠢ᠎ᠶ᠋ᠢᠨ ᠭᠠᠳᠠᠨᠠᠬᠢ ᠠᠱᠢᠭ ᠣᠷᠣᠯᠭ᠎ᠠ᠎ᠶ᠋ᠢ ᠲᠤᠯᠭᠠᠨ ᠭᠡᠯᠳᠦᠷᠢᠭᠦᠯᠬᠦ᠌᠂ ᠭᠠᠳᠠᠭᠠᠳᠤ ᠭᠠᠷᠭᠠᠯᠲᠠ᠎ᠶ᠋ᠢᠨ ᠭᠠᠢᠯᠢ᠎ᠶ᠋ᠢ ᠪᠤᠴᠠᠭᠠᠬᠤ᠎ᠳᠤ ᠲᠥᠬᠥᠮ ᠦᠵᠡᠭᠦᠯᠬᠦ᠌᠂ ᠬᠢᠯᠢ ᠠᠯᠤᠰᠯᠠᠭ᠍ᠰᠠᠨ ᠭᠠᠢᠯᠢ᠎ᠳᠤ ᠬᠣᠯᠪᠣᠭ᠍ᠳᠠᠬᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠣᠯᠠᠨ ᠬᠡᠯᠪᠡᠷᠢ᠎ᠶ᠋ᠢᠨ᠂ ᠣᠯᠠᠨ ᠠᠷᠭ᠎ᠠ ᠵᠠᠮ᠎ᠤᠨ ᠣᠨᠣᠴᠠᠲᠠᠶ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠪᠠ ᠲᠥᠬᠥᠮ ᠦᠶ᠋ᠯᠡᠴᠢᠯᠡᠭᠡ᠎ᠶ᠋ᠢ ᠥᠷᠨᠢᠭᠦᠯᠵᠦ᠍᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃
ᠡᠬᠢᠯᠡᠯᠲᠡ᠎ᠶ᠋ᠢᠨ ᠶᠣᠰᠣᠯᠠᠯ᠎ᠤᠨ ᠠᠬᠤᠶ ᠲᠠᠯᠠᠪᠠᠶ᠎ᠳᠤ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠣᠯᠠᠨ ᠤᠯᠤᠰ᠎ᠤᠨ ᠭᠠᠢᠯᠢ ᠲᠠᠲᠠᠪᠤᠷᠢ᠎ᠶ᠋ᠢᠨ ᠵᠠᠯᠠᠭᠤᠴᠤᠳ᠎ᠤᠨ ᠠᠵᠢᠯ᠎ᠤᠨ ᠥᠷᠲᠡᠭᠡ᠎ᠳᠦ ᠫᠠᠢᠰᠠ ᠣᠯᠭᠣᠪᠠ᠃ ᠥᠪᠥᠷ ᠮᠣᠩᠭᠣᠯ᠎ᠤᠨ ᠠᠭᠤᠷᠬᠠᠶ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯᠤᠨ ᠮᠣᠩᠭᠣᠯ ᠤᠯᠤᠰ᠎ᠤᠨ ᠡᠦᠬᠶᠦ ᠲᠣᠯᠣᠭᠠᠶ ᠬᠢᠵᠠᠭᠠᠷᠲᠤ ᠺᠣᠮᠫᠠᠨᠢ᠎ᠶ᠋ᠢᠨ ᠪᠠᠶᠠᠨᠨᠠᠭᠤᠷ ᠬᠣᠲᠠ᠎ᠳᠤ ᠰᠠᠭᠤᠭ᠎ᠠ ᠲᠥᠯᠥᠭᠡᠯᠡᠭ᠌ᠴᠢ᠎ᠶ᠋ᠢᠨ ᠭᠠᠵᠠᠷ᠎ᠤᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠲᠣᠰ ᠲᠣᠰ 《ᠭᠠᠷᠴᠤ᠌ ᠶᠠᠪᠤᠬᠤ》 ᠪᠠ 《ᠣᠷᠣᠭᠤᠯᠤᠨ ᠠᠪᠴᠢᠷᠠᠬᠤ》 ᠠᠵᠤ ᠠᠬᠤᠢᠯᠠᠯ᠎ᠤᠨ ᠲᠥᠯᠥᠭᠡᠯᠡᠭ᠌ᠴᠢ᠎ᠶ᠋ᠢᠨ ᠬᠤᠪᠢ᠎ᠪᠠᠷ ᠬᠢᠯᠢ ᠠᠯᠤᠰᠯᠠᠭ᠍ᠰᠠᠨ ᠡᠵᠡᠩᠨᠡᠯᠲᠡ ᠳᠤᠮᠳᠠᠬᠢ ᠭᠠᠢᠯᠢ᠎ᠳᠤ ᠬᠣᠯᠪᠣᠭ᠍ᠳᠠᠭ᠍ᠰᠠᠨ ᠥᠩᠭᠡᠷᠡᠯᠲᠡ ᠪᠠ ᠪᠣᠳᠠᠲᠠᠶ ᠬᠦᠰᠡᠯ ᠱᠠᠭᠠᠷᠳᠠᠯᠭ᠎ᠠ᠎ᠪᠠᠨ ᠬᠤᠪᠢᠶᠠᠯᠴᠠᠪᠠ᠃ 《2023 ᠣᠨ᠎ᠤ 10 ᠰᠠᠷ᠎ᠠ᠎ᠳᠤ ᠥᠪᠥᠷ ᠮᠣᠩᠭᠣᠯ᠎ᠤᠨ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ 〈ᠭᠠᠢᠯᠢ᠎ᠶ᠋ᠢᠨ ᠵᠠᠮ᠎ᠤᠨ ᠨᠡᠪᠲᠡᠷᠡᠯ· ᠤᠮᠠᠷᠠᠲᠤ ᠬᠢᠯᠢ᠎ᠶ᠋ᠢᠨ ᠠᠶᠠᠯᠠᠯ〉 ᠤ᠋ᠨ ᠬᠢᠯᠢ ᠠᠯᠤᠰᠯᠠᠭ᠍ᠰᠠᠨ ᠭᠠᠢᠯᠢ ᠲᠠᠲᠠᠪᠤᠷᠢ᠎ᠶ᠋ᠢᠨ ᠦᠶ᠋ᠯᠡᠴᠢᠯᠡᠭᠡᠨ᠎ᠦ ᠲᠦᠷᠦᠯ ᠲᠡᠮᠳᠡᠭ᠌᠎ᠢ ᠡᠭᠦᠳᠴᠦ᠂ ᠠᠵᠤ ᠠᠬᠤᠢᠯᠠᠯ᠎ᠤᠨ ᠳᠤᠮᠳᠠᠳᠤ ᠮᠣᠩᠭᠣᠯ᠎ᠤᠨ ᠭᠠᠢᠯᠢ ᠲᠠᠲᠠᠪᠤᠷᠢ᠎ᠶ᠋ᠢᠨ ᠬᠡᠯᠡᠯᠴᠡᠭᠡᠷ᠎ᠦᠨ ᠬᠠᠷᠠᠭᠠᠯᠵᠠᠯ᠎ᠢ ᠭᠥᠷᠳᠡᠬᠦ᠌᠎ᠳᠦ ᠲᠤᠢᠯ᠎ᠤᠨ ᠶᠡᠬᠡ ᠲᠥᠬᠥᠮ ᠦᠵᠡᠭᠦᠯᠪᠡ》 ᠭᠡᠵᠦ᠍ ᠥᠪᠥᠷ ᠮᠣᠩᠭᠣᠯ᠎ᠤᠨ ᠠᠭᠤᠷᠬᠠᠢ᠎ᠵᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠬᠡᠯᠡᠪᠡ᠃
ᠳᠤᠮᠳᠠᠳᠤ ᠮᠣᠩᠭᠣᠯ ᠬᠣᠶᠠᠷ ᠤᠯᠤᠰ ᠠᠭᠤᠯᠠ ᠤᠰᠤ᠎ᠪᠠᠷ᠎ᠢᠶᠠᠨ ᠵᠠᠯᠭᠠᠯᠳᠤᠵᠤ᠂ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ ᠨᠢᠭ᠍ᠲᠠ ᠪᠠᠢᠳᠠᠭ᠃ ᠥᠪᠥᠷ ᠮᠣᠩᠭᠣᠯ᠎ᠤᠨ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠦᠳ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠰᠠᠨᠠᠭᠠᠴᠢᠯᠠᠭ᠎ᠠ᠎ᠠᠴᠠ᠎ᠪᠠᠨ ᠤᠯᠤᠰ᠎ᠤᠨ ᠭᠠᠳᠠᠭᠠᠳᠤ᠎ᠳᠠᠬᠢ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ᠎ᠳᠤ ᠠᠭᠤᠰᠤᠯᠴᠠᠬᠤ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠵᠢ ᠭᠦᠨᠵᠡᠭᠡᠶ ᠨᠠᠢᠳᠠᠪᠤᠷᠢᠵᠢᠭᠤᠯᠵᠤ᠂ 《ᠭᠠᠢᠯᠢ᠎ᠶ᠋ᠢᠨ ᠵᠠᠮ᠎ᠤᠨ ᠨᠡᠪᠲᠡᠷᠡᠯ》 ᠤ᠋ᠨ ᠲᠥᠷᠥᠯ ᠲᠡᠮᠳᠡᠭ᠌ᠲᠦ᠍᠎ᠶ᠋ᠢᠨ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠢᠳᠡᠪᠬᠢᠲᠡᠶ ᠨᠠᠢᠳᠠᠪᠤᠷᠢᠵᠢᠭᠤᠯᠤᠨ᠂ ᠭᠠᠢᠯᠢ ᠲᠠᠲᠠᠪᠤᠷᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠪᠡ᠃ ᠲᠠᠷᠠᠭᠠᠴᠢ᠎ᠶ᠋ᠢᠨ ᠠᠯᠬᠤᠮ᠎ᠳᠤ ᠥᠪᠥᠷ ᠮᠣᠩᠭᠣᠯ᠎ᠤᠨ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ《ᠭᠠᠢᠯᠢ᠎ᠶ᠋ᠢᠨ ᠵᠠᠮ᠎ᠤᠨ ᠨᠡᠪᠲᠡᠷᠡᠯ·ᠤᠮᠠᠷᠠᠲᠤ ᠬᠢᠯᠢ᠎ᠶ᠋ᠢᠨ ᠠᠶᠠᠯᠠᠯ》 ᠤ᠋ᠨ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠠᠪᠰᠤᠷᠤᠨ ᠵᠢᠯᠣᠭᠣᠳᠣᠯᠭ᠎ᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠂ ᠭᠠᠢᠯᠢ ᠭᠦᠶ᠋ᠴᠡᠳᠭᠡᠬᠦ᠌ ᠴᠤᠪᠤᠷᠠᠯ᠎ᠢ ᠳᠥᠭᠥᠮᠴᠢᠯᠡᠵᠦ᠍᠂ ᠪᠣᠭᠣᠮᠲᠠ᠎ᠶ᠋ᠢᠨ ᠣᠨᠴᠠᠯᠢᠭ᠍ᠲᠤ ᠦᠶ᠋ᠯᠡᠴᠢᠯᠡᠭᠡ᠎ᠶ᠋ᠢ ᠨᠠᠷᠢᠯᠢᠭ ᠬᠢᠨ᠎ᠠ; ᠱᠠᠲᠤ ᠳᠠᠷᠠᠭᠠᠯᠠᠨ ᠠᠬᠢᠭᠤᠯᠬᠤ᠂ ᠬᠣᠯᠪᠣᠭᠠᠯᠠᠨ ᠥᠷᠨᠢᠭᠦᠯᠬᠦ᠌ ᠬᠡᠯᠪᠡᠷᠢ᠎ᠪᠡᠷ ᠣᠯᠠᠨ ᠵᠦᠶ᠋ᠯ᠎ᠦᠨ ᠪᠥᠬᠥ᠌ ᠬᠡᠯᠬᠢᠶᠡᠨ᠎ᠦ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠠᠵᠤ ᠠᠬᠤᠢᠯᠠᠯ᠎ᠤᠨ ᠬᠢᠯᠢ ᠠᠯᠤᠰᠯᠠᠭ᠍ᠰᠠᠨ ᠭᠠᠢᠯᠢ᠎ᠳᠤ ᠬᠣᠯᠪᠣᠭ᠍ᠳᠠᠬᠤ ᠬᠦᠴᠢᠷ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ ᠪᠣᠯᠤᠨ 《ᠣᠷᠣᠭᠤᠯᠤᠨ ᠠᠪᠴᠢᠷᠠᠬᠤ》᠂ 《ᠭᠠᠷᠴᠦ ᠶᠠᠪᠤᠬᠤ》 ᠠᠵᠤ ᠠᠬᠤᠢᠯᠠᠯ᠎ᠤᠨ ᠪᠠᠯᠠ ᠣᠷᠣᠭᠤᠯᠤᠨ ᠬᠥᠭ᠌ᠵᠢᠬᠦ᠌᠎ᠳᠦ ᠬᠦᠴᠦᠲᠡᠶ ᠭᠠᠢᠯᠢ᠎ᠶ᠋ᠢᠨ ᠶᠠᠪᠤᠳᠠᠯ᠎ᠤᠨ ᠲᠤᠯᠭᠠᠭᠤᠷᠢᠯᠠᠯ ᠬᠠᠩᠭᠠᠬᠤ ᠪᠤᠯᠤᠨ᠎ᠠ᠃