ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠬᠡᠷᠡᠭ᠌ᠯᠡᠭᠡᠨ᠎ᠦ ᠲᠥᠪ ᠡᠴᠡ ᠵᠤᠬᠢᠶᠠᠨ ᠪᠠᠢᠭᠤᠯᠤᠭᠰᠠᠨ 《ᠠᠨᠠᠷ᠎ᠤᠨ ᠬᠡᠯᠬᠢᠶ᠎ᠠ ᠵᠢᠱ᠌ᠢᠶᠡᠴᠢ ᠲᠡᠶ ᠬᠠᠮᠲᠤ ᠤᠷᠤᠭᠰᠢᠯᠠᠨᠠᠮ》 ᠤᠨᠴᠠᠯᠢᠭᠲᠤ ᠠᠵᠢᠯᠯᠠᠭ᠎ᠠ ᠲᠦᠷᠦᠬᠦᠭᠡᠨ ᠤᠯᠠᠭᠠᠨᠴᠠᠪ ᠬᠤᠳᠠ ᠵᠢᠨ ᠳᠥᠷᠪᠡᠳ ᠬᠣᠱᠢᠭᠤᠨ᠎ᠤ ᠬᠣᠩᠭᠣᠷ ᠰᠤᠮᠤᠨ᠎ᠳᠤ ᠶᠠᠪᠤᠭ᠍ᠳᠠᠯ᠎ᠠ᠃ ᠲᠤᠰ ᠤᠳᠠᠭᠠᠨ᠎ᠤ ᠠᠵᠢᠯᠯᠠᠭ᠎ᠠ ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠤᠬᠠᠭᠤᠯᠭ᠎ᠠ᠎ᠶ᠋ᠢᠨ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠳᠤ ᠦᠨᠳᠦᠰᠦᠯᠡᠭ᠌ᠰᠡᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ᠎ᠶ᠋ᠢᠨ ᠠᠮᠢᠳᠤᠯᠢᠭ ᠦᠶ᠋ᠯᠡᠳᠦᠯᠭᠡ ᠬᠢᠭᠡᠳ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ᠎ᠶ᠋ᠢ ᠭᠦᠨᠵᠡᠭᠡᠶ ᠠᠭᠤᠳᠠᠯᠵᠤ᠂ ᠵᠢᠱ᠌ᠢᠶᠡᠴᠢ ᠪᠡᠷ ᠬᠥᠲᠥᠯᠦᠨ ᠳᠠᠭᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠮᠡᠷᠭᠡᠵᠢᠯ᠎ᠦᠨ ᠵᠢᠭᠠᠨ ᠰᠤᠷᠭᠠᠯᠲᠠ᠂ ᠰᠣᠶᠣᠯ᠎ᠤᠨ ᠤᠬᠠᠭᠤᠯᠭ᠎ᠠ ᠬᠥᠮᠦᠵᠢᠯ᠂ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ ᠵᠡᠷᠭᠡ ᠴᠢᠨᠠᠷ ᠰᠠᠢᠲᠠᠶ ᠡᠬᠢ ᠪᠠᠶᠠᠯᠢᠭ᠎ᠢ ᠪᠠᠢᠩᠭᠤᠵᠢᠭᠤᠯᠤᠨ ᠦᠨᠳᠦᠰᠦᠨ ᠱᠠᠲᠤᠨ᠎ᠳᠤ ᠬᠦᠨᠵᠡᠭᠡᠢᠷᠡᠬᠦᠯᠵᠤ᠂ ᠣᠯᠠᠨ ᠲᠦᠮᠡᠨ᠎ᠤ ᠲᠡᠷᠭᠡᠳᠡ ᠬᠦᠷᠭᠡᠬᠦ᠌᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠰᠤᠷᠤᠯᠴᠠᠨ ᠤᠬᠠᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ
《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠥᠭᠡᠭᠡᠴᠡᠯᠳᠦᠯ ᠮᠥᠨ᠂ ᠤᠯᠤᠰ᠎ᠤᠨ ᠨᠢᠭᠡᠳᠦᠯ᠎ᠢ ᠬᠠᠮᠠᠭᠠᠯᠠᠬᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠪᠣᠯ ᠪᠦᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠬᠠᠷᠢᠭᠤᠴᠠᠯᠭ᠎ᠠ ᠮᠥᠨ᠁》 ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠭᠤᠷᠢᠨ᠎ᠤ ᠲᠡᠷᠢᠭᠦᠨ ᠲᠤᠰᠭᠠᠶ ᠮᠡᠷᠭᠡᠵᠢᠯᠲᠡᠨ ᠾᠧ ᠱᠧᠩ ᠬᠠᠶ ᠫᠷᠤᠹᠧᠰᠰᠤᠷ᠎ᠢ ᠠᠵᠢᠯᠯᠠᠭ᠎ᠠ ᠳ᠋ᠤ ᠤᠷᠢᠵᠤ᠂ 《〈ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ〉 ᠶ᠋ᠢᠨ ᠭᠤᠤᠯ ᠠᠭᠤᠯᠭ᠎ᠠ᠎ᠶ᠋ᠢ ᠭᠦᠨᠵᠡᠭᠡᠶ ᠡᠵᠡᠮᠳᠡᠵᠦ᠍᠂ ᠬᠠᠦᠯᠢ ᠪᠡᠷ ᠵᠠᠰᠠᠬᠤ ᠬᠦᠴᠦᠨ᠎ᠢᠶᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠶ᠎ᠡ》 ᠭᠡᠬᠦ᠌ ᠰᠡᠳᠦᠪ᠎ᠢᠶᠡᠷ ᠲᠤᠰᠭᠠᠶ ᠰᠡᠳᠦᠪᠲᠦ ᠲᠠᠢᠯᠤᠮᠵᠢ ᠬᠢᠯᠭᠡᠪᠡ᠃
《ᠲᠤᠰ ᠤᠳᠠᠭᠠᠨ᠎ᠤ ᠲᠠᠢᠯᠤᠮᠵᠢ᠎ᠶ᠋ᠢ ᠰᠣᠨᠣᠰᠤᠭᠠᠳ ᠪᠢ 〈ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ〉 ᠶ᠋ᠢᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠪᠠ᠃ ᠬᠣᠢᠱᠢᠳᠠ ᠪᠢ ᠬᠠᠤᠯᠢ ᠲᠣᠭ᠍ᠲᠠᠭᠠᠯ᠎ᠢ ᠴᠢᠩᠭ᠎ᠠ ᠰᠠᠬᠢᠵᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠠᠤᠯᠢᠵᠢᠯ᠎ᠤᠨ ᠡᠭᠦᠷᠭᠡᠯᠡᠯ᠎ᠢᠶᠡᠷ ᠮᠠᠨ᠎ᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠲᠣᠭ᠍ᠲᠠᠭᠤᠨ᠎ᠢᠶᠠᠷ ᠤᠷᠤᠭ᠍ᠰᠢᠯᠠᠬᠤ᠎ᠶ᠋ᠢ ᠠᠬᠢᠭᠤᠯᠤᠨ᠎ᠠ》 ᠬᠡᠵᠤ ᠳᠥᠷᠪᠡᠳ ᠬᠣᠱᠢᠭᠤᠨ᠎ᠤ ᠰᠢᠬᠦᠬᠦ ᠬᠤᠷᠢᠶ᠎ᠠ ᠵᠢᠨ ᠠᠵᠢᠯᠳᠠᠨ ᠵᠠᠩ ᠴᠢᠶᠠᠩ ᠤᠯᠤᠯᠳᠠ ᠲᠦᠷᠦᠭᠳᠡᠯ᠎ᠢᠶᠡᠨ ᠬᠤᠪᠢᠶᠠᠯᠴᠠᠯ᠎ᠠ᠃
ᠪᠣᠷᠣᠭ᠍ᠵᠢᠭᠤᠨ ᠦᠭᠡ ᠶᠠᠷᠢᠶ᠎ᠠ᠂ ᠠᠮᠢᠳᠤᠯᠢᠭ ᠬᠡᠷᠡᠭ᠎ᠦᠨ ᠵᠢᠱ᠌ᠢᠶ᠎ᠡ ᠨᠢ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠳᠦ ᠦᠨᠳᠦᠰᠦᠲᠡᠨ᠎ᠦ ᠪᠦᠯᠬᠦᠮᠳᠡᠯ᠎ᠦᠨ ᠬᠦᠴᠦᠷᠬᠡᠭ ᠶᠡᠬᠡ ᠬᠦᠴᠦᠨ ᠴᠢᠳᠠᠯ᠎ᠢ ᠭᠦᠨᠵᠡᠭᠡᠶ ᠣᠢᠯᠠᠭᠠᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》 ᠦᠵᠡᠯ ᠰᠠᠨᠠᠭᠠᠨ᠎ᠤ ᠤᠬᠠᠮᠰᠠᠷ ᠪᠠ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤᠳᠭᠠᠵᠤ᠂ ᠰᠠᠢᠨ ᠰᠠᠢᠬᠠᠨ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠬᠤ ᠬᠦᠴᠦᠷᠬᠡᠭ ᠶᠡᠬᠡ ᠬᠠᠮᠳᠤᠷᠠᠯ ᠬᠦᠴᠦᠨ᠎ᠢ ᠨᠢᠭ᠍ᠲᠠᠷᠠᠭᠤᠯᠪᠠ᠃

ᠰᠢᠨᠵᠢᠯᠡᠭᠡ ᠮᠡᠷᠭᠡᠵᠢᠯ᠎ᠢ ᠬᠦᠷᠭᠡᠵᠦ ᠠᠵᠤ ᠦᠢᠯᠡᠰ ᠲᠸ᠋ ᠬᠦᠴᠦᠨ ᠨᠡᠮᠡᠷᠢᠯᠡᠪᠡ
— ᠭᠤᠸᠠᠨ ᠪᠠᠭ᠍ᠰᠢ ᠡ᠂ ᠮᠢᠨᠦ᠍ ᠡᠨᠡ ᠥᠷᠭᠡᠰᠦᠲᠦ ᠬᠡᠮᠬᠡ ᠶᠠᠮᠠᠷ ᠡᠪᠡᠳᠴᠢᠨᠳ᠋ᠤ ᠨᠡᠷᠪᠡᠭᠳᠡᠭᠰᠡᠨ ᠢ᠋ ᠮᠡᠳᠡᠬᠦ ᠦᠭᠡᠢ᠂ ᠠᠪᠤᠷᠠᠬᠤ ᠠᠷᠭ᠎ᠠ ᠪᠠᠢᠨ᠎ᠠ ᠤᠤ?
