ᠥᠪᠥᠷ ᠮᠣᠩᠭᠣᠯ᠎ᠤᠨ ᠣᠨᠴᠠᠭᠠᠶ ᠠᠵᠢᠯ ᠮᠡᠷᠭᠡᠵᠢᠯ᠎ᠦᠨ ᠰᠤᠷᠭᠠᠭᠤᠯᠢ 2 ᠲᠤᠰᠭᠠᠶ ᠮᠡᠷᠭᠡᠵᠢᠯ᠎ᠢ ᠰᠢᠨ᠎ᠡ ᠪᠡᠷ ᠨᠡᠮᠡᠪᠡ
2026-05-20 10:35:48
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠣᠨᠴᠠᠭᠠᠶ ᠠᠵᠢᠯ ᠮᠡᠷᠭᠡᠵᠢᠯ᠎ᠦᠨ ᠰᠤᠷᠭᠠᠭᠤᠯᠢ᠎ᠨᠢ ᠡᠮᠦᠨᠡᠬᠢ ᠬᠤᠭᠤᠴᠠᠭᠠᠨ᠎ᠤ ᠭᠦᠶ᠋ᠴᠡᠳ ᠪᠠᠢᠴᠠᠭᠠᠨ ᠰᠤᠳᠤᠯᠤᠯᠲᠠ᠂ ᠴᠢᠩᠭ᠎ᠠ ᠨᠢᠮᠪᠠᠶ ᠨᠤᠲᠠᠯᠠᠯᠲᠠ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠎ᠤᠨ ᠦᠨᠡᠯᠡᠯᠲᠡ ᠵᠢᠴᠢ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠤᠨ ᠬᠢᠨᠠᠨ ᠵᠥᠪᠱᠢᠶᠡᠷᠡᠯ ᠎ᠢ ᠳᠡᠮᠵᠢᠨ᠂ ᠬᠢᠲᠠᠳ ᠡᠮᠨᠡᠯᠭᠡ᠎ᠶ᠋ᠢᠨ ᠡᠷᠡᠭᠦᠯᠵᠢᠭᠦᠯᠬᠦ᠌ ᠮᠡᠷᠭᠡᠵᠢᠯ᠎ᠦᠨ ᠲᠤᠰᠭᠠᠶ ᠮᠡᠷᠭᠡᠵᠢᠯ᠂ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠵᠢᠷᠤᠵᠤ ᠲᠥᠯᠥᠪᠯᠡᠬᠦ᠌ ᠪᠠ ᠦᠶ᠋ᠯᠡᠳᠬᠦ᠌ ᠲᠤᠰᠭᠠᠶ ᠮᠡᠷᠭᠡᠵᠢᠯ᠎ᠢ ᠨᠡᠮᠡᠪᠠ᠃

ᠣᠨᠴᠠᠭᠠᠶ ᠠᠵᠢᠯ ᠮᠡᠷᠭᠡᠵᠢᠯ᠎ᠦᠨ ᠰᠤᠷᠭᠠᠭᠤᠯᠢ ᠨᠢ ᠰᠤᠷᠭᠠᠭᠤᠯᠢ ᠡᠷᠭᠢᠯᠡᠭ᠌ᠰᠡᠨ ᠣᠯᠠᠨ ᠵᠢᠯ᠎ᠦᠨ ᠲᠤᠷᠰᠢ᠂ ᠢᠮᠠᠭ᠍ᠲᠠ ᠵᠡᠮᠳᠡᠭ ᠰᠤᠷᠤᠭ᠍ᠴᠢᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠤᠨ ᠬᠦᠮᠦᠵᠢᠭᠳᠡᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ + ᠤᠷ᠎ᠠ ᠴᠢᠳᠠᠪᠤᠷᠢ᠎ᠶ᠋ᠢᠨ ᠪᠣᠯᠪᠠᠰᠤᠷᠠᠯ 》 ᠤ᠋ᠨ ᠬᠤᠤᠰ ᠵᠠᠮ᠎ᠢ ᠵᠡᠷᠭᠡ ᠪᠡᠷ ᠪᠠᠷᠢᠮᠳᠠᠯᠠᠵᠦ᠂ ᠨᠢᠭᠡᠨᠲᠡ ᠬᠢᠲᠠᠳ ᠡᠮᠨᠡᠯᠭᠡ᠎ᠶ᠋ᠢᠨ ᠢᠯᠢᠯᠭᠡ᠂ ᠺᠣᠮᠫᠢᠦ᠋ᠲ᠋ᠧᠷ᠎ᠦᠨ ᠬᠡᠷᠡᠭ᠌ᠯᠡᠭᠡ  ᠵᠡᠷᠭᠡ ᠴᠢᠨᠠᠷ ᠰᠠᠢᠲᠠᠶ ᠲᠤᠰᠭᠠᠶ ᠮᠡᠷᠭᠡᠵᠢᠯ᠎ᠢ ᠨᠡᠭᠡᠭᠡᠭ᠌ᠰᠡᠨ ᠪᠠᠢᠨ᠎ᠠ᠃ ᠲᠣᠰ ᠤᠳᠠᠭ᠎ᠠ᠎ᠵᠢᠨ ᠬᠢᠲᠠᠳ ᠡᠮᠨᠡᠯᠭᠡ᠎ᠶ᠋ᠢᠨ ᠡᠷᠡᠭᠦᠯᠵᠢᠭᠦᠯᠬᠦ᠌ ᠮᠡᠷᠭᠡᠵᠢᠯ᠂ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠵᠢᠷᠤᠵᠤ ᠲᠥᠯᠥᠪᠯᠡᠬᠦ᠌ ᠪᠠ ᠦᠶ᠋ᠯᠡᠳᠬᠦ᠌ ᠬᠣᠶᠠᠷ ᠶᠡᠬᠡ ᠲᠤᠰᠭᠠᠶ ᠮᠡᠷᠭᠡᠵᠢᠯ᠎ᠢ ᠱᠢᠨ᠎ᠡ᠎ᠪᠡᠷ ᠨᠡᠮᠡᠭ᠌ᠳᠡᠭᠦᠯᠦᠭᠰᠡᠨ ᠶᠠᠪᠤᠳᠠᠯ ᠨᠢ ᠰᠤᠷᠭᠠᠭᠤᠯᠢ ᠎ᠶ᠋ᠢᠨ ᠲᠤᠰᠭᠠᠶ ᠮᠡᠷᠭᠡᠵᠢᠯ ᠎ᠦᠨ ᠪᠠᠢᠷᠢᠱᠢᠭᠤᠯᠤᠯᠲᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂《ᠡᠷᠡᠭᠦᠯᠵᠢᠭᠦᠯᠬᠦ᠌ ᠦᠶ᠋ᠯᠡᠴᠢᠯᠡᠭᠡ + ᠰᠣᠶᠣᠯ᠎ᠤᠨ ᠪᠦᠲᠦᠭᠡᠯᠴᠢ ᠰᠡᠳᠭᠢᠮᠵᠢ + ᠤᠯᠠᠮᠵᠢᠯᠠᠯᠲᠤ ᠤᠷ᠎ᠠ ᠴᠢᠳᠠᠪᠤᠷᠢ》 ᠶ᠋ᠢᠨ ᠣᠯᠠᠨ ᠡᠱᠢᠲᠦ ᠬᠠᠷᠢᠯᠴᠠᠨ ᠨᠥᠬᠥᠪᠥᠷᠢᠯᠡᠬᠦ᠌ ᠲᠤᠰᠭᠠᠶ ᠮᠡᠷᠭᠡᠵᠢᠯ᠎ᠦᠨ  ᠱᠢᠰᠲ᠋ᠧᠮ᠎ᠢ  ᠪᠦᠷᠢᠯᠳᠦᠭᠦᠯᠵᠦ᠍᠂ ᠵᠡᠮᠳᠡᠭ ᠰᠤᠷᠤᠭ᠍ᠴᠢᠳ᠎ᠤᠨ ᠠᠳᠠᠯᠢ ᠪᠤᠰᠤ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠬᠠᠮᠤᠷᠴᠤ᠌᠂ ᠲᠡᠳᠡᠨ᠎ᠳᠦ ᠨᠠᠩ ᠣᠯᠠᠨ ᠡᠱᠢᠲᠦ ᠂ ᠨᠠᠩ ᠲᠣᠬᠢᠷᠠᠮᠵᠢᠲᠠᠶ᠂ ᠨᠠᠩ  ᠴᠢᠨᠠᠷ  ᠰᠠᠢᠲᠠᠶ  ᠰᠤᠷᠭᠠᠨ ᠬᠥᠮᠦᠵᠢᠯ᠎ᠦᠨ ᠰᠣᠩᠭᠣᠯᠲᠠ ᠬᠠᠩᠭᠠᠪᠠ᠃

