《ᠣᠢᠷ᠎ᠠ ᠳᠤ ᠡᠳᠦᠷ ᠪᠤᠯᠭᠠᠨ ᠰᠢᠷᠡᠭᠡ ᠳᠦᠭᠦᠷᠡᠩ ᠵᠤᠴᠢᠨ ᠲᠠᠢ᠂ ᠵᠢᠩᠨᠡᠭᠦ᠂ ᠬᠠᠭᠰᠠᠭᠠᠬᠤ ᠮᠠᠰᠢᠨ ᠳᠦᠬᠦᠭᠡᠷᠦᠮᠵᠢ ᠵᠢ ᠡᠳᠦᠷᠵᠢᠨ ᠵᠤᠭᠰᠤᠯ ᠦᠬᠡᠢ ᠠᠵᠢᠯᠯᠠᠭᠤᠯᠤᠭᠰᠠᠨ ᠪᠠᠢᠲᠠᠯ᠎ᠠ ᠴᠠᠬᠢᠯᠭᠠᠨ ᠵᠣᠭ᠍ᠰᠣᠭᠰᠠᠨ ᠥᠬᠡᠶ᠂ ᠵᠤᠴᠢᠳ᠎ᠤᠨ ᠲᠤᠭ᠎ᠠ ᠴᠤ᠌ ᠨᠢᠳᠤᠨᠤᠨ᠎ᠤ᠎ᠬᠢ᠎ᠠᠴᠠ ᠭᠤᠷᠪᠠᠨ ᠬᠤᠪᠢ ᠨᠡᠮᠡᠭᠳᠡᠵᠡᠢ ᠂ ᠴᠠᠬᠢᠯᠭᠠᠨ᠎ᠤ ᠬᠠᠩᠭᠠᠯᠭᠠᠨᠠᠢᠳᠠᠪᠤᠷᠢᠲᠠᠶ ᠪᠤᠯᠤᠭᠠᠳ ᠮᠠᠨ᠎ᠤ ᠮᠠᠢᠮᠠᠢ ᠨᠡᠩ ᠰᠠᠢᠵᠢᠷᠠᠭᠰᠠᠨ ᠡ》 ᠭᠡᠵᠦ ᠪᠠᠭᠠᠷᠢᠨ ᠵᠡᠭᠦᠨ ᠬᠤᠱᠢᠭᠤᠨ᠎ᠤ ᠳᠡᠭᠡᠳᠦ ᠨᠡᠢᠰᠯᠡᠯ ᠤ᠋ᠨ ᠬᠢᠳᠠᠨ ᠯᠢᠶᠣᠤ᠎ᠶ᠋ᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠎ᠤᠨ ᠨᠢᠭᠡᠨ ᠬᠤᠭᠤᠯᠠᠨ ᠭᠡᠷ ᠤ᠋ᠨ ᠡᠵᠡᠨᠳᠡᠡ ᠵᠤᠭᠰᠤᠯ ᠦᠭᠡᠢ ᠴᠠᠬᠢᠯᠭᠠᠨ ᠬᠠᠩᠭᠠᠭᠰᠠᠨ ᠤ᠋ ᠰᠠᠢᠨ ᠢ᠋ ᠮᠠᠭᠳᠠᠨ ᠶᠠᠷᠢᠵᠤ ᠪᠠᠢᠪᠠ᠃
ᠨᠢᠳᠤᠨᠤᠨ ᠪᠠᠭᠠᠷᠢᠨ ᠵᠡᠭᠦᠨ ᠬᠤᠱᠢᠭᠤ ᠠᠩᠬᠠᠳᠠᠭ᠍ᠴᠢ 《ᠴᠠᠬᠢᠯᠭᠠᠨ ᠵᠣᠭ᠍ᠰᠣᠬᠤ ᠦᠭᠡᠢ ᠵᠢᠱ᠌ᠢᠶ᠎ᠡ ᠦᠵᠡᠭᠦᠯᠬᠦ᠌ ᠲᠤᠭᠤᠷᠢᠭ》 ᠢ᠋ ᠭᠠᠷᠭᠠᠭᠰᠠᠨ᠎ᠠᠴᠠ ᠨᠠᠭᠠᠰᠢ᠂ ᠤᠯᠤᠰ᠎ᠤᠨ ᠴᠠᠬᠢᠯᠭᠠᠨ ᠲᠣᠣᠷ᠎ᠤᠨ ᠪᠠᠭᠠᠷᠢᠨ ᠵᠡᠭᠦᠨ ᠬᠤᠱᠢᠭᠤᠨ᠎ᠤ ᠴᠠᠬᠢᠯᠭᠠᠨ ᠬᠠᠩᠭᠠᠬᠤ ᠺᠣᠮᠫᠠᠨᠢ 《ᠵᠣᠭ᠍ᠰᠣᠯ ᠦᠭᠡᠢ ᠴᠠᠬᠢᠯᠭᠠᠨ ᠬᠠᠩᠭᠠᠬᠤ ᠵᠢ ᠪᠠᠳᠤᠯᠠᠬᠤ ᠪᠣᠯ ᠬᠠᠮᠤᠭ᠎ᠤᠨ ᠰᠠᠢᠨ ᠦᠢᠯᠡᠴᠢᠯᠡᠭᠡ ᠮᠦᠨ》 ᠭᠡᠬᠦ ᠣᠢᠯᠠᠭᠠᠭ᠍ᠳᠠᠬᠤᠨ ᠢ ᠪᠠᠲᠤ ᠰᠠᠬᠢᠵᠤ᠂ ᠤᠯᠠᠨ ᠲᠠᠯ᠎ᠠ ᠪᠡᠷ ᠬᠠᠮᠲᠤ ᠪᠠᠷ ᠵᠠᠰᠠᠬᠤ ᠱᠢᠨ᠎ᠡ ᠪᠠᠢᠷᠢᠱᠢᠯ ᠢ ᠪᠦᠷᠢᠯᠳᠦᠬᠦᠯᠵᠦ᠂ ᠲᠣᠭᠠᠴᠢᠯᠠᠭ᠍ᠰᠠᠨ ᠮᠡᠷᠭᠡᠵᠢᠯ᠎ᠢᠶᠠᠷ ᠬᠦᠴᠦᠨ ᠤᠯᠭᠤᠬᠤ ᠶ᠋ᠢ ᠭᠦᠨᠵᠡᠭᠡᠢᠷᠡᠭᠦᠯᠦᠨ᠂ ᠲᠣᠣᠷᠵᠢᠭᠤᠯᠤᠭ᠍ᠰᠠᠨ ᠦᠢᠯᠡᠴᠢᠯᠡᠭᠡ᠎ᠶ᠋ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ 2162 ᠰᠠᠭᠤᠭᠠᠯᠢ ᠡᠷᠦᠬᠡ ᠪᠣᠯᠤᠨ ᠬᠤᠳᠠᠯᠳᠤᠭᠠᠨ᠎ᠤ ᠡᠷᠦᠬᠡ᠎ᠶ᠋ᠢᠨ ᠪᠦᠬᠦ᠌ ᠵᠢᠯ᠎ᠳᠤ 《ᠴᠠᠬᠢᠯᠭᠠᠨ ᠵᠣᠭ᠍ᠰᠣᠬᠤ ᠦᠭᠡᠢ 》 ᠪᠠᠢᠬᠤ ᠵᠢ ᠪᠠᠲᠤᠯᠠᠵᠤ᠂ ᠴᠠᠬᠢᠯᠭᠠᠨ ᠬᠠᠩᠭᠠᠬᠤ ᠨᠠᠢᠳᠠᠪᠤᠷᠢᠲᠤ ᠴᠢᠨᠠᠷ ᠨᠢ ᠲᠤᠬᠠᠢ᠎ᠶ᠋ᠢᠨ ᠭᠠᠵᠠᠷ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠡᠢ᠃
ᠤᠯᠤᠰ᠎ᠤᠨ ᠴᠠᠬᠢᠯᠭᠠᠨ ᠲᠣᠤᠷ ᠤᠨ ᠪᠠᠭᠠᠷᠢᠨ ᠵᠡᠭᠦᠨ ᠬᠤᠱᠢᠭᠤᠨ ᠤ ᠴᠠᠬᠢᠯᠭᠠᠨ ᠬᠠᠩᠭᠠᠬᠤ ᠺᠣᠮᠫᠠᠨᠢ ᠯᠢᠶᠣᠤ ᠵᠢᠨ ᠰᠣᠶᠣᠯ ᠤᠨ ᠠᠵᠤ ᠦᠶ᠋ᠯᠡᠰ᠎ᠤᠨ ᠠᠯᠪᠠᠨ ᠬᠡᠷ᠂ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ᠎ᠶ᠋ᠢᠨ ᠰᠠᠯᠠᠭ᠎ᠠ ᠮᠦᠴᠢᠷ᠂ ᠬᠤᠳᠠᠯᠳᠤᠭᠠᠴᠢᠨ ᠡᠷᠦᠬᠡᠵᠡᠷᠭᠡ ᠭᠤᠷᠪᠠᠨ ᠲᠠᠯ᠎ᠠ᠎ᠶ᠋ᠢᠨ ᠭᠤᠤᠯ ᠴᠣᠭ᠍ᠴᠠ ᠵᠢ ᠬᠤᠯᠪᠣᠭᠠᠯᠠᠨ ᠬᠥᠳᠡᠯᠦᠯᠴᠡᠬᠦᠯᠵᠦ᠂ ᠣᠯᠠᠨ ᠨᠡᠢᠲᠡ ᠪᠡᠷ ᠵᠢᠡᠨ ᠣᠷᠣᠯᠴᠠᠬᠤ《1+3+N》 ᠬᠠᠮᠵᠢᠯᠴᠠᠨ ᠵᠠᠰᠠᠬᠤ ᠵᠠᠭ᠍ᠪᠤᠷ᠎ᠢ ᠥᠷᠭᠡᠳᠭᠡᠪᠡ᠃ ᠲᠤᠰᠭᠠᠶ ᠠᠬᠢᠭᠤᠯᠬᠤ ᠬᠤᠷᠠᠯ ᠪᠠ ᠬᠤᠳᠠᠯᠳᠤᠭᠠᠨ᠎ᠤ ᠡᠷᠦᠬᠡ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠬᠤ᠎ᠪᠠᠷ ᠳᠠᠮᠵᠢᠭᠤᠯᠤᠨ᠂ ᠬᠠᠮᠢᠶ᠎ᠠ ᠪᠥᠬᠦᠶ ᠪᠠᠢᠴᠠᠭᠠᠨ ᠰᠤᠳᠤᠯᠭᠠᠨ ᠬᠢᠵᠦ᠂ ᠬᠠᠮᠢᠶ᠎ᠠ ᠪᠥᠬᠦᠶ ᠲᠥᠷᠥ ᠶ᠋ᠢᠨ ᠪᠣᠳᠣᠯᠭ᠎ᠠ᠂ ᠲᠤᠰᠭᠠᠶ ᠮᠡᠷᠭᠡᠵᠢᠯ᠎ᠤᠨ ᠡᠬᠢ ᠪᠠᠶᠠᠯᠢᠭ᠂ ᠬᠠᠮᠢᠶᠠᠷᠤᠯᠲᠠ᠎ᠶ᠋ᠢᠨ ᠲᠤᠷᠱᠢᠯᠭ᠎ᠠ ᠬᠢᠭᠡᠳ ᠣᠯᠠᠨ ᠨᠡᠢᠲᠡ᠎ᠶ᠋ᠢᠨ ᠰᠠᠨᠠᠭᠤᠯᠭ᠎ᠠ᠎ᠶ᠋ᠢ ᠡᠮᠬᠢᠯᠡᠨ ᠨᠡᠢᠯᠡᠭᠦᠯᠦᠭᠡᠳ 《ᠬᠡᠷᠡᠭᠯᠡᠭᠴᠢ ᠳ᠋ᠦ ᠬᠠᠩᠭᠠᠬᠤ 》 ᠲᠤᠰᠬᠠᠢ ᠦᠢᠯᠡᠴᠢᠯᠡᠭᠡ ᠵᠢ 《ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌》 ᠳᠠᠢᠰᠢ ᠭᠦᠨᠵᠡᠭᠡᠶ ᠬᠤᠪᠢᠷᠠᠭᠤᠯᠵᠠᠢ᠃ ᠵᠢᠷᠤᠭ ᠲᠥᠯᠥᠪᠯᠡᠭᠡ᠎ᠶ᠋ᠢ ᠨᠠᠢᠳᠠᠪᠤᠷᠢᠵᠢᠭᠤᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠤᠯᠤᠰ᠎ᠤᠨ ᠴᠠᠬᠢᠯᠭᠠᠨ ᠲᠣᠣᠷ᠎ᠤᠨ ᠪᠠᠭᠠᠷᠢᠨ ᠵᠡᠭᠦᠨ ᠬᠤᠱᠢᠭᠤᠨ᠎ᠤ ᠴᠠᠬᠢᠯᠭᠠᠨ ᠬᠠᠩᠭᠠᠬᠤ ᠺᠣᠮᠫᠠᠨᠢ ᠲᠤᠰᠭᠠᠢ ᠠᠵᠢᠯᠯᠠᠬᠤ ᠳᠤᠭᠤᠢᠯᠠᠩ ᠪᠠᠢᠭᠤᠯᠵᠤ᠂ ᠡᠭᠦᠷᠭᠡ ᠬᠠᠷᠢᠭᠤᠴᠠᠯᠭ᠎ᠠ᠎ᠶ᠋ᠢᠨ ᠬᠤᠪᠢᠶᠠᠷᠢᠯᠠᠯ ᠪᠣᠯᠣᠨ ᠴᠠᠭ ᠬᠤᠭᠤᠴᠠᠭᠠᠨ ᠤ ᠵᠠᠩᠭᠢᠯᠠᠭ᠎ᠠ᠎ᠶ᠋ᠢᠨ ᠴᠡᠭ ᠢ ᠨᠠᠷᠢᠯᠢᠭ᠍ᠵᠢᠭᠤᠯᠵᠤ᠂ ᠬᠦᠷᠢᠶᠡᠯᠡᠩ ᠲᠣᠭᠤᠷᠢᠭ᠎ᠤᠨ ᠭᠡᠨᠡᠳᠲᠡ ᠴᠠᠬᠢᠯᠭᠠᠨ ᠵᠣᠭ᠍ᠰᠣᠬᠤ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠥᠯ᠎ᠢ ᠭᠠᠷᠭᠠᠨ ᠲᠡᠭᠦᠯᠳᠡᠷᠵᠢᠭᠦᠯᠵᠦ᠍᠂《ᠬᠡᠷᠡᠭ ᠡᠴᠡ ᠡᠮᠦᠨ᠎ᠡ ᠰᠡᠷᠡᠮᠵᠢᠯᠡᠭᠦᠯᠬᠦ᠂ ᠬᠡᠷᠡᠭᠭᠠᠷᠪᠠᠯ ᠲᠦᠷᠭᠡᠨ ᠱᠢᠢᠳᠪᠦᠷᠢᠯᠡᠬᠦ᠂ ᠬᠡᠷᠡᠭ ᠤᠨ ᠳᠠᠷᠠᠭ᠎ᠠ ᠱᠢᠯᠢᠳᠡᠭ᠌ᠵᠢᠭᠦᠯᠬᠦ᠌ 》 ᠪᠦᠬᠦ᠌ ᠬᠡᠯᠬᠢᠶᠡᠨ ᠤ ᠬᠠᠮᠢᠶᠠᠷᠤᠯᠲᠠ ᠶ᠋ᠢᠨ ᠱᠢᠰᠲ᠋ᠧᠮ ᠢ ᠪᠠᠢᠭᠤᠯᠵᠤ᠂ 《ᠴᠠᠬᠢᠯᠭᠠᠨ ᠵᠣᠭ᠍ᠰᠣᠬᠤ ᠦᠭᠡᠢ》 ᠪᠠᠢᠬᠤ ᠬᠠᠷᠠᠯᠲᠠ᠎ᠶ᠋ᠢ ᠡᠵᠡᠮᠳᠡᠵᠦ᠍ ᠪᠣᠯᠬᠤ ᠡᠳᠦᠷ ᠲᠤᠳᠤᠮ᠎ᠤᠨ ᠠᠵᠢᠯ ᠪᠣᠯᠭᠠᠪᠠ᠃
ᠭᠤᠤᠯᠯᠠᠬᠤ ᠮᠡᠷᠭᠡᠵᠢᠯ ᠪᠣᠯ ᠴᠠᠬᠢᠯᠭᠠᠨ᠎ᠢ ᠵᠣᠭ᠍ᠰᠣᠯ ᠦᠭᠡᠢ ᠬᠠᠩᠭᠠᠬᠤ ᠵᠢᠨ ᠭᠣᠣᠯ ᠪᠠᠲᠤᠯᠠᠭ᠎ᠠ ᠪᠤᠯᠤᠨ᠎ᠠ᠃ ᠲᠣᠰ ᠺᠣᠮᠫᠠᠨᠢ ᠲᠥᠬᠦᠭᠡᠷᠦᠮᠵᠢ ᠶ᠋ᠢ ᠲᠠᠰ ᠳᠡᠪᠱᠢᠬᠦᠯᠬᠦ ᠪᠠ ᠲᠤᠭᠠᠴᠢᠯᠠᠯᠳᠠ ᠪᠡᠷ ᠬᠦᠴᠦᠨ ᠨᠡᠮᠡᠷᠢᠯᠡᠬᠦ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠮᠡᠷᠭᠡᠵᠢᠯ᠎ᠤᠨ ᠪᠣᠭᠤᠮᠲᠠ ᠱᠢᠪᠲᠤᠯᠬᠤ ᠠᠵᠢᠯ ᠢ ᠪᠦᠬᠦ ᠲᠠᠯ᠎ᠠ ᠪᠡᠷ ᠥᠷᠨᠢᠭᠦᠯᠪᠡ᠃ ᠵᠢᠱ᠌ᠢᠶ᠎ᠡ ᠦᠵᠡᠭᠦᠯᠬᠦ᠌ ᠲᠤᠭᠤᠷᠢᠭ ᠤ᠋ᠨ ᠳᠣᠲᠣᠷᠠᠬᠢ 20 ᠲᠤᠰᠬᠠᠢ ᠬᠦᠴᠦᠳᠡᠯ ᠦᠬᠡᠷᠡᠴᠢᠯᠡᠭᠴᠢ᠂ 13 ᠨᠡᠢᠳᠡᠮ ᠬᠡᠷᠡᠭᠯᠡᠬᠦ ᠬᠦᠴᠦᠳᠡᠯ ᠦᠬᠡᠷᠡᠴᠢᠯᠡᠭᠴᠢ ᠵᠢᠴᠢ ᠲᠣᠤᠷ ᠱᠤᠭᠤᠮ ᠤ᠋ᠨ ᠲᠤᠬᠢᠷᠠᠭᠤᠯᠤᠯᠲᠠ ᠵᠢ ᠪᠠᠢᠴᠠᠭᠠᠨ ᠤᠢᠯᠠᠭᠠᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ ᠨᠢ 100% ᠳ᠋ᠤ ᠬᠦᠷᠪᠡ᠃ ᠲᠣᠭᠠᠴᠢᠯᠠᠭ᠍ᠰᠠᠨ ᠬᠡᠯᠪᠡᠷᠢ ᠲᠡᠢᠰᠢ ᠬᠤᠪᠢᠷᠠᠭᠤᠯᠬᠤ ᠲᠠᠯ᠎ᠠ᠎ᠪᠠᠷ᠂ ᠲᠣᠣᠷ ᠲᠣᠬᠢᠷᠠᠭᠤᠯᠬᠤ ᠠᠦ᠋ᠲ᠋ᠣᠴᠢᠯᠠᠭ᠍ᠰᠠᠨ ᠥᠭᠡᠷᠡᠴᠢᠯᠡᠯᠲᠡ᠎ᠶ᠋ᠢ ᠠᠬᠢᠭᠤᠯᠵᠤ ᠂ ᠴᠠᠬᠢᠯᠭᠠᠨ ᠭᠦᠶᠦᠳᠡᠯ᠂ ᠴᠠᠬᠢᠯᠭᠠᠨ ᠬᠦᠴᠦᠳᠡᠯ ᠵᠡᠷᠭᠡ ᠵᠢᠨ ᠵᠠᠩᠭᠢᠯᠠᠭ᠎ᠠ᠎ᠶ᠋ᠢᠨ ᠭᠦᠢᠴᠡᠳᠭᠡᠯ ᠲᠤᠭ᠎ᠠ ᠶ᠋ᠢ ᠴᠠᠭ ᠲᠤᠬᠠᠢᠳᠤᠨᠢ ᠬᠢᠨᠠᠨ ᠬᠡᠮᠵᠢᠬᠦ᠌ ᠪᠠ ᠬᠥᠳᠡᠯᠦᠩᠭᠦᠢ᠎ᠪᠠᠷ ᠤᠷᠢᠳᠴᠢᠯᠠᠨ ᠰᠡᠷᠡᠮᠵᠢᠯᠡᠭᠦᠯᠵᠠᠢ᠃ RPA ᠮᠡᠷᠭᠡᠵᠢᠯ᠎ᠢ ᠱᠢᠨ᠎ᠡ᠎ᠪᠠᠷ ᠬᠡᠷᠡᠭ᠌ᠯᠡᠵᠦ᠍᠂ ᠠᠵᠢᠯᠯᠠᠭᠠᠨ ᠢ᠋ ᠪᠠᠲᠤᠯᠠᠬᠤ ᠵᠠᠭ᠍ᠪᠤᠷ ᠢ 《ᠲᠤᠭ᠎ᠠ ᠪᠡᠷᠢᠮᠳᠠ ᠵᠢ ᠬᠥᠮᠦᠨᠬᠠᠷᠠᠵᠤ ᠰᠠᠭᠤᠬᠤ 》 ᠪᠠᠢᠭᠰᠠᠨ ᠡᠴᠡ 《ᠲᠤᠭ᠎ᠠ ᠪᠠᠷᠢᠮᠳᠠ ᠬᠥᠮᠦᠨ᠎ᠢ ᠡᠷᠢᠬᠦ᠌》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠠᠵᠢᠯᠯᠠᠭᠠᠨ ᠢ᠋ ᠪᠠᠲᠤᠯᠠᠬᠤ ᠦᠷ᠎ᠡ ᠪᠦᠲᠦᠮᠵᠢ ᠪᠠ ᠣᠨᠣᠪᠴᠢ᠎ᠶ᠋ᠢᠨ ᠬᠡᠮᠵᠢᠶ᠎ᠡ᠎ᠶ᠋ᠢ ᠶᠡᠭᠡ᠎ᠪᠠᠷ ᠳᠡᠭᠡᠭ᠌ᠰᠢᠯᠡᠭᠦᠯᠵᠡᠢ᠃