— ᠥᠷᠭᠡᠰᠦᠲᠦ ᠬᠡᠮᠬᠡ ᠴᠢᠨᠢ ᠤᠷᠭᠤᠮᠠᠯ᠎ᠤᠨ ᠴᠡᠴᠡᠭ᠎ᠦᠨ ᠨᠠᠪᠴᠢ᠎ᠶ᠋ᠢᠨ ᠸᠢᠷᠦ᠋ᠰ᠎ᠲᠦ ᠬᠠᠯᠳᠠᠪᠤᠷᠢᠯᠠᠭ᠍ᠳᠠᠴᠢᠠᠠᠠᠵᠡᠶ᠂ ᠡᠨᠡ ᠵᠢᠯ ᠡᠢᠮᠦᠷᠬᠦᠦ ᠸᠢᠷᠦ᠋ᠰ᠎ᠲᠦ ᠬᠠᠯᠳᠠᠪᠤᠷᠢᠯᠠᠭ᠍ᠳᠠᠬᠤ ᠦᠵᠡᠭ᠌ᠳᠡᠯ ᠨᠡᠢᠳᠡᠮ ᠬᠠᠷᠠᠭᠳᠠᠵᠤ ᠪᠠᠢᠨ᠎ᠠ᠂ ᠲᠠ ᠰᠠᠨᠠᠭ᠎ᠠ ᠵᠣᠪᠠᠬᠤ ᠬᠡᠷᠡᠭ ᠥᠬᠡᠶ᠂ ᠪᠢ ᠴᠢᠮ᠎ᠠ᠎ᠳᠤ ᠨᠢᠭᠡ ᠵᠦᠶ᠋ᠯ᠎ᠦᠨ ᠡᠮ ᠬᠦᠷᠭᠡᠶ᠎ᠡ᠂ ᠲᠠ ᠲᠡᠭᠦᠨᠢ᠋ ᠨᠢᠭᠡ ᠤᠳᠠᠭ᠎ᠠ ᠰᠦᠷᠴᠢᠪᠡᠯ ᠳᠠᠷᠤᠶ ᠡᠳᠡᠭᠡᠷᠡᠴᠢᠭᠡᠨ᠎ᠠ᠃
《ᠪᠢᠳᠡ ᠠᠰᠠᠭᠤᠳᠠᠯ᠎ᠲᠠᠶ ᠯᠠ ᠶᠤᠮ ᠪᠣᠯ ᠭᠤᠸᠠᠨ ᠪᠠᠭ᠍ᠰᠢ᠎ᠳᠤ ᠤᠲᠠᠰᠤᠳᠠᠳᠠᠭ᠂ ᠭᠤᠸᠠᠨ ᠪᠠᠭ᠍ᠰᠢ ᠡᠨᠳᠡ ᠪᠠᠶ᠋ᠢᠳᠠᠭ ᠯᠠ ᠶᠤᠮ ᠪᠣᠯ ᠤᠳᠠᠵᠤ ᠲᠦᠳᠡᠯ ᠦᠭᠡᠢ ᠬᠦᠷᠦᠭᠡᠳ ᠢᠷᠡᠴᠢᠬᠡᠨ᠎ᠡ᠂ ᠲᠡᠷᠡ ᠮᠦᠷᠳᠡᠭᠡᠨ ᠪᠢᠳᠡᠨ᠎ᠳᠦ ᠦᠨ᠎ᠡ ᠲᠥᠯᠥᠪᠦᠷᠢ ᠦᠭᠡᠢ ᠡᠮ ᠦᠭᠳᠡᠭ᠂ ᠲᠡᠭᠦᠨ᠎ᠳᠦ ᠮᠠᠰᠢ ᠲᠠᠯᠠᠷᠬᠠᠵᠤ ᠪᠠᠢᠨ᠎ᠠ》 ᠭᠡᠵᠦ ᠬᠤᠨᠭᠭᠤᠷ ᠰᠤᠮᠤᠨ᠎ᠤ ᠲᠠᠷᠢᠶᠠᠴᠢᠨ ᠮᠠᠨᠳᠤᠯ᠎ᠠ ᠰᠡᠳᠬᠢᠯ ᠲᠤᠬᠳᠤᠯᠤᠨ ᠬᠡᠯᠡᠪᠡ᠃
ᠢᠳᠡᠱᠢᠨ ᠨᠣᠭᠣᠭ᠎ᠠ ᠳᠠᠷᠢᠬᠤ ᠬᠦᠷᠢᠶᠡᠨ᠎ᠳᠦ᠂ ᠭᠤᠸᠠᠨ ᠬᠣᠶ ᠮᠢᠩ᠎ᠦᠨ ᠪᠦᠯᠬᠦᠮ᠎ᠦᠨ᠎ᠬᠢᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠭᠡᠬᠦ᠌ ᠤᠬᠠᠭ᠍ᠳᠠᠬᠤᠨ᠎ᠢ ᠳᠤᠷᠠᠳᠴᠤ᠂ ᠤᠯᠠᠭᠠᠨᠴᠠᠪ᠎ᠤᠨ ᠬᠡᠳᠦᠨ ᠬᠣᠱᠢᠭᠤ ᠱᠢᠶᠠᠨ᠎ᠳᠤ ᠴᠣᠭᠣᠷ ᠨᠣᠭᠣᠭ᠎ᠠ᠂ ᠱᠢᠷ᠎ᠠ ᠯᠤᠤᠪᠠᠩ᠂ ᠪᠥᠭᠡᠷᠡᠩᠬᠡᠶ ᠰᠣᠩᠭᠢᠨ᠎ᠠ᠂ ᠨᠣᠭᠣᠭᠠᠨ ᠴᠡᠴᠡᠭ᠌ᠲᠦ ᠨᠣᠭᠣᠭ᠎ᠠ ᠵᠡᠷᠭᠡ ᠢᠳᠡᠱᠢᠨ ᠨᠣᠭᠣᠭ᠎ᠠ ᠳᠠᠷᠢᠬᠤ ᠮᠡᠷᠭᠡᠵᠢᠯ᠎ᠢ ᠰᠤᠳᠤᠯᠤᠨ ᠲᠡᠯᠭᠡᠷᠡᠬᠦᠯᠪᠠ᠃ ᠲᠡᠬᠦᠨ᠎ᠤ ᠪᠦᠯᠬᠦᠮ᠎ᠦᠨ ᠬᠢᠨ 《ᠢᠳᠡᠱᠢᠨ ᠨᠣᠭᠣᠭ᠎ᠠ᠎ᠶ᠋ᠢᠨ ᠰᠢᠨ᠎ᠡ ᠰᠤᠷᠭᠤᠭ᠎ᠢ ᠪᠠᠳᠤᠯᠠᠬᠤ ᠠᠵᠢᠯᠯᠠᠭ᠎ᠠ》 ᠵᠢ ᠦᠷᠨᠢᠬᠦᠯᠵᠦ᠂ ᠤᠮᠠᠷᠠᠲᠤ ᠬᠢᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠢ ᠪᠣᠢᠵᠢᠭᠤᠯᠬᠤ ᠬᠦᠯᠡᠮᠵᠢ᠎ᠳᠦ᠂ ᠡᠭᠦᠯᠳᠡᠷ ᠰᠠᠢᠵᠢᠷᠠᠭᠤᠯᠬᠤ᠂ ᠤᠰᠤ ᠪᠣᠷᠲᠣᠭᠣᠷ᠎ᠤᠨ ᠬᠠᠮᠢᠶᠠᠷᠤᠯᠲᠠ᠂ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠪᠣᠬᠢᠷᠲᠤᠯ ᠥᠬᠡᠶ᠎ᠪᠡᠷ ᠰᠡᠷᠭᠡᠢᠯᠡᠨ ᠡᠵᠡᠮᠳᠡᠬᠦ᠌ ᠵᠡᠷᠭᠡ ᠲᠠᠯ᠎ᠠ᠎ᠪᠠᠷ ᠲᠤᠬᠠᠶ᠎ᠶ᠋ᠢᠨ ᠭᠠᠵᠠᠷ᠎ᠲᠤᠨᠢ ᠵᠢᠭᠠᠨ ᠵᠢᠯᠣᠭᠣᠳᠴᠤ᠌᠂ ᠲᠠᠷᠢᠮᠠᠯ᠎ᠤᠨ ᠡᠷᠦᠬᠡ᠎ᠶ᠋ᠢᠨ ᠬᠦᠴᠢᠷᠳᠡᠯ᠎ᠢ ᠰᠢᠢᠳᠪᠤᠷᠢᠯᠡᠵᠤ ᠦᠭᠬᠦ ᠵᠢᠨ ᠬᠠᠮᠲᠤ ᠮᠡᠷᠭᠡᠵᠢᠯ᠎ᠦᠨ ᠭᠠᠷ ᠳᠡᠪᠲᠡᠷ ᠲᠠᠷᠬᠠᠭᠠᠵᠤ᠂ ᠲᠦᠬᠦᠭᠡᠷᠦᠮᠵᠢᠲᠦ ᠲᠠᠷᠢᠶᠠᠯᠠᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃
ᠲᠤᠰ ᠤᠳᠠᠭᠠᠨ᠎ᠤ ᠠᠵᠢᠯᠯᠠᠭ᠎ᠠ᠎ᠨᠢ ᠤᠯᠠᠭᠠᠨᠴᠠᠪ ᠬᠣᠲᠠ᠎ᠶ᠋ᠢᠨ ᠳᠥᠷᠪᠡᠳ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠯᠢᠭ ᠣᠨᠣᠴᠠᠳᠠᠢ ᠵᠣᠯᠭᠠᠭᠤᠯᠵᠤ᠂ ᠬᠠᠨᠳᠤᠯᠭᠠᠲᠤ ᠴᠢᠨᠠᠷᠲᠠᠶ᠎ᠪᠠᠷ ᠬᠦᠴᠦᠯᠡᠵᠦ᠍᠂ ᠳᠠᠷᠢᠵᠤ ᠲᠡᠵᠢᠭᠡᠬᠦ᠌ ᠮᠡᠷᠭᠡᠵᠢᠯ᠎ᠦᠨ ᠪᠣᠯᠪᠠᠰᠤᠷᠠᠯ᠎ᠤᠨ ᠬᠢᠴᠢᠶᠡᠯ ᠲᠣᠬᠢᠷᠠᠭᠤᠯᠵᠤ᠂ ᠪᠣᠳᠠᠲᠤ ᠬᠡᠷᠡᠭ᠌ᠯᠡᠭᠡᠨ᠎ᠦ ᠤᠷ᠎ᠠ ᠴᠢᠳᠠᠪᠤᠷᠢ᠎ᠶ᠋ᠢ ᠮᠠᠯᠴᠢᠨ ᠲᠠᠷᠢᠶᠠᠴᠢᠨ᠎ᠤ ᠲᠡᠷᠭᠡᠳᠡ ᠬᠦᠷᠭᠡᠵᠦ᠍᠂ ᠠᠵᠤ ᠦᠶ᠋ᠯᠡᠰ᠎ᠦᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠳᠡᠯᠭᠡᠬᠦ᠌ ᠬᠦᠴᠦᠨ ᠨᠡᠮᠡᠷᠢᠯᠡᠪᠡ᠃

ᠰᠣᠶᠣᠯ᠎ᠢᠶᠠᠷ ᠰᠡᠳᠭᠢᠯ᠎ᠢ ᠤᠮᠳᠠᠯᠠᠵᠤ ᠪᠦᠯᠬᠦᠮᠳᠡᠯ ᠲᠠᠪᠰᠢᠯᠳᠠ ᠵᠢ ᠠᠬᠢᠭᠤᠯᠪᠠ
《ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠠᠵᠢᠯ ᠪᠣᠯ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠬᠠᠮᠠᠭᠠᠯᠠᠬᠤ ᠴᠢᠬᠤᠯᠠ ᠠᠷᠭ᠎ᠠ ᠪᠠᠷᠢᠯ ᠮᠥᠨ᠂ ᠬᠢᠯᠢ ᠬᠢᠵᠠᠭᠠᠷ ᠣᠷᠣᠨ᠎ᠤ ᠬᠥᠭ᠌ᠵᠢᠯᠲᠡ ᠪᠠ ᠲᠣᠭ᠍ᠲᠠᠭᠤᠨ ᠪᠠᠢᠳᠠᠯ᠎ᠳᠤ ᠠᠯᠤᠰ ᠬᠡᠲᠦ᠍᠎ᠶ᠋ᠢᠨ ᠨᠥᠯᠥᠭᠡᠦᠵᠡᠬᠦᠯᠳᠡᠭ ᠁ 》 