ᠪᠣᠯᠣᠳ ᠪᠣᠯᠪᠠᠰᠤᠷᠠᠭᠤᠯᠬᠤ ᠡᠮᠦᠨ᠎ᠠ ᠹᠷᠤᠨᠲ ᠲᠦ᠍ ᠵᠠᠯᠠᠭᠤ ᠨᠠᠰᠤ ᠪᠠᠨ ᠵᠤᠷᠢᠭᠤᠯᠤᠨ᠎ᠠ
2026-05-20 09:30:44
ᠵᠣᠬᠢᠶᠠᠭ᠍ᠴᠢ᠄
ᠭᠡᠷᠡᠯᠲᠦ᠂ ᠴᠢᠶᠣᠤ ᠮᠥ᠍
ᠣᠩᠱᠢᠭ᠍ᠰᠠᠨ ᠣᠳᠠᠭ᠎ᠠ᠄
★★★☆☆

— ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ᠂ ᠤᠮᠠᠷᠠᠲᠤ᠎ᠶ᠋ᠢᠨ ᠬᠦᠨᠳᠦ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠣᠨᠴᠠᠭᠠᠢ ᠪᠣᠯᠣᠳ ᠲᠡᠮᠦᠷ᠎ᠦᠨ ᠠᠵᠢᠯ ᠦᠶ᠋ᠯᠡᠰ᠎ᠦᠨ ᠬᠡᠯᠲᠡᠰ᠎ᠦᠨ ᠨᠠᠷᠢᠯᠢᠭ ᠪᠣᠯᠪᠠᠰᠤᠷᠠᠭᠤᠯᠬᠤ ᠠᠩᠭᠢ᠎ᠶ᠋ᠢᠨ ᠳᠠᠷᠤᠭ᠎ᠠ ᠶᠠᠨ ᠯᠦᠩ ᠯᠦᠩ᠎ᠢ ᠲᠡᠮᠳᠡᠭᠯᠡᠪᠡ


1600°C ᠎ᠤ᠋ᠨ ᠪᠤᠯᠤᠳ᠎ᠤᠨ ᠬᠠᠢᠯᠤᠮᠠᠯ ᠨᠠᠷᠢᠯᠢᠭ ᠪᠣᠯᠪᠠᠰᠤᠷᠠᠭᠤᠯᠬᠤ ᠵᠤᠤᠬᠠᠨ᠎ᠳᠤ ᠪᠤᠷᠭᠢᠯᠵᠤ᠂ ᠤᠯᠠᠪᠤᠷ ᠦᠨᠭ᠌ᠭᠡ᠎ᠵᠢᠨ ᠠᠵᠢᠯ᠎ᠤᠨ ᠬᠤᠪᠴᠠᠰᠤ ᠡᠮᠦᠰᠦᠭᠰᠡᠨ ᠶᠠᠨ ᠯᠦᠩ ᠯᠦᠩ  ᠭᠠᠯ ᠪᠠᠳᠠᠷᠠᠵᠤ ᠪᠠᠢᠭ᠎ᠠ ᠪᠣᠯᠣᠳ ᠪᠣᠯᠪᠠᠰᠤᠷᠠᠭᠤᠯᠬᠤ ᠵᠤᠤᠬ᠎ᠠ ᠵᠢ ᠨᠢᠳᠤ ᠰᠠᠯᠭᠠᠯ ᠦᠭᠡᠢ ᠠᠵᠢᠭᠯᠠᠨ᠎ᠠ᠃ ᠡᠨᠡ ᠬᠦ᠌ ᠠᠵᠢᠯ ᠤ᠋ᠨ ᠵᠢᠷᠤᠭ ᠪᠤᠯ ᠲᠡᠭᠦᠨ᠎ᠦ 23 ᠨᠠᠰᠤᠨ᠎ᠡᠴᠡ 37 ᠨᠠᠰᠤ ᠬᠦᠷᠲᠡᠯᠡᠬᠢ ᠵᠠᠯᠠᠭᠤ ᠨᠠᠰᠤᠨ ᠤ᠋ ᠵᠢᠷᠤᠭᠯᠠᠯ ᠪᠤᠯᠤᠨ᠎ᠠ᠂ ᠲᠡᠷᠡ ᠪᠣᠯᠣᠳ ᠪᠣᠯᠪᠠᠰᠤᠷᠠᠭᠤᠯᠬᠤ ᠵᠤᠤᠬ᠎ᠠ᠎ᠶᠢ ᠠᠷᠪᠠᠨ ᠳᠥᠷᠪᠡᠨ ᠵᠢᠯ ᠰᠠᠬᠢᠨ ᠠᠵᠢᠯᠯᠠᠪᠠ᠃

2026 ᠣᠨ᠎ᠳᠤ᠂ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ ᠣᠨᠴᠠᠭᠠᠢ ᠪᠤᠯᠤᠳ ᠲᠡᠮᠦᠷ᠎ᠦᠨ ᠠᠵᠤ ᠦᠢᠯᠡᠰ᠎ᠦᠨ ᠬᠡᠯᠲᠡᠰ᠎ᠦᠨ 101 ᠦᠢᠯᠡᠳᠪᠦᠷᠢ᠎ᠶ᠋ᠢᠨ ᠲᠠᠰᠤᠭ᠎ᠤᠨ ᠳᠠᠷᠤᠭ᠎ᠠ ᠪᠤᠯᠤᠬᠰᠠᠨ ᠲᠡᠷᠡ ᠪᠡᠷ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ ᠵᠢᠨ ᠱᠠᠩᠨᠠᠯ᠎ᠢ ᠲᠤᠰᠴᠠᠢ᠂ ᠲᠡᠷᠡ᠂ ᠵᠤᠤᠬ᠎ᠠ ᠪᠣᠯ  ᠮᠢᠨᠦ ᠬᠠᠮᠤᠭ᠎ᠤᠨ ᠰᠠᠢ᠌ᠨ ᠪᠠᠭ᠍ᠰᠢ ᠮᠥᠨ ᠭᠡᠵᠦ᠍ ᠬᠡᠯᠡᠪᠡ᠃

