5 ᠰᠠᠷ᠎ᠠ᠎ᠶ᠋ᠢᠨ 18 ᠤ᠋ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠣᠷᠳᠣᠨ ᠫᠠᠢᠰᠠ ᠰᠡᠬᠦᠭ᠌ᠰᠡᠨ ᠪᠥᠭᠡᠳ ᠣᠯᠠᠨ ᠨᠡᠢᠲᠡ᠎ᠳᠦ ᠵᠢᠩᠬᠢᠨᠢ᠎ᠪᠡᠷ ᠨᠡᠭᠡᠭᠡᠪᠡ᠃
ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠣᠷᠳᠣᠨ᠎ᠤ᠎ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ ᠢ ᠴᠢᠩᠭ᠎ᠠ ᠡᠵᠡᠮᠳᠡᠵᠦ᠍᠂ ᠬᠣᠪᠣᠷ ᠨᠠᠨᠳᠢᠨ ᠲᠡᠦᠬᠡ᠎ᠶ᠋ᠢᠨ ᠮᠠᠲ᠋ᠧᠷᠢᠶᠠᠯ᠂ ᠪᠣᠳᠠᠲᠤ ᠪᠣᠳᠠᠰ ᠤᠨ ᠦᠵᠡᠭᠦᠯᠭᠡ᠎ᠶ᠋ᠢᠨ ᠪᠣᠳᠠᠰ᠂ ᠣᠯᠠᠨ ᠵᠠᠭᠤᠴᠢᠯᠠᠭᠤᠷ᠎ᠢᠶᠠᠷ ᠬᠤᠷᠱᠢᠯᠴᠠᠬᠤ ᠵᠡᠷᠭᠡ ᠬᠡᠯᠪᠡᠷᠢ ᠪᠡᠷ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠦᠨᠳᠦᠰᠦᠲᠡᠨ᠎ᠨᠦᠭᠦᠳ ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠥᠩᠭᠡᠷᠡᠯᠲᠡ ᠪᠣᠯᠤᠨ ᠱᠢᠨ᠎ᠡ ᠴᠠᠭ ᠦᠶ᠎ᠡ ᠶ᠋ᠢᠨ ᠠᠮᠵᠢᠯᠲᠠ ᠪᠦᠲᠦᠮᠵᠢ᠎ᠶ᠋ᠢ ᠪᠥᠬᠥ᠌ ᠲᠠᠯ᠎ᠠ᠎ᠪᠠᠷ ᠢᠯᠡᠷᠡᠭᠦᠯᠦᠭ᠌ᠰᠡᠨ ᠪᠥᠭᠡᠳ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠤᠯᠠᠭᠠᠨᠮᠥ᠋ᠴᠢᠷ᠎ᠦᠨ ᠲᠣᠭ᠍ᠯᠠᠯᠲᠠ ᠭᠠᠷᠭᠠᠬᠤ ᠵᠡᠷᠭᠡ ᠠᠭᠤᠯᠭ᠎ᠠ᠎ᠶ᠋ᠢ ᠠᠭᠤᠰᠤᠯᠴᠠᠭᠤᠯᠵᠠᠢ᠃ ᠭᠤᠤᠯ ᠰᠡᠳᠦᠪᠲᠦ ᠣᠷᠳᠣᠨ᠎ᠤ ᠲᠠᠯᠠᠪᠠᠶ ᠨᠢ 833 ᠲᠡᠭ᠌ᠰᠢ ᠳᠥᠷᠪᠡᠯᠵᠢᠨ ᠮᠧᠲ᠋ᠷ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠣᠷᠳᠣᠨ᠂ ᠤᠯᠠᠭᠠᠨ ᠣᠩᠭᠣᠴᠠ ᠲᠢᠶᠠᠲ᠋ᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠬᠣᠩᠭᠢᠯ ᠭᠡᠬᠦ᠌ ᠭᠤᠷᠪᠠᠨ ᠶᠡᠬᠡ ᠬᠡᠰᠡᠭ᠎ᠢ ᠪᠠᠢᠷᠢᠯᠠᠭᠤᠯᠵᠤ᠂ ᠤᠬᠠᠭᠤᠯᠭ᠎ᠠ ᠬᠥᠮᠦᠵᠢᠯ᠂ ᠰᠣᠶᠣᠯ᠎ᠤᠨ ᠦᠵᠡᠭᠦᠯᠭᠡ ᠪᠠ ᠰᠤᠳᠤᠯᠤᠨ ᠰᠤᠷᠤᠯᠴᠠᠬᠤ ᠰᠣᠯᠢᠯᠴᠠᠭ᠎ᠠ᠎ᠶ᠋ᠢ ᠨᠢᠭᠡ ᠴᠣᠭ᠍ᠴᠠᠵᠢᠭᠤᠯᠵᠤ᠂ ᠨᠡᠢᠭᠡᠮ᠎ᠦᠨ ᠡᠯ᠎ᠡ ᠡᠲᠡᠭᠡᠳ᠎ᠲᠦ ᠰᠦᠶ᠋ᠳᠭᠡᠯ ᠬᠤᠷᠢᠶᠠᠬᠤ ᠥᠬᠡᠶ᠎ᠪᠡᠷ ᠨᠡᠭᠡᠭᠡᠨ᠎ᠡ᠃
ᠲᠣᠰ ᠣᠷᠳᠣᠨ ᠢ ᠪᠠᠢᠭᠤᠯᠵᠤ ᠳᠠᠭᠤᠰᠭᠠᠭ᠍ᠰᠠᠨ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ᠎ᠳᠤ ᠢᠯᠡ ᠠᠴᠢᠶᠠᠯᠠᠭ᠍ᠴᠢ ᠪᠠ ᠪᠣᠳᠠᠲᠤ ᠦᠵᠡᠮᠵᠢ ᠶ᠋ᠢᠨ ᠬᠢᠴᠢᠶᠡᠯ ᠦᠨ ᠲᠠᠩᠬᠢᠮ᠎ᠢ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