ᠡᠭᠦᠨ᠎ᠠᠴᠠ ᠭᠠᠳᠠᠨ᠎ᠠ᠂ ᠤᠯᠤᠰ᠎ᠤᠨ ᠴᠠᠬᠢᠯᠭᠠᠨ ᠲᠣᠤᠷ᠎ᠤᠨ ᠪᠠᠭᠠᠷᠢᠨ ᠵᠡᠭᠦᠨ ᠬᠤᠱᠢᠭᠤᠨ᠎ᠤ ᠴᠠᠬᠢᠯᠭᠠᠨ ᠬᠠᠩᠭᠠᠬᠤ ᠺᠣᠮᠫᠠᠨᠢ ᠠᠰᠠᠭᠤᠯᠲᠠ ᠵᠢᠨ ᠬᠠᠭᠤᠳᠠᠰᠤ᠎ᠪᠠᠷ ᠪᠠᠢᠴᠠᠭᠠᠬᠤ᠂ ᠲᠤᠬᠠᠶ᠎ᠶ᠋ᠢᠨ ᠭᠠᠵᠠᠷ᠎ᠲᠤᠨᠢ ᠬᠦᠷᠴᠦ ᠲᠤᠭᠤᠷᠢᠨ ᠪᠠᠢᠴᠠᠭᠠᠬᠤ᠂ ᠶᠠᠷᠢᠯᠴᠠᠨ ᠵᠦᠪᠳᠡᠵᠦ ᠰᠠᠨᠠᠯ ᠪᠤᠳᠤᠯ ᠵᠢᠠᠨ ᠰᠣᠯᠢᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠲᠡᠬᠢ 120 ᠭᠠᠷᠤᠶ ᠬᠤᠳᠠᠯᠳᠤᠭᠠᠴᠢᠨ ᠡᠷᠦᠬᠡ᠂ ᠠᠵᠤ ᠠᠬᠤᠢᠯᠠᠯ ᠳ᠋ᠤ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠠᠰᠠᠭᠤᠯᠲᠠ᠎ᠶ᠋ᠢᠨ ᠬᠠᠭᠤᠳᠠᠰᠤ ᠵᠢ 300 ᠭᠠᠷᠤᠶ ᠬᠤᠪᠢ ᠲᠦᠭᠡᠭᠡᠨ᠂ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ ᠪᠠ ᠰᠠᠨᠠᠭᠤᠯᠭ᠎ᠠ ᠵᠢ 15 ᠬᠤᠪᠢ ᠴᠤᠭ᠍ᠯᠠᠭᠤᠯᠤᠭ᠍ᠰᠠᠨ ᠪᠠᠢᠨ᠎ᠠ᠃ ᠯᠢᠶᠣᠤ ᠵᠢᠨ ᠳᠡᠭᠡᠳᠦ ᠨᠡᠢᠰᠯᠡᠯ᠎ᠤᠨ ᠮᠦᠽᠧᠶ᠂ ᠬᠢᠳᠠᠨ ᠲᠣᠮᠣ ᠲᠢᠶᠠᠲ᠋ᠷ᠂ ᠡᠷᠲᠡᠨ᠎ᠤ ᠬᠤᠲᠠ ᠵᠢᠨ ᠰᠥᠨᠢ᠎ᠶ᠋ᠢᠨ ᠵᠠᠬ᠎ᠠ ᠵᠡᠷᠭᠡ ᠠᠳᠠᠯᠢ ᠪᠤᠰᠤ ᠡᠵᠡᠩᠨᠡᠯᠲᠡ᠎ᠶ᠋ᠢᠨ ᠬᠡᠯᠪᠡᠷᠢ᠎ᠳᠤ ᠴᠢᠭ᠌ᠯᠡᠭᠦᠯᠦᠨ᠂ 《ᠨᠢᠭᠡ ᠡᠷᠦᠬᠡ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ 》 ᠲᠤᠰᠭᠠᠶ ᠴᠠᠬᠢᠯᠭᠠᠨ ᠬᠠᠩᠭᠠᠬᠤ ᠲᠥᠰᠦᠯ ᠢ ᠲᠣᠭ᠍ᠲᠠᠭᠠᠭ᠍ᠰᠠᠨ ᠪᠠᠢᠨ᠎ᠠ᠃ ᠦᠢᠯᠡᠴᠢᠯᠡᠭᠡ᠎ᠶ᠋ᠢ ᠪᠦᠬᠦ ᠲᠠᠯ᠎ᠠ ᠪᠡᠷ ᠪᠥᠷᠬᠦᠭᠦᠯᠬᠦ᠌᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠵᠢᠱ᠌ᠢᠶ᠎ᠡ ᠦᠵᠡᠭᠦᠯᠬᠦ᠌ ᠲᠤᠭᠤᠷᠢᠭ᠎ᠢ 3 ᠴᠠᠬᠢᠯᠭᠠᠨ ᠬᠠᠩᠭᠠᠬᠤ ᠦᠶ᠋ᠯᠡᠴᠢᠯᠡᠭᠡᠨ ᠤ ᠲᠣᠤᠷ᠎ᠲᠤ ᠬᠤᠪᠢᠶᠠᠵᠤ᠂ ᠬᠠᠷᠢᠭᠤᠴᠠᠯᠭ᠎ᠠ᠎ᠶ᠋ᠢ ᠰᠠᠢᠳᠤᠷ ᠨᠠᠢᠳᠠᠪᠤᠷᠢᠵᠢᠭᠤᠯᠬᠤ ᠵᠢ ᠪᠠᠳᠤᠯᠠᠨ᠂ ᠲᠦᠷᠭᠡᠨ ᠬᠦᠯᠢᠶᠡᠨ ᠠᠪᠴᠤ ᠰᠢᠢᠳᠪᠤᠷᠢᠯᠡᠬᠦ ᠵᠢ ᠦᠨᠡᠨ ᠬᠦ᠌ ᠠᠬᠢᠭᠤᠯᠵᠠᠢ᠃ ᠭᠠᠭ᠍ᠴᠠᠭᠠᠷ ᠰᠠᠭᠤᠭ᠎ᠠ ᠨᠠᠰᠤᠲᠠᠢᠴᠤᠳ᠂ ᠭᠤᠤᠯᠳᠠᠯᠭ᠎ᠠ ᠲᠠᠢ ᠬᠤᠳᠠᠯᠳᠤᠭᠠᠨ᠎ᠤ ᠡᠷᠦᠬᠡ ᠵᠡᠷᠭᠡ ᠣᠨᠴᠠᠭᠠᠶ ᠬᠡᠷᠡᠭ᠌ᠯᠡᠭ᠌ᠴᠢᠳ᠎ᠲᠤ ᠴᠢᠭ᠌ᠯᠡᠭᠦᠯᠦᠨ᠂ ᠬᠡᠷ᠎ᠲᠤ᠎ᠨᠢ ᠬᠦᠷᠴᠦ᠍ ᠪᠠᠢᠴᠠᠭᠠᠨ ᠵᠠᠰᠠᠬᠤ ᠂ ᠴᠠᠬᠢᠯᠭᠠᠨ ᠤ ᠰᠦᠶ᠋ᠳᠭᠡᠯ ᠢ ᠣᠷᠣᠯᠠᠨ ᠲᠤᠱᠢᠶᠠᠬᠤ ᠵᠡᠷᠭᠡ ᠦᠶ᠋ᠯᠡᠴᠢᠯᠡᠭᠡ ᠬᠠᠩᠭᠠᠵᠤ᠂ ᠣᠯᠠᠨ ᠲᠦᠮᠡᠨ᠎ᠳᠤ ᠦᠶ᠋ᠯᠡᠴᠢᠯᠡᠬᠦ᠌ 《ᠡᠴᠦᠰ ᠤ᠋ᠨ ᠨᠢᠭᠡ ᠺᠢᠯᠣᠮᠧᠲᠷ》 ᠢ᠋ ᠨᠡᠪᠲᠡᠷᠡᠭᠦᠯᠦᠭᠰᠡᠨ ᠪᠠᠢᠨ᠎ᠠ᠃