2012 ᠣᠨ᠎ᠳᠤ᠂ ᠶᠠᠨ ᠯᠦᠩ ᠯᠦᠩ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠲᠡᠮᠦᠷᠯᠢᠭ ᠬᠠᠢᠯᠤᠭᠤᠯᠬᠤ ᠢᠨᠵᠧᠨᠧᠷᠢᠩ᠎ᠦᠨ ᠲᠤᠰᠭᠠᠢ ᠮᠡᠷᠭᠡᠵᠢᠯ᠎ᠡᠴᠡ ᠲᠡᠭᠦᠰᠦᠭ᠌ᠰᠡᠨ᠎ᠦ ᠳᠠᠷᠠᠭ᠎ᠠ ᠬᠠᠯᠠᠭᠤᠨ ᠲᠠᠪᠠᠯᠭᠠᠨ ᠤᠢᠯᠤᠭᠰᠠᠨ ᠪᠤᠯᠤᠳ ᠪᠣᠯᠪᠠᠰᠤᠷᠠᠭᠤᠯᠬᠤ ᠲᠠᠰᠤᠭ᠎ᠲᠤ ᠠᠵᠢᠯᠯᠠᠪᠠ᠃

ᠬᠠᠯᠠᠭᠤᠨ ᠠᠭᠤᠷ ᠠᠷᠠᠰᠤ ᠮᠢᠬ᠎ᠠ ᠵᠢ ᠰᠢᠷᠠᠵᠤ ᠵᠢᠮᠵᠢᠬᠢᠨᠡᠭᠦᠯᠦᠨ᠎ᠠ᠂ ᠲᠤᠭ᠎ᠠ ᠲᠤᠮᠰᠢ ᠦᠭᠡᠢ ᠤᠷ᠎ᠠ ᠮᠡᠷᠭᠡᠵᠢᠯ᠎ᠦᠨ ᠪᠣᠯᠵᠣᠯᠲᠤ ᠲᠣᠭ᠎ᠠ ᠨᠢ ᠰᠤᠷᠭᠠᠭᠤᠯᠢ᠎ᠡᠴᠡ ᠠᠩᠬ᠎ᠠ ᠭᠠᠷᠴᠤ᠌ ᠪᠠᠢᠭ᠎ᠠ ᠲᠡᠭᠦᠨ᠎ᠦ ᠲᠠᠷᠢᠬᠢ ᠶ᠋ᠢ ᠡᠭᠡᠳᠡᠷᠡᠭᠦᠯᠪᠡ᠃ ᠬᠥᠮᠦᠰ ᠲᠡᠭᠦᠨ᠎ᠡᠴᠡ᠄ 《ᠤᠶᠤᠳᠠᠨ ᠬᠦᠮᠦᠨ ᠶᠠᠭᠤ ᠬᠢᠵᠦ᠍ ᠪᠣᠯᠬᠤ ᠦᠭᠡᠢ ᠪᠣᠶ᠂ ᠶᠠᠭᠠᠬᠢᠬᠤ ᠳ᠋ᠠᠭᠠᠨ ᠡᠨᠡ ᠡᠯᠡ ᠬᠠᠯᠠ᠎ᠶᠢ ᠠᠮᠰᠠᠬᠤ ᠪᠤᠢ?》 ᠭᠡᠵᠦ ᠠᠰᠠᠭᠤᠬᠤ ᠳ᠋ᠤ᠂ ᠶᠠᠨ ᠯᠦᠩ ᠯᠦᠩ ᠭᠠᠷ᠎ᠲᠠᠬᠢ ᠲᠡᠮᠳᠡᠭ᠌ᠯᠡᠯ᠎ᠦᠨ ᠳᠡᠪᠲᠡᠷ᠎ᠢᠶᠡᠨ ᠴᠢᠩᠭ᠎ᠠ ᠠᠳᠭᠤᠵᠤ᠄ 《ᠲᠡᠮᠦᠷᠯᠢᠭ ᠪᠣᠯᠪᠠᠰᠤᠷᠠᠭᠤᠯᠬᠤ ᠪᠣᠯ ᠮᠢᠨᠦ᠍ ᠲᠤᠰᠭᠠᠢ ᠮᠡᠷᠭᠡᠵᠢᠯ ᠮᠥᠨ᠂ ᠪᠤᠯᠤᠳ ᠪᠣᠯᠪᠠᠰᠤᠷᠠᠭᠤᠯᠬᠤ ᠪᠣᠯ ᠮᠢᠨᠦ᠍ ᠰᠣᠩᠭᠣᠯᠲᠠ ᠮᠥᠨ᠂ ᠬᠡᠳᠦᠢ ᠵᠦᠳᠡᠭᠦᠷᠢ ᠳᠡᠢ ᠶᠠᠳᠠᠷᠠᠭ᠎ᠠ ᠲᠠᠢ ᠪᠠᠢᠯ᠎ᠠ ᠴᠤ᠌ ᠰᠠᠢ᠌ᠨ ᠬᠢᠬᠦ᠌ ᠬᠡᠷᠡᠭ᠌ᠲᠡᠢ》 ᠭᠡᠵᠦ ᠬᠡᠯᠡᠪᠡ᠃

