5 ᠰᠠᠷ᠎ᠠ᠎ᠶᠢᠨ 15 ᠤ᠋ ᠡᠳᠦᠷ᠂ 2026 ᠣᠨ᠎ᠤ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠠᠷᠠᠭ᠎ᠤᠨ ᠠᠵᠢᠯᠯᠠᠭ᠎ᠠ ᠵᠢᠴᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠬᠠᠭᠤᠯᠭ᠎ᠠ᠎ᠶᠢᠨ ᠰᠠᠷ᠎ᠠ᠎ᠶᠢᠨ ᠡᠬᠢᠯᠡᠯᠲᠡ᠎ᠶᠢᠨ ᠶᠣᠰᠣᠯᠠᠯ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠤ ᠶᠠᠪᠤᠭᠳᠠᠪᠠ᠃
2026 ᠣᠨ᠎ᠤ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠠᠷᠠᠭ᠎ᠤᠨ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ᠎ᠨᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢ ᠰᠤᠳᠤᠯᠤᠨ ᠶᠠᠷᠢᠯᠴᠠᠬᠤ᠂ ᠤᠷ᠎ᠠ ᠮᠡᠷᠬᠡᠵᠢᠯ᠎ᠤᠨ ᠴᠢᠳᠠᠪᠤᠷᠢᠲᠠᠨ ᠪᠣᠯᠬᠤ᠎ᠶᠢ ᠤᠬᠠᠭᠤᠯᠤᠨ ᠲᠠᠢᠯᠪᠤᠷᠢᠯᠠᠬᠤ᠂ ᠠᠵᠤ ᠦᠢᠯᠡᠰ ᠪᠠ ᠵᠢᠭᠠᠨ ᠰᠤᠷᠭᠠᠯᠳᠠ ᠵᠢ ᠠᠭᠤᠰᠤᠯᠴᠠᠭᠤᠯᠤᠭᠰᠠᠨ ᠵᠢᠱ᠌ᠢᠶ᠎ᠡ ᠦᠵᠡᠭᠦᠯᠬᠦ᠂ ᠬᠥᠭᠵᠢᠯᠲᠡ᠎ᠶᠢᠨ ᠦᠷ᠎ᠡ ᠪᠦᠲᠦᠮᠵᠢ᠎ᠶᠢ ᠳᠡᠯᠭᠡᠨ ᠦᠵᠡᠭᠦᠯᠬᠦ᠂ ᠠᠵᠢᠯ ᠮᠡᠷᠭᠡᠵᠢᠯ᠎ᠦᠨ ᠤᠷ᠎ᠠ ᠮᠡᠷᠬᠡᠵᠢᠯ᠎ᠢ ᠣᠢᠯᠠᠭᠠᠬᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠠᠢᠨ ᠳᠤᠷ᠎ᠠ᠎ᠶᠢᠨ ᠦᠢᠯᠡᠴᠢᠯᠡᠭᠡ ᠵᠢᠴᠢ ᠣᠷᠣᠨ ᠨᠤᠲᠤᠭ᠎ᠤᠨ ᠣᠨᠴᠠᠯᠢᠭ᠍ᠲᠤ ᠠᠵᠢᠯᠯᠠᠭ᠎ᠠ ᠵᠡᠷᠭᠡ ᠲᠤᠯᠤᠭᠠᠨ ᠲᠣᠮᠣ᠌ ᠬᠡᠰᠡᠭᠠᠭᠤᠯᠭᠠ ᠵᠢᠨ ᠳᠤᠭᠤᠷᠢᠨ ᠳ᠋ᠤ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠰᠤᠷᠭᠠᠭᠤᠯᠢ᠎ᠶᠢᠨ ᠬᠦᠷᠢᠶᠡᠨ᠎ᠦ ᠭᠣᠣᠯ ᠬᠤᠷᠠᠯ᠎ᠤᠨ ᠲᠠᠯᠠᠪᠠᠶᠪᠤᠯᠤᠨ ᠬᠥᠬᠡᠬᠣᠲᠠ᠎ᠶᠢᠨ ᠪᠠᠷᠠᠭᠤᠨ ᠤᠰᠤᠲᠤ ᠲᠣᠰᠬᠣᠨ᠎ᠤ ᠬᠥᠳᠡᠭᠡ ᠲᠣᠰᠬᠣᠨ᠎ᠤ ᠬᠤᠪᠢᠶᠠᠷᠢ ᠬᠤᠷᠠᠯ᠎ᠤᠨ ᠲᠠᠯᠠᠪᠠᠶ᠎ᠲᠠᠢ ᠬᠣᠣᠰ ᠱᠤᠭᠤᠮ᠎ᠢᠶᠠᠷ ᠬᠣᠯᠪᠣᠯᠳᠤᠭᠤᠯᠵᠤ᠂ ᠬᠥᠬᠡᠬᠣᠲᠠ᠎ᠶᠢᠨ ᠭᠣᠣᠯ ᠬᠤᠷᠠᠯ᠎ᠤᠨ ᠲᠠᠯᠠᠪᠠᠢ ᠪᠣᠯᠣᠨ ᠤᠯᠠᠭᠠᠨᠬᠠᠳᠠ ᠬᠤᠳᠠ᠂ ᠣᠷᠳᠣᠰ ᠬᠤᠳᠠ᠎ᠶᠢᠨ ᠬᠤᠪᠢᠶᠠᠷᠢ ᠬᠤᠷᠠᠯ᠎ᠤᠨ ᠲᠠᠯᠠᠪᠠᠢ ᠵᠡᠷᠭᠡ ᠭᠤᠷᠪᠠᠨ ᠭᠠᠵᠠᠷ᠎ᠤᠨ ᠬᠠᠷᠢᠯᠴᠠᠨ ᠬᠥᠳᠡᠯᠦᠯᠴᠡᠬᠦ ᠵᠠᠭᠪᠤᠷ᠎ᠢᠶᠠᠷ ᠶᠠᠪᠤᠭᠳᠠᠵᠤ᠂ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠣᠷᠣᠨ ᠪᠦᠰᠡ᠎ᠶᠢᠨ ᠠᠵᠤ ᠠᠬᠤᠢ᠎ᠶᠢᠨ ᠬᠥᠭᠵᠢᠯᠲᠡ ᠳ᠋ᠤ ᠬᠦᠴᠦᠨ ᠤᠯᠭᠤᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠪᠠᠢᠯᠳᠤᠬᠤ ᠪᠣᠳᠣᠯᠭ᠎ᠠ᠎ᠶᠢᠨ ᠥᠪᠡᠷᠮᠢᠴᠡ ᠳᠠᠪᠠᠭᠤᠯᠢᠭ᠋ ᠪᠣᠯᠣᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠪᠣᠰᠣᠭ᠎ᠠ ᠴᠣᠭᠴᠠ᠎ᠪᠠᠷ ᠢᠯᠡᠷᠡᠭᠦᠯᠵᠦ᠂ ᠤᠷ᠎ᠠ ᠮᠡᠷᠬᠡᠵᠢᠯ ᠵᠢᠡᠷ ᠬᠥᠮᠥᠨ᠎ᠢ ᠬᠥᠮᠥᠵᠢᠭᠦᠯᠬᠦ ᠪᠣᠯᠣᠨ ᠣᠷᠣᠨ ᠪᠦᠰᠡ᠎ᠶᠢᠨ ᠬᠥᠭᠵᠢᠯᠲᠡ᠎ᠶᠢ ᠵᠡᠷᠭᠡ ᠪᠡᠷ ᠠᠬᠢᠭᠤᠯᠬᠤ ᠵᠢᠨ ᠢᠯᠡ ᠲᠣᠳᠣ᠌ ᠣᠨᠴᠠᠯᠢᠭ᠋ ᠪᠣᠯᠣᠨ ᠦᠢᠯᠡᠳᠦᠯᠭᠡ᠎ᠶᠢᠨ ᠦᠷ᠎ᠡ ᠪᠦᠲᠦᠮᠵᠢ᠎ᠶᠢ ᠠᠮᠢᠳᠤᠯᠢᠭ᠋᠎ᠢᠶᠠᠷ ᠢᠯᠡᠷᠡᠭᠦᠯᠪᠡ᠃
ᠰᠤᠷᠭᠠᠭᠤᠯᠢ᠎ᠶᠢᠨ ᠬᠦᠷᠢᠶᠡᠨ᠎ᠦ ᠭᠣᠣᠯ ᠬᠤᠷᠠᠯ᠎ᠤᠨ ᠲᠠᠯᠠᠪᠠᠢ᠎ᠳᠤ᠂ ᠪᠣᠬᠢᠷᠲᠤᠯ ᠦᠭᠡᠢ ᠪᠠᠷᠢᠯᠭ᠎ᠠ᠂ ᠬᠢᠮᠢ᠎ᠶᠢᠨ ᠠᠵᠤ ᠦᠢᠯᠡᠳᠪᠦᠷᠢ᠎ᠶᠢᠨ ᠬᠡᠷᠡᠭᠯᠡᠭᠡ᠂ ᠤᠯᠤᠰ᠎ᠤᠨ ᠤᠷᠤᠯᠳᠤᠭᠠᠨ ᠳ᠋ᠤ ᠤᠷᠤᠯᠴᠠᠭᠰᠠᠳ᠎ᠤᠨ ᠤᠷ᠎ᠠ ᠮᠡᠷᠭᠡᠵᠢᠯ᠎ᠦᠨ ᠦᠵᠡᠭᠦᠯᠭᠡ᠂ ᠡᠯᠧᠺᠲᠷᠣᠨ ᠬᠤᠳᠠᠯᠳᠤᠭ᠎ᠠ᠎ᠪᠠᠷ ᠬᠥᠳᠡᠭᠡ ᠠᠵᠤ ᠠᠬᠤᠢ᠎ᠶᠢ ᠲᠤᠰᠠᠯᠠᠬᠤ ᠰᠢᠭᠤᠳ ᠨᠡᠪᠲᠡᠷᠡᠭᠦᠯᠭᠡ ᠵᠡᠷᠭᠡ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠢ ᠲᠥᠪᠯᠡᠷᠡᠭᠦᠯᠦᠨ ᠦᠵᠡᠬᠦᠯᠬᠦ ᠵᠢᠨ ᠬᠠᠮᠲᠤ ᠱᠤᠤᠮᠠᠢ᠂ ᠲᠠᠪᠤᠨ ᠴᠤᠯᠤ ᠵᠢᠨ ᠱᠦᠯᠦ ᠵᠡᠷᠭᠡ ᠣᠷᠣᠨ ᠨᠤᠲᠤᠭ᠎ᠤᠨ ᠣᠨᠴᠠᠯᠢᠭ᠍ᠲᠤ ᠠᠵᠤ ᠦᠢᠯᠡᠰ᠎ᠦᠨ ᠦᠷ᠎ᠡ ᠪᠦᠲᠦᠭᠡᠯ᠎ᠦᠨ ᠦᠵᠡᠭᠦᠯᠭᠡ᠎ᠶᠢᠨ ᠭᠣᠭᠴᠣᠭ᠎ᠠ᠎ᠶᠢ ᠲᠣᠬᠢᠷᠠᠭᠤᠯᠵᠤ᠂ ᠢᠳᠡᠭᠡᠨ ᠤᠮᠳᠠᠭᠠᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠷ᠎ᠠ ᠮᠡᠷᠭᠡᠵᠢᠯ ᠪᠣᠯᠣᠨ ᠥᠪᠥᠷ ᠮᠣᠩᠭᠣᠯ᠎ᠤᠨ ᠢᠳᠡᠭᠡᠨ ᠤᠮᠳᠠᠭᠠᠨ᠎ᠤ ᠰᠣᠶᠣᠯ᠎ᠤᠨ ᠲᠠᠳᠠᠬᠤ ᠬᠦᠴᠦᠨ᠎ᠢ ᠳᠡᠯᠭᠡᠨ ᠦᠵᠡᠭᠦᠯᠪᠡ᠃ ᠪᠠᠷᠠᠭᠤᠨ ᠤᠰᠤᠲᠤ ᠲᠣᠰᠬᠣᠨ᠎ᠤ ᠬᠥᠳᠡᠭᠡ ᠲᠣᠰᠬᠣᠨ᠎ᠤ ᠬᠤᠪᠢᠶᠠᠷᠢ ᠬᠤᠷᠠᠯ᠎ᠤᠨ ᠲᠠᠯᠠᠪᠠᠶ᠎ᠳᠤ᠂ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠦᠢᠯᠡᠳᠦᠯᠭᠡ᠎ᠶᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠱᠠᠯᠦ᠋ᠨᠢ ᠡᠷᠭᠢᠯᠡᠵᠦ᠂ ᠠᠷᠠᠳ᠎ᠲᠤ ᠲᠥᠬᠥᠮ ᠦᠵᠡᠭᠦᠯᠬᠦ ᠰᠠᠢᠨ ᠳᠤᠷ᠎ᠠ᠎ᠶᠢᠨ ᠦᠢᠯᠡᠴᠢᠯᠡᠭᠡ ᠥᠷᠨᠢᠭᠦᠯᠦᠨ᠂ ᠲᠤᠰᠬᠠᠢ ᠮᠡᠷᠭᠡᠵᠢᠯ᠎ᠦᠨ ᠤᠷ᠎ᠠ ᠮᠡᠷᠬᠡᠵᠢᠯ ᠵᠢᠡᠷ ᠬᠥᠳᠡᠭᠡ ᠲᠣᠰᠬᠣᠨ᠎ᠢ ᠬᠦᠭᠵᠢᠬᠦᠯᠦᠨ ᠮᠠᠨᠳᠤᠭᠤᠯᠬᠤ᠎ᠳᠦ ᠬᠦᠴᠦᠨ ᠨᠡᠮᠡᠷᠢᠯᠡᠵᠦ᠂ ᠣᠯᠠᠨ ᠲᠦᠮᠡᠨ᠎ᠦ ᠠᠮᠢᠳᠤᠷᠠᠯ᠎ᠳᠤ ᠦᠢᠯᠡᠴᠢᠯᠡᠪᠡ᠃ ᠥᠪᠥᠷ ᠮᠣᠩᠭᠣᠯ᠎ᠤᠨ ᠵᠡᠭᠦᠨ ᠬᠡᠰᠡᠭ ᠪᠠ ᠪᠠᠷᠠᠭᠤᠨ ᠬᠡᠰᠡᠭ᠎ᠦᠨ ᠬᠤᠪᠢᠶᠠᠷᠢ ᠬᠤᠷᠠᠯ᠎ᠤᠨ ᠲᠠᠯᠠᠪᠠᠶ᠎ᠳᠤ ᠲᠣᠰ ᠲᠣᠰ᠎ᠤᠨ ᠳᠠᠪᠠᠭᠤᠯᠢᠭ᠋᠎ᠢᠶᠠᠨ ᠳᠡᠯᠭᠡᠨ ᠦᠵᠡᠭᠦᠯᠵᠦ᠂ ᠤᠯᠠᠭᠠᠨᠬᠠᠳᠠ ᠬᠣᠲᠠ᠎ᠶᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠣᠶᠤᠨᠴᠢ ᠲᠠᠷᠢᠶᠠᠯᠠᠩ᠂ ᠣᠶᠤᠨᠴᠢ ᠦᠢᠯᠡᠳᠬᠦ ᠦᠢᠯᠡᠰ᠂ ᠵᠠᠮ ᠬᠠᠷᠢᠯᠴᠠᠭᠠᠨ᠎ᠤ ᠢᠨᠵᠧᠨᠧᠷᠢᠩ ᠵᠡᠷᠭᠡ ᠮᠡᠷᠭᠡᠵᠢᠯ᠎ᠦᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠣᠷᠳᠣᠰ ᠬᠣᠲᠠ᠎ᠶᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠡᠨᠧᠷᠭᠢ ᠬᠢᠮᠢ᠎ᠶᠢᠨ ᠠᠵᠤ ᠦᠢᠯᠡᠳᠪᠦᠷᠢ᠂ ᠢᠮᠠᠭᠠᠨ ᠨᠣᠤᠯᠦᠭᠤᠷ᠎ᠤᠨ ᠨᠡᠬᠡᠮᠡᠯ ᠵᠡᠷᠭᠡ ᠳᠠᠪᠠᠭᠤᠯᠢᠭ᠋ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠦᠨ ᠦᠷ᠎ᠡ ᠪᠦᠲᠦᠭᠡᠯ᠎ᠦᠨ ᠦᠵᠡᠭᠦᠯᠭᠡ ᠬᠢᠪᠡ᠃
ᠣᠢᠯᠠᠭᠠᠭᠰᠠᠨ᠎ᠢᠶᠠᠷ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠠᠷᠠᠭ᠎ᠤᠨ ᠠᠵᠢᠯᠯᠠᠭ᠎ᠠ ᠵᠢᠴᠢ ᠤᠬᠠᠭᠤᠯᠭ᠎ᠠ ᠵᠢᠨ ᠰᠠᠷ᠎ᠠ ᠳ᠋ᠤ ᠥᠪᠥᠷ ᠮᠣᠩᠭᠣᠯ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠂ ᠤᠷ᠎ᠠ ᠮᠡᠷᠭᠡᠵᠢᠯ᠎ᠢ ᠪᠡᠶᠡᠴᠢᠯᠡᠨ ᠣᠢᠯᠠᠭᠠᠬᠤ᠂ ᠠᠵᠤ ᠦᠢᠯᠡᠰ ᠪᠠ ᠵᠢᠭᠠᠨ ᠰᠤᠷᠭᠠᠯᠳᠠ ᠵᠢ ᠵᠣᠯᠭᠠᠭᠤᠯᠬᠤ᠂ ᠰᠠᠢᠨ ᠳᠤᠷ᠎ᠠ᠎ᠶᠢᠨ ᠦᠢᠯᠡᠴᠢᠯᠡᠭᠡ ᠬᠠᠩᠭᠠᠬᠤ ᠵᠡᠷᠭᠡ ᠰᠢᠷᠢᠰ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠦᠷ᠎ᠡ ᠪᠦᠲᠦᠮᠵᠢ᠂ ᠰᠤᠷᠭᠠᠭᠤᠯᠢ ᠡᠷᠭᠢᠯᠡᠭᠰᠡᠨ ᠦᠷ᠎ᠡ ᠪᠦᠲᠦᠭᠡᠯ ᠪᠠ ᠦᠢᠯᠡᠴᠢᠯᠡᠭᠡᠨ᠎ᠦ ᠬᠤᠪᠢ ᠨᠡᠮᠡᠷᠢ᠎ᠶᠢ ᠪᠥᠬᠥ ᠲᠠᠯ᠎ᠠ᠎ᠪᠠᠷ ᠳᠡᠯᠭᠡᠨ ᠦᠵᠡᠬᠦᠯᠬᠦ ᠪᠤᠯᠤᠨ᠎ᠠ᠃