ᠬᠤᠨᠭᠭᠤᠷ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠲᠠᠩᠬᠢᠮ᠎ᠳᠤ ᠰᠤᠷᠤᠭᠴᠢᠳ ᠨᠢᠭᠡ ᠤᠳᠠᠭᠠᠨ᠎ᠤ ᠣᠨᠴᠠᠭᠠᠶ ᠲᠠᠢᠯᠤᠮᠵᠢ᠎ᠶ᠋ᠢ ᠤᠷᠮ᠎ᠠ ᠪᠠᠬ᠎ᠠ ᠲᠠᠢ ᠰᠣᠨᠣᠰᠤᠯ᠎ᠠ᠃ ᠦᠪᠠᠷᠲᠠᠬᠡᠨ ᠵᠠᠰᠠᠬᠤ ᠤᠷᠤᠨ ᠤ᠋ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠬᠡᠮᠵᠢᠨ ᠵᠢᠷᠤᠬᠤ ᠲᠥᠪ ᠤ᠋ᠨ ᠠᠵᠢᠯᠲᠠᠨ ᠯᠢᠤ ᠮᠢᠡᠭ ᠢᠤᠢ ᠣᠷᠭᠢᠯᠤᠮ᠎ᠠ ᠬᠠᠯᠠᠭᠤᠨ ᠰᠡᠳᠭᠢᠯᠭᠡ ᠪᠡᠷ ᠬᠡᠦᠬᠡᠳ᠎ᠦᠳ᠎ᠲᠦ ᠤᠯᠤᠰ᠎ᠤᠨ ᠨᠤᠲᠤᠭ ᠳᠡᠪᠢᠰᠭᠡᠷ᠎ᠦᠨ ᠮᠡᠳᠡᠯᠭᠡ᠎ᠶ᠋ᠢᠨ ᠲᠤᠬᠠᠶ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ ᠬᠢᠯ᠎ᠡ᠃
ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠬᠡᠮᠵᠢᠨ ᠵᠢᠷᠤᠬᠤ ᠲᠥᠪ᠎ᠦᠨ ᠭᠠᠵᠠᠷ᠎ᠤᠨ ᠵᠢᠷᠤᠭ ᠨᠠᠢᠷᠠᠭᠤᠯᠤᠨ ᠵᠣᠬᠢᠶᠠᠬᠤ ᠰᠤᠳᠤᠯᠤᠨ ᠨᠡᠭᠡᠭᠡᠬᠦ᠌ ᠬᠡᠯᠲᠡᠰ᠎ᠦᠨ ᠳᠠᠷᠤᠭ᠎ᠠ ᠾᠧ ᠢᠦᠶ ᠱᠢᠶᠠ᠄ 《〈ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠲᠤ ᠤᠷᠤᠭᠰᠢᠯᠠᠨᠠᠮ〉 ᠠᠵᠢᠯᠯᠠᠭ᠎ᠠ᠎ᠪᠠᠷ ᠳᠠᠮᠵᠢᠭᠤᠯᠤᠨ᠂ ᠪᠢᠳᠡ ᠤᠯᠤᠰ᠎ᠤᠨ ᠨᠤᠲᠤᠭ ᠳᠡᠪᠢᠰᠭᠡᠷ ᠦᠨ ᠲᠤᠬᠠᠢ ᠮᠡᠳᠡᠯᠭᠡ ᠶ᠋ᠢᠨ ᠬᠥᠮᠦᠵᠢᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠬᠦᠷᠭᠡᠵᠦ᠍᠂ ᠠᠮᠢᠳᠤᠯᠢᠭ ᠰᠣᠨᠢᠷᠬᠠᠯᠲᠠᠶ ᠭᠠᠵᠠᠷ᠎ᠤᠨ ᠵᠢᠷᠤᠭ᠎ᠢᠶᠠᠷ ᠰᠤᠷᠤᠭ᠍ᠴᠢᠳ᠎ᠤᠨ ᠡᠷᠳᠡᠮ ᠮᠡᠳᠡᠯᠭᠡ ᠰᠤᠷᠬᠤ ᠬᠦᠰᠡᠯ᠎ᠢ ᠬᠠᠡᠭᠭᠠᠠ᠂ ᠬᠥᠲᠥᠯᠥᠨ ᠵᠢᠯᠣᠭᠣᠳᠭᠤ ᠮᠠᠶᠢᠭ᠎ᠤᠨ ᠵᠢᠭᠠᠨ ᠰᠤᠷᠭᠠᠯᠲᠠ᠎ᠶ᠋ᠢᠨ ᠬᠠᠷᠢᠯᠴᠠᠨ ᠦᠢᠯᠡᠳᠦᠯᠴᠡᠬᠦ ᠳᠤᠮᠳᠠ 〈ᠮᠠᠨ᠎ᠤ ᠤᠯᠤᠰ᠎ᠤᠨ ᠨᠤᠲᠤᠭ ᠳᠡᠪᠢᠰᠭᠡᠷ ᠵᠢᠡᠨ ᠣᠢᠯᠠᠭᠠᠵᠤ᠂ ᠮᠠᠨ᠎ᠤ ᠤᠯᠤᠰ᠎ᠤᠨ ᠨᠤᠲᠤᠭ ᠳᠡᠪᠢᠰᠭᠡᠷ᠎ᠢᠶᠡᠨ ᠬᠠᠢᠷᠠᠯᠠᠬᠤ〉 ᠰᠠᠢᠨ ᠰᠠᠢᠬᠠᠨ ᠠᠭᠤᠷ ᠠᠮᠢᠰᠭᠤᠯ ᠢ ᠪᠣᠶ ᠪᠣᠯᠭᠠᠵᠤ᠂ ᠰᠤᠷᠤᠭ᠍ᠴᠢᠳ᠎ᠤᠨ ᠤᠯᠤᠰ᠎ᠤᠨ ᠨᠤᠲᠤᠭ ᠳᠡᠪᠢᠰᠭᠡᠷ᠎ᠦᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭᠠᠷᠠᠭᠤᠯᠪᠠ》 ᠬᠡᠵᠠᠢ᠃
