《ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠬᠠᠷᠠᠬᠤᠢ》 ᠬᠡᠷᠡᠯ ᠵᠢᠷᠤᠭ ᠤ᠋ᠨ ᠦᠵᠡᠭᠦᠯᠭᠡ ᠶᠠᠪᠤᠭᠳᠠᠪᠠ
2026-05-20 09:21:38
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ᠶ᠋ᠡᠷ ᠲᠡᠦᠬᠡ ᠵᠢ ᠭᠡᠷᠡᠴᠢᠯᠡᠵᠦ᠍  ᠬᠡᠷᠡᠯ ᠵᠢᠷᠤᠭ ᠢ᠋ᠶ᠋ᠠᠷ ᠰᠤᠶᠤᠯ ᠤ᠋ᠨ ᠤᠯᠠ ᠮᠦᠷ ᠢ᠋ ᠳᠤᠳᠤᠷᠠᠭᠤᠯᠤᠨ᠎ᠠ᠃ 5 ᠰᠠᠷ᠎ᠠ ᠶ᠋ᠢᠨ 18 ᠤ᠋ ᠡᠳᠦᠷ᠂ ᠥᠪᠥᠷ ᠮᠣᠩᠭᠣᠯ ᠤ᠋ᠨ ᠮᠦᠽᠧᠶ ᠶ᠋ᠢᠨ ᠨᠢᠭᠡᠳᠦᠭᠡᠷ ᠳᠠᠪᠬᠤᠷᠯᠢᠭ ᠤ᠋ᠨ ᠬᠣᠩᠭᠢᠯ ᠤ᠋ᠨ ᠬᠣᠶᠠᠷ ᠬᠠᠨ᠎ᠠ ᠳ᠋ᠦ 100 ᠭᠠᠷᠤᠢ ᠬᠤᠪᠢ ᠬᠣᠪᠣᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠭᠤᠴᠤ ᠰᠠᠢᠬᠠᠨ ᠵᠢᠷᠤᠭ ᠢ᠋ ᠡᠯᠭᠦᠵᠦ᠍᠂ ᠵᠢᠷᠤᠭ᠎ᠪᠤᠯᠭᠠᠨ ᠤ᠋ ᠲᠤᠤᠷ᠎ᠠ ᠬᠣᠷᠢᠶᠠᠨ ᠬᠠᠳᠠᠭᠠᠯᠠᠵᠦ ᠪᠠᠢᠭ᠎ᠠ ᠮᠦᠽᠧᠶ ᠶ᠋ᠢᠨ ᠨᠡᠷᠡᠢᠳᠦᠯ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠣᠨ ᠵᠢᠯ᠂ ᠡᠳ᠋ ᠮᠠᠲ᠋ᠧᠷᠢᠶᠠᠯ ᠵᠡᠷᠭᠡ ᠵᠢ ᠲᠣᠳᠣᠷᠬᠠᠢᠯᠠᠨ ᠪᠢᠴᠢᠵᠦ᠂ ᠲᠤᠭᠤᠷᠢᠨ ᠦᠵᠡᠭᠴᠢᠳ ᠤ᠋ᠨ ᠠᠩᠬᠠᠷᠤᠯ ᠢ᠋ ᠳᠠᠳᠠᠯ᠎ᠠ᠃

ᠡᠨᠡ ᠪᠤᠯ ᠥᠪᠥᠷ ᠮᠣᠩᠭᠣᠯ ᠤ᠋ᠨ ᠮᠦᠽᠧᠶ ᠶ᠋ᠢᠨ 《ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠬᠠᠷᠠᠬᠤᠢ》 ᠬᠡᠷᠡᠯ ᠵᠢᠷᠤᠭ ᠤ᠋ᠨ ᠦᠵᠡᠭᠦᠯᠭᠡ ᠪᠠᠢᠵᠤ᠂ ᠪᠥᠬᠥ᠌ ᠤᠯᠤᠰ ᠤ᠋ᠨ 31 ᠮᠤᠵᠢ ᠤᠷᠤᠨ ᠬᠣᠲᠠ ᠶ᠋ᠢᠨ 67 ᠮᠦᠽᠧᠶ ᠡᠴᠡ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠬᠠᠷᠠᠭᠤᠯᠤᠭᠰᠠᠨ 100 ᠭᠠᠷᠤᠶ ᠬᠤᠪᠢ ᠬᠣᠪᠣᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠡᠷᠡᠯ ᠵᠢᠷᠤᠭ ᠢ᠋ ᠰᠤᠩᠭᠤᠨ ᠲᠠᠯᠬᠡᠵᠤ᠂ 《ᠡᠬᠢ ᠰᠤᠷᠪᠤᠯᠵᠢ》᠂  