ᠡᠭᠦᠨ᠎ᠡᠴᠡ ᠡᠬᠢᠯᠡᠨ᠂ ᠦᠶ᠋ᠯᠡᠳᠪᠦᠷᠢ᠎ᠶ᠋ᠢᠨ ᠲᠠᠰᠤᠭ᠎ᠤᠨ ᠵᠤᠤᠬ᠎ᠠ᠎ᠶ᠋ᠢᠨ ᠭᠠᠯ ᠲᠡᠭᠦᠨ᠎ᠦ ᠵᠠᠯᠠᠭᠤ ᠨᠠᠰᠤᠨ᠎ᠤ ᠬᠠᠮᠤᠭ᠎ᠤᠨ ᠭᠡᠷᠡᠯᠲᠡᠢ ᠳᠡᠪᠢᠰᠭᠡᠷ ᠥᠩᠭᠡ ᠪᠣᠯᠪᠠ᠃ ᠡᠳᠦᠷ ᠲᠡᠭᠡᠨ᠂ ᠲᠡᠷᠡ ᠠᠬᠠᠮᠠᠳ ᠪᠠᠭ᠍ᠰᠢ᠎ᠵᠢ ᠳᠠᠭᠠᠨ ᠰᠤᠷᠤᠯᠴᠠᠵᠤ᠂ ᠵᠤᠤᠬᠠᠨ ᠬᠠᠵᠠᠭᠤ᠎ᠳᠤ ᠤᠴᠤᠢᠨ ᠰᠠᠭᠤᠵᠤ ᠠᠵᠢᠯᠯᠠᠬᠤ ᠶᠠᠪᠤᠴᠠ᠎ᠶ᠋ᠢ ᠪᠦᠬᠦᠨ ᠢ᠋ ᠲᠡᠮᠳᠡᠭ᠌ᠯᠡᠵᠦ᠍᠂ ᠡᠵᠡᠮᠱᠢᠬᠦ᠌ ᠲᠠᠪᠴᠠᠩ ᠤ᠋ᠨ ᠪᠤᠯᠵᠤᠯᠳᠤ ᠲᠤᠭ᠎ᠠ ᠪᠦᠷᠢ᠎ᠶ᠋ᠢᠨ ᠬᠤᠪᠢᠷᠠᠯᠲᠠ᠎ᠶ᠋ᠢ ᠬᠠᠭᠤᠯᠤᠨ ᠪᠢᠴᠢᠵᠦ᠍᠂ ᠮᠠᠰᠢ ᠤᠯᠠᠨ ᠳᠡᠪᠲᠡᠷ ᠲᠡᠮᠳᠡᠭᠯᠡᠨ ᠪᠢᠴᠢᠪᠡ; ᠰᠥᠨᠢ ᠳᠦᠯᠢ᠎ᠪᠡᠷ᠂ ᠲᠡᠷᠡ 《ᠣᠨᠴᠠᠭᠠᠢ ᠪᠤᠯᠤᠳ᠎ᠢ ᠬᠠᠢᠯᠤᠭᠤᠯᠬᠤ ᠮᠡᠷᠭᠡᠵᠢᠯ》᠂ 《ᠪᠤᠯᠤᠳ ᠨᠠᠷᠢᠯᠢᠭ ᠪᠣᠯᠪᠠᠰᠤᠷᠠᠭᠤᠯᠬᠤ 300 ᠠᠰᠠᠭᠤᠯᠲᠠ》 ᠵᠡᠷᠭᠡ ᠨᠤᠮ ᠢ᠋ ᠤᠩᠰᠢᠵᠤ᠂ ᠡᠳᠦᠷ᠎ᠦᠨ ᠪᠣᠳᠠᠲᠠᠢ ᠠᠵᠢᠯ᠎ᠤᠨ ᠲᠡᠮᠳᠡᠭ᠌ᠯᠡᠯ᠎ᠲᠡᠶ ᠪᠡᠨ ᠬᠠᠷᠭᠤᠭᠤᠯᠵᠤ᠂ ᠰᠤᠪᠢᠵᠤ ᠰᠡᠳᠭᠢᠨ᠎ᠠ᠃

ᠡᠨᠡ ᠮᠡᠲᠦ᠍᠎ᠪᠡᠷ ᠭᠤᠷᠪᠠᠨ ᠵᠢᠯ᠎ᠦᠨ ᠳᠣᠲᠣᠷ᠎ᠠ ᠲᠡᠷᠡ ᠴᠠᠬᠢᠯᠭᠠᠨ ᠨᠣᠮᠣᠨ ᠵᠤᠤᠬ᠎ᠠ᠂ ᠨᠠᠷᠢᠯᠢᠭ ᠪᠣᠯᠪᠠᠰᠤᠷᠠᠭᠤᠯᠬᠤ ᠵᠤᠤᠬ᠎ᠠ᠎ᠶ᠋ᠢᠨ ᠪᠦᠬᠦ᠌ ᠶᠠᠪᠤᠴᠠ᠎ᠶ᠋ᠢ ᠪᠣᠯᠪᠠᠰᠤᠷᠠᠩᠭᠤᠢ ᠡᠵᠡᠮᠱᠢᠪᠡ᠃ 26 ᠨᠠᠰᠤᠲᠠᠢ  ᠵᠢᠯ᠎ᠳᠡᠭᠡᠨ ᠲᠡᠷᠡ ᠦᠢᠯᠡᠳᠪᠦᠷᠢ᠎ᠶ᠋ᠢᠨ ᠲᠠᠰᠤᠭ᠎ᠤᠨ ᠬᠠᠮᠤᠭ᠎ᠤᠨ ᠵᠠᠯᠠᠭᠤ 《ᠤᠶᠤᠲᠠᠨ ᠲᠠᠰᠤᠭ᠎ᠤᠨ ᠳᠠᠷᠤᠭ᠎ᠠ》 ᠪᠣᠯᠪᠠ᠃

《ᠣᠨᠴᠠ ᠲᠦᠷᠦᠯ᠎ᠦᠨ ᠪᠤᠯᠤᠳ᠎ᠪᠣᠯ ᠤᠯᠤᠰ᠎ᠤᠨ ᠰᠤᠳᠤᠨ ᠲᠤᠨᠤᠭᠯᠠᠯ᠎ᠦᠨ ᠰᠠᠭᠤᠷᠢ ᠴᠢᠯᠠᠭᠤ ᠮᠥᠨ᠂ ᠵᠠᠩᠭᠢᠯᠠᠭ᠎ᠠ᠎ᠶ᠋ᠢᠨ ᠮᠠᠲ᠋ᠧᠷᠢᠶᠠᠯ᠎ᠢ ᠶᠠᠭᠠᠬᠢᠭ᠍ᠰᠠᠨ ᠴᠤ᠌ 〈ᠪᠣᠭᠣᠮᠢ〉 ᠪᠣᠯᠭᠠᠵᠤ ᠪᠣᠯᠬᠤ ᠦᠭᠡᠢ!》 ᠡᠨᠡ ᠦᠭᠡ ᠶᠠᠨ ᠯᠦᠩ ᠯᠦᠩ᠎ᠤᠨ ᠰᠡᠳᠭᠢᠯ᠎ᠳᠦ ᠭᠦᠨ ᠬᠠᠳᠠᠩᠱᠢᠵᠠᠢ᠃