ᠬᠤᠢᠰᠢᠳᠠ᠂ ᠥᠪᠥᠷ ᠮᠣᠩᠭᠣᠯ᠎ᠤᠨ ᠣᠨᠴᠠᠭᠠᠶ ᠠᠵᠢᠯ ᠮᠡᠷᠭᠡᠵᠢᠯ᠎ᠦᠨ ᠰᠤᠷᠭᠠᠭᠤᠯᠢ᠎ᠨᠢ ᠲᠤᠰ 2 ᠲᠤᠰᠭᠠᠶ ᠮᠡᠷᠭᠡᠵᠢᠯ᠎ᠢᠶᠡᠷ ᠱᠢᠨ᠎ᠡ ᠭᠠᠷᠤᠭ᠎ᠠ ᠪᠣᠯᠭᠠᠵᠤ᠂ ᠣᠨᠴᠠᠯᠢᠭ᠎ᠢᠶᠠᠷ ᠢᠯᠡ ᠲᠣᠳᠣ᠂ ᠶᠠᠰᠤ ᠴᠢᠨᠠᠷ᠎ᠢᠶᠠᠷ ᠴᠢᠩᠭ᠎ᠠ᠂ ᠨᠡᠢᠭᠡᠮ ᠨᠡᠢᠲᠡ᠎ᠳᠦ ᠮᠡᠳᠡᠷᠡᠭ᠌ᠳᠡᠭ᠌ᠰᠡᠨ ᠰᠣᠳᠣᠨ ᠲᠤᠰᠭᠠᠶ ᠮᠡᠷᠭᠡᠵᠢᠯ᠎ᠢ ᠪᠥᠬᠥ᠌ ᠬᠦᠴᠦᠨ᠎ᠢᠶᠡᠷ᠎ᠢᠶᠡᠨ ᠡᠭᠦᠳᠬᠦ᠌ ᠪᠣᠯᠤᠨ᠎ᠠ᠃ ᠡᠭᠦᠨ᠎ᠦ ᠬᠠᠮᠲᠤ᠂ ᠳᠤᠰ ᠰᠤᠷᠭᠠᠭᠤᠯᠢ᠎ᠨᠢ ᠥᠪᠡᠷᠲᠡᠭᠡᠨ ᠵᠠᠰᠠᠬᠤ ᠣᠷᠣᠨ᠎ ᠤ ᠣᠨᠴᠠᠭᠠᠶ ᠰᠤᠷᠭᠠᠨ ᠬᠥᠮᠦᠵᠢᠯ᠎ᠦᠨ ᠱᠢᠰᠲ᠋ᠧᠮ᠎ᠦᠨ ᠴᠢᠨᠠᠷ ᠰᠠᠢᠲᠠᠶ ᠬᠥᠭ᠌ᠵᠢᠬᠦ᠌᠎ᠳᠦ ᠬᠦᠴᠦᠨ ᠨᠡᠮᠡᠷᠢᠯᠡᠵᠦ᠍᠂ ᠵᠡᠮᠳᠡᠭ ᠰᠤᠷᠤᠭ᠍ᠴᠢᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠳᠤ ᠪᠠᠲᠤᠯᠠᠭ᠎ᠠ ᠬᠠᠩᠭᠠᠨ᠂ ᠣᠷᠣᠨ ᠪᠦᠰᠡ᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ ᠬᠢᠭᠡᠳ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠱᠢᠨ᠎ᠡ ᠎ᠶ᠋ᠢ ᠡᠭᠦᠳᠬᠦ᠌᠎ᠳᠦ ᠣᠨᠴᠠᠭᠠᠶ ᠰᠤᠷᠭᠠᠨ ᠬᠥᠮᠦᠵᠢᠯ᠎ᠦᠨ ᠬᠦᠴᠦᠨ᠎ᠢ  ᠦᠷᠬᠦᠯᠵᠢᠯᠡᠨ ᠨᠡᠮᠡᠷᠢᠯᠡᠬᠦ ᠪᠤᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号