ᠡᠬᠦᠨ᠎ᠤ ᠬᠠᠮᠳᠤ᠂ ᠬᠤᠩᠭᠤᠷ ᠪᠠᠭ᠎ᠠ ᠰᠤᠷᠭᠠᠭᠤᠯᠢ᠎ᠳᠤ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠭᠣᠣᠯ ᠰᠡᠳᠦᠪᠲᠦ ᠦᠵᠡᠬᠦᠯᠭᠡ》 ᠵᠢ ᠭᠣᠢᠳᠠ ᠰᠠᠢᠬᠠᠨ ᠳᠡᠯᠭᠡᠨ ᠦᠵᠡᠭᠦᠯᠵᠦ᠍᠂ ᠰᠤᠷᠤᠭ᠍ᠴᠢᠳ ᠲᠣᠭᠣᠷᠢᠨ ᠦᠵᠡᠬᠦ᠌ ᠳᠤᠮᠳᠠ᠎ᠪᠠᠨ ᠳᠤᠮᠳᠠᠳᠤ᠎ᠶ᠋ᠢᠨ ᠰᠣᠶᠣᠯ᠎ᠦᠨ ᠷᠢᠳᠢ ᠰᠢᠳᠢ ᠵᠢ ᠪᠠᠶᠡᠴᠢᠯᠡᠨ ᠣᠢᠯᠠᠭᠠᠵᠠᠢ᠃ ᠤᠳᠬ᠎ᠠ ᠲᠡᠬᠦᠯᠳᠡᠷ ᠪᠠᠶᠠᠯᠢᠭ ᠰᠠᠢᠬᠠᠨ ᠰᠣᠶᠣᠯ᠎ᠤᠨ ᠠᠵᠢᠯᠯᠠᠭ᠎ᠠ ᠨᠢ ᠪᠠᠶᠡᠴᠢᠯᠡᠨ ᠣᠢᠯᠠᠭᠠᠯᠲᠠ᠎ᠶ᠋ᠢᠨ ᠳᠤᠮᠳᠠ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠰᠣᠶᠣᠯ᠎ᠢ ᠮᠡᠳᠡᠷᠡᠬᠦ᠌ ᠰᠡᠳᠭᠢᠯᠭᠡ ᠪᠠ ᠣᠮᠣᠭ᠍ᠰᠢᠯ᠎ᠳᠤ ᠰᠡᠳᠭᠢᠯᠭᠡ᠎ᠶ᠋ᠢ ᠨᠡᠮᠡᠭ᠌ᠳᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠵᠠᠯᠠᠭᠤᠴᠤᠳ ᠪᠠᠭᠠᠴᠤᠳ᠎ᠤᠨ ᠰᠡᠳᠭᠢᠯ᠎ᠦᠨ ᠬᠦᠨ ᠳ᠋ᠤ ᠦᠨᠳᠦᠰᠦᠯᠡᠭᠦᠯᠪᠠ᠃
ᠦᠪᠠᠷᠲᠠᠬᠡᠨ ᠵᠠᠰᠠᠬᠤ ᠤᠷᠤᠨ ᠤ᠋ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠪᠠ ᠬᠡᠷᠡᠭ᠌ᠯᠡᠭᠡᠨ᠎ᠦ ᠲᠥᠪ ᠤ᠋ᠨ ᠬᠠᠷᠢᠭᠤᠴᠠᠯᠭᠠᠲᠠᠨ ᠡᠴᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ 《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠳᠤ ᠤᠷᠤᠭᠰᠢᠯᠠᠨᠠᠮ》 ᠬᠡᠬᠦ ᠠᠴᠢᠶᠠᠯᠠᠪᠤᠷᠢ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠴᠢᠨᠠᠷ ᠰᠠᠢᠲᠠᠶ ᠡᠬᠢ ᠪᠠᠶᠠᠯᠢᠭ᠎ᠢ ᠪᠠᠢᠩᠭᠤᠵᠢᠭᠤᠯᠤᠨ ᠦᠨᠳᠦᠰᠦᠨ ᠱᠠᠲᠤᠨ᠎ᠳᠤ ᠭᠦᠨᠵᠡᠭᠡᠢᠷᠡᠭᠦᠯᠬᠦ᠌᠂ ᠣᠯᠠᠨ ᠲᠦᠮᠡᠨ᠎ᠳᠦ ᠦᠶ᠋ᠯᠡᠴᠢᠯᠡᠬᠦ᠌᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠪᠦᠯᠬᠦᠮᠳᠡᠨ ᠬᠠᠪᠰᠤᠷᠤᠯᠴᠠᠬᠤ ᠳᠤᠮᠳᠠ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠬᠠᠮᠲᠤ᠎ᠪᠠᠷ ᠬᠥᠭ᠌ᠵᠢᠬᠦ᠌ ᠳᠤᠮᠳᠠ ᠭᠠᠷ ᠬᠣᠯᠪᠣᠨ ᠡᠷᠡᠮᠡᠭᠡᠢᠯᠡᠨ ᠤᠷᠤᠭ᠍ᠰᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌ ᠶᠡᠬᠡ ᠲᠠᠯ᠎ᠠ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ᠂ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ᠎ᠢ ᠨᠢᠭ᠍ᠲᠠᠷᠠᠭᠤᠯᠤᠨ᠎ᠠ ᠬᠡᠵᠠᠢ᠃

ᠰᠤᠷᠪᠤᠯᠵᠢᠯᠠᠭᠰᠠᠨ᠎ᠤ ᠲᠠᠷᠠᠭ᠎ᠠ᠄
《ᠠᠨᠠᠷ᠎ᠤᠨ ᠬᠡᠯᠬᠢᠶᠠᠵᠢᠱ᠌ᠢᠶᠡᠴᠢᠲᠡᠶ ᠬᠠᠮᠲᠤ ᠤᠷᠤᠭᠰᠢᠯᠠᠨᠠᠮ》 ᠭᠤᠤᠯ ᠰᠡᠳᠦᠪᠳᠦ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠬᠤ᠂ ᠤᠯᠠᠭᠠᠨᠴᠠᠪ ᠬᠣᠲᠠ᠎ᠶ᠋ᠢᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ ᠵᠢᠨ ᠪᠠᠢᠭᠤᠯᠤᠯᠳᠠ᠎ᠶ᠋ᠢ ᠳᠡᠮᠵᠢᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
ᠦᠨᠳᠦᠰᠦᠳᠡᠨ ᠤ᠋ ᠪᠦᠯᠬᠦᠮᠳᠡᠯ ᠳᠠᠪᠰᠢᠯᠳᠠ ᠶ᠋ᠢᠨ ᠯᠤᠳᠤ ᠶᠡᠬᠡ ᠬᠦᠴᠦᠨ ᠢ᠋ ᠨᠢᠭᠳᠠᠷᠠᠭᠤᠯᠤᠭᠰᠠᠨ 《ᠠᠨᠠᠷ ᠤ᠋ᠨ ᠬᠡᠯᠬᠢᠶ᠎ᠡ +》 ᠠᠵᠢᠯᠯᠠᠭ᠎ᠠ 6 ᠵᠢᠯ ᠤ᠋ᠨ ᠲᠤᠷᠰᠢᠳᠡ᠂ ᠮᠠᠨ᠎ᠤ ᠤᠷᠤᠨ ᠤ᠋ 8000 ᠭᠠᠷᠤᠢ ᠭᠠᠵᠠᠷ ᠤ᠋ᠨ ᠬᠢᠯᠢ ᠶ᠋ᠢᠨ ᠱᠤᠭᠤᠮ ᠶ᠋ᠢᠡᠷ ᠭᠤᠷᠪᠠᠨᠲᠠ ᠠᠶᠠᠯᠠᠵᠤ᠂ 20 ᠭᠠᠷᠤᠢ ᠬᠢᠯᠢ ᠶ᠋ᠢᠨ ᠬᠤᠰᠢᠭᠤ᠂ 13 ᠬᠢᠯᠢ ᠶ᠋ᠢᠨ ᠪᠤᠭᠤᠮᠳᠠ ᠪᠡᠷ 《ᠠᠨᠠᠷ ᠤ᠋ᠨ ᠬᠡᠯᠬᠢᠶ᠎ᠡ 〈ᠭᠤᠷᠪᠠ ᠵᠢ ᠬᠦᠷᠭᠡᠬᠦ〉》 ᠠᠵᠢᠯᠯᠠᠭ᠎ᠠ ᠵᠢ ᠦᠷᠨᠢᠬᠦᠯᠵᠦ᠂ ᠪᠤᠳᠠᠳᠤ ᠠᠵᠢᠯᠯᠠᠭ᠎ᠠ᠂ ᠴᠢᠡᠭ ᠰᠡᠳᠬᠢᠯ ᠤ᠋ᠨ ᠦᠢᠯᠡᠴᠢᠯᠡᠭᠡ᠂ ᠰᠢᠨ᠎ᠡ ᠵᠢ ᠡᠭᠦᠳᠦᠭᠰᠡᠨ ᠦᠢᠯᠡᠳᠦᠯᠭᠡ ᠪᠡᠷ ᠲᠦᠷᠦ ᠶ᠋ᠢᠨ ᠪᠤᠳᠤᠯᠭ᠎ᠠ᠂ ᠲᠠᠷᠢᠭᠦᠨ ᠤ᠋ ᠮᠡᠷᠭᠡᠵᠢᠯ᠂ ᠰᠢᠯᠢᠳᠡᠭ ᠦᠢᠯᠡᠴᠢᠯᠡᠭᠡ ᠵᠢ ᠦᠨᠳᠦᠰᠦᠨ ᠱᠠᠲᠤᠨ ᠳ᠋ᠦ ᠪᠤᠲᠠᠲᠠᠢᠵᠢᠭᠤᠯᠤᠨ ᠨᠠᠢᠳᠠᠪᠤᠷᠢᠵᠢᠭᠤᠯᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠳᠤᠮᠳᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠦᠯᠬᠦᠮᠳᠡᠯ ᠳᠠᠪᠰᠢᠯᠲᠠ ᠵᠢ ᠪᠦᠲᠦᠮᠵᠢᠲᠡᠢ ᠠᠬᠢᠭᠤᠯᠤᠨ᠂ ᠶᠡᠬᠡ ᠳᠡᠭᠡᠳᠦ ᠰᠤᠷᠭᠠᠭᠤᠯᠢ᠂ ᠬᠠᠤᠯᠢ ᠴᠠᠭᠠᠵᠠ ᠶ᠋ᠢᠨ ᠪᠠᠢᠭᠤᠯᠭ᠎ᠠ᠂ ᠡᠮᠨᠡᠯᠭᠡ ᠶ᠋ᠢᠨ ᠬᠤᠷᠢᠶ᠎ᠠ᠂ ᠤᠳᠬ᠎ᠠ ᠤᠷᠠᠯᠢᠭ ᠤ᠋ᠨ ᠡᠳᠡᠭᠡᠳ ᠵᠡᠷᠭᠡ 33 ᠪᠠᠢᠭᠤᠯᠭ᠎ᠠ ᠨᠢᠭᠡᠴᠢ᠂ 22 ᠠᠵᠤ ᠠᠬᠤᠢᠯᠠᠯ ᠲᠠᠢ ᠬᠠᠮᠲᠤᠷᠠᠨ᠂ ᠪᠦᠬᠦ ᠤᠷᠤᠨ ᠤ᠋ 12 ᠠᠢᠮᠠᠭ ᠬᠤᠲᠠ ᠳ᠋ᠦ ᠨᠡᠢᠲᠡ 70 ᠭᠠᠷᠤᠢ ᠲᠠᠯᠠᠪᠠᠢ ᠠᠵᠢᠯᠯᠠᠭ᠎ᠠ ᠦᠷᠨᠢᠭᠦᠯᠦᠨ᠂ ᠦᠨᠳᠦᠰᠦᠨ ᠱᠠᠲᠤᠨ ᠤ᠋ ᠤᠯᠠᠨ ᠲᠦᠮᠡᠨ ᠳ᠋ᠦ ᠦᠨᠡᠨ ᠪᠤᠳᠠᠲᠠᠢ ᠠᠰᠢᠭ ᠲᠤᠰᠠ ᠬᠦᠷᠲᠡᠭᠡᠭᠰᠡᠨ ᠡᠴᠡ ᠬᠢᠯᠢ ᠬᠢᠵᠠᠭᠠᠷ ᠢ᠋ ᠰᠠᠬᠢᠨ ᠬᠠᠮᠠᠭᠠᠯᠠᠵᠤ ᠪᠠᠢᠭ᠎ᠠ ᠮᠠᠯᠴᠢᠨ ᠲᠦᠮᠡᠨ ᠤ᠋ ᠬᠠᠯᠠᠭᠤᠨ ᠬᠦᠷᠢᠶᠡᠯᠡᠯ ᠢ᠋ ᠤᠯᠵᠤ᠂ ᠦᠪᠡᠷᠲᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠡᠴᠡ ᠲᠤᠰ ᠠᠵᠢᠯᠯᠠᠭ᠎ᠠ ᠳ᠋ᠦ ᠦᠨᠳᠦᠷ ᠦᠨᠡᠯᠡᠯᠳᠡ ᠦᠭᠴᠦ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠱᠢᠨ᠎ᠡ ᠵᠢ ᠡᠭᠦᠳᠬᠦ᠌ ᠠᠴᠢᠶᠠᠯᠠᠭ᠍ᠴᠢ ᠪᠠ ᠱᠢᠨ᠎ᠡ ᠴᠠᠭ ᠦᠶ᠎ᠡ ᠶ᠋ᠢᠨ ᠨᠠᠮ ᠤ᠋ᠨ ᠦᠨᠳᠦᠰᠦᠲᠡᠨ᠎ᠦ ᠠᠵᠢᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠨᠡᠢᠲᠡᠯᠢᠭ ᠵᠢᠱ᠌ᠢᠶ᠎ᠡ ᠪᠣᠯᠬᠤᠢᠴᠠ ᠨᠡᠷᠡᠲᠦ ᠲᠦᠷᠦᠯ ᠲᠡᠮᠲᠡᠭ ᠪᠤᠯᠤᠭᠰᠠᠨ ᠪᠠᠢᠨ᠎ᠠ᠃
(ᠬᠡᠷᠡᠯ ᠵᠢᠷᠤᠭ᠎ᠤᠳ ᠪᠤᠯ ᠦᠨᠳᠦᠰᠦᠳᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢᠨ ᠬᠡᠰᠡᠭ ᠦᠵᠡᠭᠳᠡᠯ ᠪᠤᠯᠤᠨ᠎ᠠ)