ᠬᠡᠳᠦᠨ ᠵᠢᠯ᠎ᠦᠨ ᠡᠮᠦᠨ᠎ᠡ᠂ ᠤᠯᠤᠰ᠎ᠤᠨ ᠳᠥᠷᠪᠡᠳᠦᠭᠡᠷ ᠦᠶ᠎ᠡ᠎ᠶ᠋ᠢᠨ ᠴᠥᠮ᠎ᠡ᠎ᠶ᠋ᠢᠨ ᠴᠠᠬᠢᠯᠭᠠᠨ᠎ᠤ ᠢᠨᠵᠧᠨᠧᠷᠢᠩ ᠪᠤᠭᠤᠮᠢ ᠳ᠋ᠤ ᠲᠤᠯᠭᠠᠷᠠᠵᠤ — ᠭᠤᠤᠯᠯᠠᠬᠤ ᠲᠥᠬᠥᠭᠡᠷᠦᠮᠵᠢ᠎ᠶ᠋ᠢᠨ ᠵᠠᠪᠠᠯ ᠬᠡᠷᠡᠭ᠌ᠰᠡᠬᠦ᠌ ᠬᠡᠲᠦ ᠴᠡᠪᠡᠷ ᠢᠳᠡᠭ᠌ᠳᠡᠯ᠎ᠳᠦ ᠳᠠᠭᠠᠭᠠᠮᠠᠭᠠᠶ ᠵᠢᠪᠡᠷᠡᠬᠦ᠌ ᠥᠬᠡᠶ ᠪᠣᠯᠣᠳ᠎ᠶᠡᠬᠡ ᠬᠡᠮᠵᠢᠶ᠎ᠡ ᠪᠠᠷ ᠦᠶ᠋ᠯᠡᠳᠪᠦᠷᠢᠯᠡᠵᠦ ᠲᠡᠢᠯᠬᠦ ᠦᠭᠡᠢ ᠪᠠᠢᠳᠠᠯ᠎ᠳᠤ ᠣᠷᠣᠪᠠ᠃ ᠡᠢᠮᠦᠷᠬᠦᠦ ᠪᠤᠯᠤᠳ ᠮᠠᠲ᠋ᠧᠷᠢᠶᠠᠯ᠎ᠤᠨ ᠨᠡᠭᠦᠷᠡᠰᠦᠲᠥ᠋ᠷᠥᠭ᠌ᠴᠢ᠎ᠶ᠋ᠢᠨ ᠠᠭᠤᠯᠤᠭ᠍ᠳᠠᠴᠠ᠂ ᠬᠣᠯᠢᠴᠠ᠎ᠶ᠋ᠢ ᠬᠢᠵᠠᠭᠠᠷᠯᠠᠬᠤ ᠱᠠᠭᠠᠷᠳᠠᠯᠭ᠎ᠠ᠎ᠨᠢ ᠲᠤᠢᠯ᠎ᠳ᠋ᠡᠭᠠᠨ ᠬᠦᠷᠴᠦ᠍᠂ ᠤᠷᠲᠦ ᠬᠤᠭᠤᠴᠠᠭ᠎ᠠ᠎ᠪᠠᠷ ᠭᠠᠳᠠᠭᠠᠳᠤ᠎ᠶ᠋ᠢᠨ ᠭᠠᠭ᠍ᠴᠠᠭᠠᠷ ᠡᠵᠡᠮᠱᠢᠯ᠎ᠳᠦ ᠤᠴᠠᠷᠠᠵᠤ᠂ ᠭᠣᠣᠯ ᠪᠤᠯᠵᠤᠯᠳᠦ ᠲᠣᠭ᠎ᠠ᠎ᠨᠢ ᠴᠢᠩᠭ᠎ᠠ ᠪᠢᠲᠡᠭᠦᠮᠵᠢᠯᠡᠭᠳᠡᠪᠡ᠃ ᠵᠠᠩᠭᠢᠯᠠᠭ᠎ᠠ᠎ᠶ᠋ᠢᠨ ᠦᠶ᠎ᠡ᠎ᠳᠦ᠂ ᠶᠠᠨ ᠯᠦᠩ ᠯᠦᠩ ᠰᠠᠨᠠᠭᠠᠴᠢᠯᠠᠭ᠎ᠠ᠎ᠡᠴᠡ᠎ᠪᠠᠨ ᠡᠷᠭᠦᠳᠡᠯ ᠭᠠᠷᠭᠠᠵᠤ᠂ ᠪᠣᠭᠣᠮᠲᠠ ᠱᠢᠪᠲᠤᠯᠬᠤ ᠳᠤᠭᠤᠢᠯᠠᠩ ᠪᠠᠢᠭᠤᠯᠵᠤ᠂ 《ᠬᠠᠲᠠᠭᠤ ᠪᠤᠭᠤᠮᠢ》 ᠵᠦᠭ ᠲᠠᠭᠠᠷᠢᠯᠳᠠ ᠶᠠᠪᠤᠭᠤᠯᠪᠠ᠃