《ᠤᠷᠤᠰᠭᠠᠯ》  ᠪᠠ  《ᠬᠤᠷᠢᠶᠠᠩᠭᠤᠢᠯᠠᠯ》 ᠭᠤᠷᠪᠠᠨ ᠲᠠᠯ᠎ᠠ ᠡᠴᠡ ᠳᠤᠮᠳᠠᠳᠤ ᠶ᠋ᠢᠨ ᠪᠣᠯᠪᠠᠰᠤᠨ ᠤ᠋ ᠡᠭᠦᠰᠦᠯ ᠵᠢᠴᠢ ᠬᠥᠭ᠌ᠵᠢᠯᠲᠡ ᠶ᠋ᠢᠨ ᠶᠠᠪᠤᠴᠠ ᠵᠢ ᠲᠠᠢᠯᠪᠤᠷᠢᠯᠠᠵᠤ᠂ ᠳᠤᠮᠳᠠᠳᠤ ᠶ᠋ᠢᠨ ᠪᠣᠯᠪᠠᠰᠤᠨ ᠤ᠋ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯᠤᠨ ᠬᠥᠮᠦᠨ ᠲᠥᠷᠥᠯᠬᠢᠲᠡᠨ ᠳ᠋ᠤ ᠦᠵᠡᠭᠦᠯᠦᠭ᠌ᠰᠡᠨ ᠯᠤᠲᠤ ᠶᠡᠬᠡ ᠬᠤᠪᠢ ᠨᠡᠮᠡᠷᠢ ᠵᠢ ᠢᠯᠡᠷᠡᠭᠦᠯᠪᠡ᠃ ᠲᠡᠦᠬᠡ ᠶ᠋ᠢᠨ ᠳᠤᠷᠠᠰᠭᠠᠯᠲᠤ ᠵᠦᠢᠯᠡᠰ ᠪᠤᠯ ᠳᠤᠮᠳᠠᠳᠤ ᠶ᠋ᠢᠨ ᠦᠨᠳᠦᠰᠦᠲᠡᠨ ᠤ᠋ ᠴᠢᠰᠤ ᠮᠢᠬᠠᠨ ᠤ᠋ ᠪᠠᠷᠢᠯᠳᠤᠯᠭ᠎ᠠ ᠶ᠋ᠢᠨ ᠴᠢᠬᠤᠯᠠ ᠪᠡᠯᠭᠡ ᠲᠡᠮᠳᠡᠭ ᠪᠠᠢᠵᠤ᠂ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠵᠢᠷᠭᠠᠯ ᠵᠣᠪᠠᠯᠠᠩ ᠢ᠋ᠶ᠋ᠠᠨ ᠬᠠᠮᠲᠤᠳᠬᠠᠵᠦ᠂ ᠦᠬᠦᠵᠦ᠍ ᠰᠡᠭᠡᠬᠦ᠌ ᠪᠡᠨ ᠬᠠᠮᠲᠤᠳᠬᠠᠨ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠤ᠋ ᠴᠢᠬᠤᠯᠠ ᠭᠡᠷᠡᠴᠢ ᠪᠣᠯᠤᠨ᠎ᠠ᠃ 《ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠬᠠᠷᠠᠬᠤᠢ》 ᠬᠡᠷᠡᠯ ᠵᠢᠷᠤᠭ ᠤ᠋ᠨ ᠦᠵᠡᠭᠦᠯᠭᠡ ᠨᠢ 2026 ᠣᠨ ᠤ᠋ ᠤᠯᠠᠨ ᠤᠯᠤᠰ ᠤ᠋ᠨ ᠮᠦᠽᠧᠢ ᠶ᠋ᠢᠨ ᠡᠳᠦᠷ ᠤ᠋ᠨ 《ᠮᠦᠽᠧᠢ᠄ ᠳᠡᠯᠡᠬᠡᠢ ᠵᠢ ᠬᠣᠯᠪᠣᠬᠰᠠᠨ ᠬᠥᠭᠥᠷᠭᠡ》 ᠭᠡᠬᠦ᠌ ᠭᠣᠣᠯ ᠰᠡᠳᠦᠪ ᠎ᠤᠨ ᠲᠤᠭᠤᠷᠢᠨ ᠎ᠳᠦ᠂ ᠪᠦᠬᠦ᠌ ᠤᠯᠤᠰ ᠤ᠋ᠨ ᠮᠦᠽᠧᠢ ᠶ᠋ᠢᠨ ᠰᠣᠶᠣᠯ ᠤ᠋ᠨ ᠰᠣᠯᠢᠯᠴᠠᠭ᠎ᠠ ᠵᠢ ᠠᠬᠢᠭᠤᠯᠤᠨ᠂ ᠳᠤᠮᠳᠠᠳᠤ ᠶ᠋ᠢᠨ ᠪᠣᠯᠪᠠᠰᠤᠨ ᠤ᠋ ᠦᠯᠢᠭᠡᠷ ᠢ᠋ ᠰᠠᠢᠲᠤᠷ ᠶᠠᠷᠢᠵᠤ᠂ ᠦᠨᠳᠦᠰᠦᠲᠡᠨ ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡ ᠵᠢ ᠤᠯᠠᠨ᠎ᠤ ᠡᠮᠦᠨ᠎ᠠ ᠳᠡᠯᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号