ᠭᠤᠸᠠᠨ ᠬᠤᠢ ᠮᠢᠩ᠄ ᠢᠳᠡᠱᠢᠨ ᠨᠣᠭᠣᠭ᠎ᠠ ᠵᠢᠨ 《ᠰᠠᠢᠨ ᠡᠮᠴᠢ》
2026-05-20 11:13:42
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠵᠢᠯ᠎ᠳ᠋ᠤ 300 ᠭᠠᠷᠤᠶ ᠡᠳᠦᠷ ᠲᠠᠷᠢᠶᠠᠨ ᠭᠠᠵᠠᠷ᠎ᠲᠤ ᠬᠦᠨᠵᠡᠭᠡᠢᠷᠡᠵᠦ ᠢᠳᠡᠰᠢᠨ ᠨᠣᠭᠣᠭ᠎ᠠ ᠵᠢᠨ ᠲᠠᠷᠢᠮᠠᠯ᠎ᠤᠨ ᠲᠠᠷᠢᠶᠠᠴᠢᠳ᠎ᠲᠤ ᠮᠡᠷᠭᠡᠵᠢᠯ᠎ᠤᠨ ᠵᠢᠯᠤᠭᠤᠳᠤᠯᠭ᠎ᠠ ᠬᠠᠩᠭᠠᠵᠤ᠂ ᠤᠳᠤ ᠪᠤᠯᠳᠠᠯ᠎ᠠ ᠨᠡᠢᠲᠡ 10 ᠲᠦᠮᠡ ᠭᠠᠷᠤᠶ ᠬᠥᠮᠦᠨ ᠤᠳᠠᠭ᠎ᠠ ᠳ᠋ᠤ ᠪᠣᠯᠪᠠᠰᠤᠷᠡᠯ ᠬᠦᠷᠳᠡᠭᠡᠨ᠂ 20 ᠲᠦᠮᠡ ᠱᠢᠬᠠᠮ ᠬᠥᠮᠦᠨ ᠤᠳᠠᠭ᠎ᠠ ᠳ᠋ᠤ ᠲᠤᠬᠠᠢ ᠵᠢᠨ ᠲᠠᠯᠠᠪᠠᠢ ᠳ᠋ᠤ ᠠᠯᠪᠡᠨ ᠵᠢᠷᠤᠮ ᠤ᠋ᠨ ᠵᠢᠭᠠᠨ ᠵᠢᠯᠣᠭᠣᠳᠤᠯᠭ᠎ᠠ ᠬᠢᠪᠠ᠃ ᠬᠦᠢᠳᠡᠨ ᠰᠡᠷᠢᠬᠦᠨ ᠤᠷᠤᠨ ᠤ᠋ ᠢᠳᠡᠱᠢᠨ ᠨᠣᠭᠣᠭ᠎ᠠ ᠵᠢᠨ ᠤᠬᠠᠭ᠍ᠳᠠᠬᠤᠨ᠎ᠢ ᠳᠤᠷᠠᠳᠴᠤ᠌᠂ ᠪᠥᠬᠥ᠌ ᠤᠯᠤᠰ ᠲᠸ᠋ ᠠᠩᠬᠠᠳᠠᠭ᠍ᠴᠢ ᠬᠦᠢᠳᠡᠨ ᠰᠡᠷᠢᠬᠦᠨ ᠤᠷᠤᠨ ᠤ᠋ ᠢᠳᠡᠱᠢᠨ ᠨᠣᠭᠣᠭ᠎ᠠ᠎ᠶ᠋ᠢᠨ ᠠᠺᠠᠳᠧᠮᠢᠴᠢ᠎ᠶ᠋ᠢᠨ ᠠᠵᠢᠯ᠎ᠤᠨ ᠥᠷᠲᠡᠭᠡ᠎ᠶ᠋ᠢ ᠲᠦᠷᠦᠭᠦᠯᠡᠨ ᠪᠠᠢᠭᠤᠯᠪᠠ᠃ ᠲᠡᠷᠡ ᠪᠠ ᠲᠡᠬᠦᠨ᠎ᠤ ᠪᠦᠯᠬᠦᠮ᠎ᠤᠨ ᠬᠢᠨ ᠵᠢᠯ ᠪᠦᠷᠢ ᠦᠪᠡᠷ᠎ᠤᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠪᠦᠬᠦᠢ ᠱᠢᠨ᠎ᠡ ᠮᠡᠷᠭᠡᠵᠢᠯ ᠵᠢᠡᠨ 15 ᠲᠦᠮᠡᠨ ᠮᠦ᠍ ᠲᠡᠯᠭᠡᠷᠡᠬᠦᠯᠵᠦ᠂ ᠪᠦᠬᠦ᠌ ᠤᠯᠤᠰ᠎ᠤᠨ 13 ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ᠎ᠶ᠋ᠢᠨ 5 ᠲᠦᠮᠡᠨ ᠲᠠᠷᠢᠶᠠᠴᠢᠨ ᠡᠷᠦᠬᠡ᠂ 6.5 ᠲᠦᠮᠡᠨ ᠲᠠᠷᠢᠶᠠᠴᠢᠨ ᠳ᠋ᠤ ᠠᠰᠢᠭ  ᠬᠦᠷᠳᠡᠭᠡᠵᠡᠢ ᠁ ᠲᠡᠷᠡ ᠪᠣᠯ ᠤᠯᠠᠭᠠᠨᠴᠠᠪ ᠬᠤᠳᠠ᠎ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠬᠦᠭᠵᠢᠯᠳᠠ ᠵᠢᠨ ᠲᠦᠪ᠎ᠦᠨ ᠰᠤᠳᠤᠯᠤᠭᠴᠢ᠂ ᠬᠦᠢᠳᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠠᠺᠠᠳᠧᠮᠢᠴᠢ᠎ᠶ᠋ᠢᠨ ᠠᠵᠢᠯ᠎ᠤᠨ ᠥᠷᠲᠡᠭᠡᠨ᠎ᠦ ᠬᠠᠷᠢᠭᠤᠴᠠᠯᠭᠠᠲᠠᠨ ᠭᠤᠸᠠᠨ ᠬᠤᠢ ᠮᠢᠩ ᠪᠣᠯᠤᠨ᠎ᠠ᠃


QQ截图20260520111952.png


ᠵᠢᠱ᠌ᠢᠶᠡᠴᠢ ᠭᠤᠸᠠᠨ ᠬᠤᠢ ᠮᠢᠩ


ᠭᠤᠸᠠᠨ ᠬᠤᠢ ᠮᠢᠩ  38 ᠵᠢᠯ᠎ᠤᠨ ᠲᠤᠷᠰᠢ ᠲᠠᠷᠢᠶᠠᠴᠢᠳ᠎ᠤᠨ ᠠᠰᠢᠭ ᠤᠷᠤᠯᠭ᠎ᠠ ᠵᠢ ᠨᠡᠮᠡᠭᠳᠡᠬᠦᠯᠬᠦ ᠵᠢᠨ ᠲᠦᠯᠦᠭᠡ ᠥᠪᠡᠷ᠎ᠢ᠎ᠪᠡᠨ ᠤᠮᠠᠷᠲᠠᠨ ᠴᠦᠬᠦᠷᠡᠰᠢ ᠦᠬᠡᠢ ᠱᠢᠨ᠎ᠡ᠎ᠶ᠋ᠢ ᠡᠭᠦᠳᠴᠦ᠍᠂ ᠤᠷᠢᠳ ᠬᠣᠵᠢᠳ ᠤᠯᠤᠰ᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠎ᠶ᠋ᠢᠨ ᠡᠯ᠎ᠡ ᠱᠠᠲᠤᠨ᠎ᠤ 31 ᠲᠦᠷᠦᠯ᠎ᠦᠨ ᠱᠠᠩᠨᠠᠯ᠎ᠢ ᠬᠦᠷᠲᠡᠪᠡ᠃ ᠲᠡᠷᠡ ᠪᠦᠯᠬᠦᠮ ᠵᠢᠡᠨ ᠲᠠᠭᠠᠭᠤᠯᠤᠨ 3 ᠲᠦᠷᠦᠯ ᠵᠦᠢᠯ᠎ᠤᠨ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ ᠵᠢ ᠡᠬᠦᠳᠴᠦ᠂ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ 2 ᠭᠠᠷᠭᠠᠨ᠂ ᠤᠯᠤᠰ᠎ᠤᠨ ᠡᠭᠦᠳᠦᠯᠲᠡ᠎ᠶ᠋ᠢᠨ ᠲᠤᠰᠭᠠᠶ ᠠᠱᠢᠭ᠎ᠢ 5 ᠭᠥᠷᠳᠡᠵᠦ᠍᠂ 《ᠳᠤᠮᠳᠠᠳᠤ ᠤᠯᠤᠰ᠎ᠤᠨ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠳᠠᠷᠢᠬᠤ ᠱᠢᠨ᠎ᠡ ᠮᠡᠷᠭᠡᠵᠢᠯ》 ᠵᠡᠷᠭᠡ 2 ᠲᠤᠰᠭᠠᠶ ᠪᠦᠲᠦᠭᠡᠯ᠎ᠢ ᠬᠡᠪᠯᠡᠭᠦᠯᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号