ᠯᠠᠪᠯᠠᠬᠤ ᠮᠠᠲ᠋ᠧᠷᠢᠶᠠᠯ ᠦᠭᠡᠢ ᠪᠣᠯ᠂ ᠲᠡᠳᠡ ᠥᠪᠡᠷ᠎ᠵᠢᠡᠨ ᠤᠷᠤᠯᠳᠤᠵᠤ ᠲᠤᠷᠰᠢᠨ᠎ᠠ᠃ ᠵᠤᠤᠬᠠᠨ᠎ᠤ ᠭᠠᠳᠠᠨᠠᠬᠢ ᠳᠤᠯᠠᠭᠠᠨ᠎ᠤ ᠬᠡᠮᠵᠢᠶ᠎ᠡ 50°C᠎ᠢ᠋ ᠳᠠᠪᠠᠵᠤ᠂ ᠠᠮᠤᠷ ᠲᠦᠪᠱᠢᠨ᠎ᠦ ᠮᠠᠯᠠᠭᠠᠶ᠎ᠶ᠋ᠢ ᠳᠠᠭᠠᠵᠤ ᠬᠥᠯᠥᠰᠥ᠍ ᠤᠷᠤᠰᠤᠨ᠂ ᠠᠵᠢᠯ᠎ᠤᠨ ᠬᠤᠪᠴᠠᠰᠤ᠎ᠵᠢ ᠨᠢ ᠳᠡᠪᠲᠦᠭᠡᠵᠦ ᠪᠠᠢᠬᠰᠠᠨ ᠎ᠴᠤ ᠲᠠᠳᠠ  ᠬᠡᠳᠦᠨ ᠴᠠᠭ᠎ᠵᠢᠡᠷ ᠵᠣᠭ᠍ᠰᠣᠨ ᠠᠵᠢᠯᠯᠠᠵᠤ᠂ ᠪᠣᠯᠣᠳ᠎ᠤᠨ ᠬᠠᠢᠯᠤᠮᠠᠯ᠎ᠤᠨ ᠥᠩᠭᠡ᠎ᠶ᠋ᠢᠨ ᠬᠤᠪᠢᠷᠠᠯᠲᠠ᠎ᠶ᠋ᠢ ᠨᠢᠳᠦ ᠴᠠᠪᠴᠢᠯ ᠥᠬᠡᠶ ᠠᠵᠢᠭ᠍ᠯᠠᠨ᠎ᠠ; ᠪᠤᠯᠵᠤᠯᠲᠤ ᠲᠤᠭ᠎ᠠ᠎ᠵᠢᠨ ᠲᠤᠷᠱᠢᠨ ᠲᠣᠬᠢᠷᠠᠭᠤᠯᠤᠯᠲᠠ ᠤᠳᠠᠭ᠎ᠠ ᠳᠠᠷᠠᠭᠠᠯᠠᠨ ᠢᠯᠠᠭ᠍ᠳᠠᠵᠤ᠂ ᠲᠠᠳᠠ ᠳᠠᠬᠢᠨ ᠳᠠᠪᠲᠠᠨ ᠰᠢᠨ᠎ᠡ ᠪᠡᠷ ᠡᠬᠢᠯᠡᠭᠦᠯᠵᠦ᠂ ᠨᠡᠢᠲᠡ ᠵᠠᠭᠤ ᠭᠠᠷᠤᠶ ᠤᠳᠠᠭᠠᠨ᠎ᠤ ᠳᠠᠭᠤᠷᠢᠶᠠᠮᠠᠯ ᠲᠤᠷᠱᠢᠯᠲᠠ᠎ᠶ᠋ᠢ ᠥᠷᠨᠢᠭᠦᠯᠵᠦ᠍᠂ ᠬᠡᠳᠦᠨ ᠲᠦᠮᠡᠨ ᠪᠦᠯᠦᠭ ᠬᠣᠪᠣᠷ ᠨᠠᠨᠳᠢᠨ ᠲᠣᠭ᠎ᠠ ᠪᠠᠷᠢᠮᠲᠠ᠎ᠶ᠋ᠢ ᠡᠮᠬᠢᠳᠭᠡᠨ ᠭᠠᠷᠭᠠᠪᠠ᠃

ᠬᠠᠮᠤᠭ᠎ᠤᠨ ᠡᠴᠦᠰ᠎ᠲᠦ᠂ ᠶᠠᠨ ᠯᠦᠩ ᠯᠦᠩ᠎ᠤᠨ ᠪᠦᠯᠬᠦᠮ᠎ᠦᠨ ᠬᠢᠨ 《ᠠᠷᠭᠤᠨ ᠬᠦᠴᠢᠯᠲᠥ᠋ᠷᠥᠭ᠌ᠴᠢ᠎ᠶ᠋ᠢᠨ ᠨᠡᠭᠦᠷᠡᠰᠦᠲᠥ᠋ᠷᠥᠭ᠌ᠴᠢ ᠥᠬᠡᠢᠳᠡᠭᠦᠯᠬᠦ᠌ ᠬᠥᠳᠡᠯᠦᠩᠭᠦᠶ ᠲᠡᠩᠴᠡᠭᠦᠷᠢ᠎ᠶ᠋ᠢᠨ ᠠᠷᠭ᠎ᠠ》᠎ᠵᠢ ᠱᠢᠨ᠎ᠡ ᠪᠡᠷ ᠡᠭᠦᠳᠦᠨ ᠬᠡᠷᠡᠭ᠌ᠯᠡᠵᠦ᠍᠂ ᠭᠤᠤᠯᠯᠠᠬᠤ ᠮᠡᠷᠭᠡᠵᠢᠯ᠎ᠦᠨ ᠲᠠᠯ᠎ᠠ᠎ᠪᠠᠷ ᠨᠢᠭᠡ ᠯᠡ ᠳᠡᠭᠡᠷ᠎ᠡ ᠱᠢᠪᠲᠤᠯᠤᠯᠲᠠ ᠭᠠᠷᠭᠠᠵᠤ᠂ ᠪᠣᠯᠪᠠᠰᠤᠷᠠᠭᠤᠯᠬᠤ ᠴᠠᠭ᠎ᠢ 26 ᠴᠠᠭ ᠪᠠᠢᠭ᠍ᠰᠠᠨ᠎ᠡᠴᠡ 12 ᠴᠠᠭ ᠪᠣᠯᠭᠠᠨ ᠪᠠᠭᠠᠰᠭᠠᠵᠤ᠂ ᠦᠶ᠋ᠯᠡᠳᠬᠦᠨ᠎ᠦ ᠴᠡᠪᠡᠷᠴᠡ᠂ ᠴᠢᠳᠠᠮᠵᠢ᠎ᠶ᠋ᠢᠨ ᠭᠦᠶ᠋ᠴᠡᠳᠭᠡᠯ ᠲᠣᠭ᠎ᠠ᠎ᠶ᠋ᠢ ᠴᠥᠮ ᠳᠡᠯᠡᠬᠡᠶ᠎ᠶ᠋ᠢᠨ ᠲᠡᠷᠢᠭᠦᠨ᠎ᠦ ᠲᠦᠪᠱᠢᠨ᠎ᠳᠦ ᠬᠦᠷᠭᠡᠵᠦ᠍᠂ ᠭᠠᠳᠠᠭᠠᠳᠤ᠎ᠶ᠋ᠢᠨ ᠬᠡᠳᠦᠨ ᠠᠷᠪᠠᠨ ᠵᠢᠯ ᠦᠷᠭᠦᠯᠵᠢᠯᠡᠭ᠌ᠰᠡᠨ ᠮᠡᠷᠭᠡᠵᠢᠯ᠎ᠦᠨ ᠭᠠᠭᠴᠠᠭᠠᠷ ᠡᠵᠡᠮᠰᠢᠯ᠎ᠢ ᠲᠤᠢᠯᠪᠤᠷᠢᠲᠠᠶ ᠡᠪᠳᠡᠵᠦ᠍᠂ ᠤᠯᠤᠰ᠎ᠤᠨ ᠴᠥᠮ᠎ᠡ᠎ᠶ᠋ᠢᠨ ᠴᠠᠬᠢᠯᠭᠠᠨ᠎ᠤ ᠢᠨᠵᠧᠨᠧᠷᠢᠩ᠎ᠦᠨ ᠵᠠᠩᠭᠢᠯᠠᠭ᠎ᠠ᠎ᠶ᠋ᠢᠨ ᠮᠠᠲ᠋ᠧᠷᠢᠶᠠᠯ᠎ᠢ ᠤᠯᠤᠰ᠎ᠲᠠᠭᠠᠨ ᠦᠶ᠋ᠯᠡᠳᠪᠦᠷᠢᠯᠡᠬᠦ᠌᠎ᠳᠦ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃

ᠱᠢᠨ᠎ᠡ᠎ᠶ᠋ᠢ ᠡᠭᠦᠳᠬᠦ᠌ ᠠᠯᠬᠤᠭ᠎ᠠ ᠶᠡᠷᠦ᠍᠎ᠡᠴᠡ ᠵᠣᠭ᠍ᠰᠣᠭ᠍ᠰᠠᠨ ᠦᠭᠡᠢ᠃ ᠲᠡᠷᠡ ᠬᠠᠢᠯᠤᠮᠠᠯ᠎ᠤᠨ ᠱᠢᠭᠠᠷᠤᠭ᠎ᠤᠨ ᠲᠠᠷᠬᠠᠯᠲᠠ᠎ᠶ᠋ᠢᠨ ᠬᠦᠴᠢᠯᠲᠥ᠋ᠷᠥᠭ᠌ᠴᠢ ᠥᠬᠡᠢᠳᠡᠭᠦᠯᠬᠦ᠌ ᠤᠷ᠎ᠠ ᠮᠡᠷᠭᠡᠰᠢᠯ᠎ᠢ ᠱᠢᠯᠢᠳᠡᠭ᠌ᠵᠢᠭᠦᠯᠵᠦ᠍᠂ ᠲᠠᠩ ᠵᠤᠤᠬ᠎ᠠ᠎ᠶ᠋ᠢᠨ ᠬᠠᠢᠯᠤᠭᠤᠯᠬᠤ ᠴᠠᠭ᠎ᠢ 11 ᠮᠢᠨᠦ᠋ᠲ ᠪᠣᠭᠣᠨᠢᠰᠭᠠᠵᠤ᠂ ᠵᠢᠯ᠎ᠦᠨ ᠠᠷᠪᠢᠯᠠᠨ ᠭᠠᠮᠨᠠᠵᠤ  ᠡᠭᠦᠳᠦᠭᠰᠡᠨ ᠦᠷ᠎ᠡ ᠠᠱᠢᠭ 30 ᠲᠦᠮᠡᠨ ᠲᠥᠭᠥᠷᠢᠭ᠎ᠲᠦ ᠬᠦᠷᠪᠡ; ᠪᠠᠭ᠎ᠠ ᠨᠡᠭᠦᠷᠡᠰᠦᠲᠥ᠋ᠷᠥᠭ᠌ᠴᠢᠲᠦ ᠪᠣᠯᠣᠳ᠎ᠢ ᠨᠠᠷᠢᠯᠢᠭ ᠪᠣᠯᠪᠠᠰᠤᠷᠠᠭᠤᠯᠬᠤ ᠮᠡᠷᠭᠡᠵᠢᠯ᠎ᠢ ᠰᠤᠳᠤᠯᠤᠨ ᠨᠡᠭᠡᠭᠡᠵᠦ᠍᠂ ᠵᠢᠯ᠎ᠳᠦ 250 ᠲᠦᠮᠡᠨ ᠲᠥᠭᠥᠷᠢᠭ᠎ᠤᠨ ᠦᠪᠡᠷ᠎ᠤᠨ ᠦᠷᠲᠡᠭ᠎ᠢ ᠠᠷᠪᠢᠯᠠᠪᠠ; P 92 ᠪᠤᠯᠤᠳ᠎ᠤᠨ ᠪᠣᠭᠣᠮᠲᠠ ᠱᠢᠪᠲᠤᠯᠬᠤ ᠳᠤᠮᠳᠠ᠂ ᠠᠽᠣᠲ ᠬᠡᠢ᠎ᠪᠡᠷ ᠦᠨᠡᠲᠡᠢ ᠠᠽᠣᠲᠵᠢᠭᠰᠠᠨ ᠾᠷᠣᠮ᠎ᠤᠨ ᠬᠠᠢᠯᠤᠰᠢ᠎ᠶ᠋ᠢ ᠣᠷᠣᠯᠠᠭᠤᠯᠵᠤ᠂ ᠵᠤᠤᠬ᠎ᠠ ᠪᠦᠷᠢ᠎ᠶ᠋ᠢᠨ ᠥᠪᠡᠷ᠎ᠦᠨ ᠦᠷᠲᠡᠭ᠎ᠢ 1800 ᠳ᠋ᠣᠯᠯᠠᠷ ᠪᠠᠭᠤᠷᠠᠭᠤᠯᠪᠠ᠃ ᠲᠤᠱᠢᠶᠠᠯ᠎ᠳᠤ ᠭᠠᠷᠤᠭ᠍ᠰᠠᠨ ᠠᠷᠪᠠᠨ ᠳᠥᠷᠪᠡᠨ ᠵᠢᠯ᠎ᠦᠨ ᠲᠤᠷᠰᠢ᠂ ᠲᠡᠷᠡ ᠤᠷᠢᠳ ᠬᠣᠵᠢᠳ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠦᠶ᠋ᠯ᠎ᠦᠨ ᠮᠡᠷᠭᠡᠵᠢᠯ᠎ᠦᠨ ᠪᠣᠭᠣᠮᠲᠠ ᠱᠢᠪᠲᠤᠯᠬᠤ ᠲᠥᠷᠥᠯ ᠵᠦᠶ᠋ᠯ᠎ᠳᠦ ᠣᠷᠣᠯᠴᠠᠵᠤ᠂ ᠤᠯᠤᠰ᠎ᠤᠨ ᠳᠣᠲᠣᠭᠠᠳᠤ᠎ᠶ᠋ᠢᠨ ᠣᠯᠠᠨ ᠵᠦᠶ᠋ᠯ᠎ᠦᠨ ᠬᠣᠭᠣᠰᠣᠨ᠎ᠢ ᠨᠥᠬᠥᠪᠥᠷᠢᠯᠡᠵᠦ᠍᠂ ᠠᠵᠤ ᠠᠬᠤᠢᠯᠠᠯ᠎ᠳᠤ ᠨᠡᠢᠲᠡ ᠳ᠋ᠦᠩᠱᠢᠭᠤᠷ ᠭᠠᠷᠤᠶ ᠲᠥᠭᠥᠷᠢᠭ᠎ᠦᠨ ᠦᠷ᠎ᠡ ᠠᠱᠢᠭ ᠡᠭᠦᠳᠴᠦ᠍ ᠥᠭ᠌ᠴᠡᠶ᠃

《ᠨᠢᠭᠡ ᠬᠥᠮᠦᠨ ᠱᠢᠯᠢᠳᠡᠭ ᠪᠤᠯᠬᠤ ᠨᠢ ᠲᠡᠢᠮᠦ ᠴᠢᠬᠤᠯᠠ ᠶᠠᠪᠤᠳᠠᠯ ᠪᠢᠰᠢ᠂ ᠨᠢᠭᠡ ᠪᠦᠯᠦᠭ ᠬᠦᠮᠦᠰ᠎ᠢ ᠲᠠᠢᠴᠢᠯᠠᠵᠤ ᠱᠢᠯᠢᠳᠡᠭ ᠪᠤᠯᠭᠠᠬᠤ ᠪᠣᠯ ᠰᠠᠶᠢ ᠵᠢᠩᠬᠢᠨᠢ ᠴᠢᠳᠠᠪᠤᠷᠢ ᠪᠤᠯᠤᠨ᠎ᠠ》᠃ ᠵᠠᠩᠭᠢᠯᠠᠭ᠎ᠠ᠎ᠶ᠋ᠢᠨ ᠤᠷ᠎ᠠ ᠴᠢᠳᠠᠪᠤᠷᠢ᠎ᠶ᠋ᠢᠨ ᠳᠠᠭᠠᠭᠤᠯᠤᠭ᠍ᠴᠢ ᠪᠣᠯᠤᠭ᠍ᠰᠠᠨ᠎ᠤ ᠬᠤᠪᠢ᠎ᠳᠤ᠂ ᠶᠠᠨ ᠯᠦᠩ ᠯᠦᠨᠭ ᠶᠡᠷᠦ᠍ ᠨᠢ ᠤᠯᠠᠮᠵᠢᠯᠠᠬᠤ ᠬᠠᠪᠰᠤᠷᠬᠤ ᠳᠠᠭᠠᠭᠤᠯᠬᠤ᠎ᠶ᠋ᠢ ᠰᠡᠳᠭᠢᠯ᠎ᠳᠡᠭᠡᠨ ᠪᠤᠳᠤᠭ᠍ᠰᠠᠭᠠᠷ ᠢᠷᠡᠵᠡᠢ᠃ ᠲᠡᠷᠡ ᠠᠩᠭᠢ ᠳᠤᠭᠤᠢᠯᠠᠩ᠎ᠳᠠᠭᠠᠨ 《ᠨᠢᠭᠡ᠎ᠶᠢ ᠨᠢᠭᠡ ᠳ᠋ᠦ ᠬᠠᠷᠠᠭᠠᠯᠵᠠᠭᠤᠯᠤᠨ》 ᠬᠠᠪᠰᠤᠷᠤᠨ ᠲᠡᠳᠬᠦᠬᠦ᠌ ᠲᠣᠭ᠍ᠲᠡᠴᠡ᠎ᠶ᠋ᠢ ᠪᠠᠢᠭᠤᠯᠵᠤ᠂ ᠱᠢᠨ᠎ᠡ ᠠᠵᠢᠯᠲᠠᠨ ᠨᠢᠭᠡ ᠪᠦᠷᠢ᠎ᠳᠦ ᠪᠡᠶ᠎ᠡ ᠳ᠋ᠤᠨᠢ ᠲᠤᠬᠢᠷᠠᠭᠰᠠᠨ ᠬᠥᠮᠦᠵᠢᠭᠦᠯᠬᠦ᠌ ᠲᠥᠯᠥᠪᠯᠡᠭᠡ ᠲᠣᠭ᠍ᠲᠠᠭᠠᠨ ᠥᠭ᠌ᠴᠦ᠂ ᠮᠠᠰᠢᠨ᠎ᠢ ᠠᠵᠢᠯᠯᠠᠭᠤᠯᠬᠤ ᠵᠢ ᠪᠡᠶ᠎ᠡ ᠪᠡᠷ᠎ᠵᠢᠡᠨ ᠵᠢᠭᠠᠵᠤ᠂ ᠣᠭ ᠶᠣᠰᠣ᠎ᠶ᠋ᠢ ᠨᠢᠭᠤᠷᠲᠠᠨ ᠵᠢᠭᠠᠵᠤ᠂ ᠥᠪᠡᠷ᠎ᠦᠨ ᠬᠤᠷᠠᠮᠳᠤᠭᠤᠯᠤᠭ᠍ᠰᠠᠨ ᠠᠷᠪᠠᠨ ᠬᠡᠳᠦᠨ ᠵᠢᠯ᠎ᠦᠨ ᠲᠡᠮᠳᠡᠭᠯᠡᠯ᠂ ᠠᠷᠭ᠎ᠠ ᠳᠠᠮ᠂ ᠲᠤᠷᠱᠢᠯᠭ᠎ᠠ᠎ᠪᠠᠨ ᠪᠦᠬᠦᠨ᠎ᠢ ᠠᠭᠤᠳᠠᠯᠤᠨ ᠭᠠᠷᠭᠠᠵᠤ ᠵᠢᠭᠠᠵᠤ ᠥᠭᠳᠡᠭ᠃ ᠲᠡᠷᠡ ᠵᠠᠯᠠᠭᠤᠴᠤᠳ ᠲᠤ᠌᠄ 《ᠪᠤᠯᠤᠳ ᠪᠣᠯᠪᠠᠰᠤᠷᠠᠭᠤᠯᠬᠤ᠎ᠳᠤ ᠲᠦᠳᠡ ᠵᠠᠮ ᠦᠭᠡᠢ᠂ ᠭᠠᠷ ᠬᠥᠳᠡᠯᠵᠦ᠍ ᠬᠢᠵᠦ ᠴᠢᠳᠠᠬᠤ᠎ᠪᠠᠷ ᠪᠠᠷᠠᠬᠤ ᠦᠭᠡᠢ ᠨᠡᠩ ᠴᠤ᠌ ᠲᠠᠷᠢᠬᠢ᠎ᠪᠠᠨ ᠬᠥᠳᠡᠯᠭᠡᠵᠦ᠍ ᠰᠤᠷᠬᠤ ᠬᠡᠷᠡᠭ᠌ᠲᠡᠢ᠂ ᠱᠢᠨ᠎ᠡ᠎ᠶ᠋ᠢ ᠡᠭᠦᠳᠬᠦ᠌ ᠪᠣᠯ ᠰᠠᠶᠢ ᠵᠢᠩᠬᠢᠨᠢ ᠴᠢᠳᠠᠪᠤᠷᠢ ᠮᠥᠨ》 ᠭᠡᠵᠦ ᠦᠷᠭᠦᠯᠵᠢ  ᠶᠠᠷᠢᠳᠠᠭ᠃

ᠣᠳᠣᠬᠠᠨ᠎ᠳᠤ᠂ ᠲᠡᠭᠦᠨ᠎ᠦ ᠳᠠᠭᠠᠭᠤᠯᠤᠭ᠍ᠰᠠᠨ ᠳᠤᠭᠤᠢᠯᠠᠩ᠎ᠳᠤ᠂ ᠬᠤᠶᠠᠷ 《2000 ᠣᠨ᠎ᠡᠴᠡ ᠰᠡᠭᠦᠯᠡᠷ ᠲᠦᠷᠦᠭ᠌ᠰᠡᠨ》 ᠵᠠᠯᠠᠭᠤ ᠨᠢᠭᠡᠨᠲᠡ ᠪᠡᠶ᠎ᠡ᠎ᠪᠡᠨ ᠳᠠᠭᠠᠭᠠᠵᠤ ᠠᠵᠢᠯᠯᠠᠵᠤ ᠳᠡᠢᠯᠬᠦ ᠡᠭᠡᠯᠵᠢ ᠵᠢᠨ ᠳᠤᠭᠤᠢᠯᠠᠩ᠎ᠤᠨ ᠳᠠᠷᠤᠭ᠎ᠠ ᠪᠤᠯᠵᠥ᠍᠂ ᠤᠯᠠᠨ ᠠᠵᠢᠯᠳᠠᠨ ᠤᠮᠠᠷᠠᠲᠤ᠎ᠵᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭᠯᠡᠯ᠎ᠦᠨ 《ᠵᠠᠯᠠᠭᠤ ᠠᠵᠢᠯ᠎ᠤᠨ ᠪᠠᠢᠷᠢ᠎ᠶ᠋ᠢᠨ ᠴᠢᠳᠠᠪᠤᠷᠢᠲᠠᠨ》᠂ 《ᠮᠡᠷᠭᠡᠵᠢᠯ᠎ᠦᠨ ᠳᠠᠭᠤᠷᠢᠶᠠᠯ》 ᠵᠢᠡᠷ ᠰᠣᠩᠭᠣᠭ᠍ᠳᠠᠵᠤ᠂ ᠡᠭᠡᠯᠵᠢ  ᠵᠢᠨ ᠳᠤᠭᠤᠢᠯᠠᠩ ᠨᠢ ᠪᠦᠬᠦ᠌ ᠤᠯᠤᠰ᠎ᠤᠨ ᠠᠵᠢᠯᠴᠢᠨ᠎ᠤ ᠬᠣᠱᠢᠭᠤᠴᠢ᠎ᠶ᠋ᠢᠨ ᠴᠣᠯᠠ ᠵᠡᠷᠭᠡ ᠢᠷᠠᠭᠤ ᠠᠯᠳᠠᠷ᠎ᠢ ᠬᠦᠷᠳᠡᠪᠡ᠃

ᠢᠷᠠᠭᠤ ᠠᠯᠳᠠᠷ᠎ᠤᠨ ᠡᠮᠦᠨ᠎ᠡ᠂ ᠶᠠᠨ ᠯᠦᠩ ᠯᠦᠨᠭ᠄ 《ᠡᠨᠡ ᠬᠦ᠌ ᠢᠷᠠᠭᠤ ᠠᠯᠳᠠᠷ ᠪᠣᠯ ᠭᠠᠭ᠍ᠴᠠ ᠮᠢᠨᠦᠬᠢ ᠪᠢᠰᠢ᠂ ᠪᠦᠬᠦᠢᠯᠡ ᠪᠦᠯᠬᠦᠮ᠎ᠦᠨ ᠬᠠᠮᠲᠤ᠎ᠶ᠋ᠢᠨ ᠴᠢᠷᠮᠠᠢᠯᠭ᠎ᠠ᠎ᠶ᠋ᠢᠨ ᠦᠷ᠎ᠡ ᠳ᠋ᠦᠩ ᠮᠥᠨ᠂ ᠨᠡᠩ ᠴᠤ᠌ ᠱᠢᠨ᠎ᠡ ᠴᠠᠭ ᠦᠶ᠎ᠡ ᠡᠴᠡ ᠠᠵᠤ ᠦᠢᠯᠡᠰ᠎ᠦᠨ ᠵᠠᠯᠠᠭᠤᠴᠤᠳ᠎ᠢ ᠮᠡᠳᠡᠷᠡᠭ᠌ᠰᠡᠨ ᠶᠠᠪᠤᠳᠠᠯ ᠪᠣᠯᠤᠨ᠎ᠠ᠃ ᠪᠢ ᠵᠥᠪᠬᠡᠨ ᠥᠪᠡᠷ᠎ᠦᠨ ᠬᠢᠪᠡᠰᠦ ᠵᠣᠬᠢᠬᠤ ᠠᠵᠢᠯ᠎ᠢᠶᠠᠨ ᠬᠢᠭᠰᠡᠨ ᠶᠤᠮ》 ᠭᠡᠵᠦ ᠳᠠᠷᠤᠤ ᠬᠢᠴᠢᠶᠡᠩᠭᠦᠢ᠎ᠪᠡᠷ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号