5 ᠰᠠᠷ᠎ᠠ ᠵᠢᠨ 18 ᠤ᠋ ᠤᠷᠤᠢ᠂ ᠤᠯᠤᠰ ᠤ᠋ᠨ ᠲᠡᠤᠭᠡ ᠵᠢᠨ ᠲᠤᠷᠠᠰᠬᠠᠯᠳᠤ ᠵᠦᠢᠯᠡᠰ ᠤ᠋ᠨ ᠲᠤᠪᠴᠢᠶ᠎ᠠ ᠪᠤᠯᠤᠨ ᠦᠪᠤᠷ ᠮᠤᠡᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠡᠴᠡ ᠭᠤᠤᠯᠯᠠᠨ ᠡᠷᠬᠢᠯᠡᠵᠤ᠂ ᠦᠪᠤᠷ ᠮᠤᠡᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠡᠭᠭᠢᠮ᠂ ᠦᠪᠤᠷ ᠮᠤᠡᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠡᠤᠭᠡ ᠵᠢᠨ ᠲᠤᠷᠠᠰᠬᠠᠯᠳᠤ ᠵᠦᠢᠯᠡᠰ ᠤ᠋ᠨ ᠲᠤᠪᠴᠢᠶ᠎ᠠ᠂ ᠬᠦᠬᠡᠬᠤᠳᠠ ᠵᠢᠨ ᠠᠷᠠᠳ ᠤ᠋ᠨ ᠵᠠᠰᠠᠭ ᠤ᠋ᠨ ᠤᠷᠳᠤᠨ ᠪᠤᠯᠤᠨ ᠲᠤᠮᠳᠠᠳᠤ ᠤᠯᠤᠰ ᠤ᠋ᠨ ᠮᠦᠽᠸᠢ ᠵᠢᠨ ᠨᠡᠢᠭᠡᠮᠯᠢᠭ᠂ ᠲᠤᠮᠳᠠᠳᠤ ᠤᠯᠤᠰ ᠤ᠋ᠨ ᠲᠡᠤᠭᠡ ᠵᠢᠨ ᠲᠤᠷᠠᠰᠬᠠᠯᠳᠤ ᠵᠦᠢᠯᠡᠰ ᠤ᠋ᠨ ᠰᠤᠨᠢᠨ ᠤ᠋ ᠬᠤᠷᠢᠶ᠎ᠠ ᠡᠴᠡ ᠲᠠᠭᠠᠭᠠᠴᠢᠯᠠᠨ ᠡᠷᠬᠢᠯᠡᠭᠰᠡᠨ 《2026•ᠮᠦᠽᠧᠶᠶ᠋ᠢᠨ ᠦᠳᠡᠰᠢ》 ᠤᠷᠠᠨ ᠰᠠᠢᠬᠠᠨ ᠤ᠋ ᠲᠤᠬᠯᠠᠯᠳᠠ ᠬᠦᠬᠡᠬᠤᠳᠠ ᠵᠢᠨ ᠶᠡᠭᠡ ᠵᠤᠤ ᠠᠭᠤᠳᠠᠮ ᠲᠠᠯᠠᠪᠠᠢ ᠳ᠋ᠦ ᠬᠦᠷ ᠬᠦᠭᠵᠢᠶᠡᠨ ᠲᠠᠢ ᠶᠠᠪᠤᠬᠳᠠᠪᠠ᠃
ᠲᠣᠰ ᠠᠵᠢᠯᠯᠠᠭ᠎ᠠ ᠳ᠋ᠤ ᠬᠦᠬᠡᠬᠤᠳᠠ ᠵᠢᠨ ᠪᠤᠭᠤᠮᠳᠠ ᠵᠢᠨ ᠭᠠᠳᠠᠨᠠᠬᠢ ᠬᠠᠭᠤᠴᠢᠨ ᠵᠡᠭᠡᠯᠢ ᠶ᠋ᠢᠨ ᠲᠡᠦᠬᠡ ᠰᠣᠶᠣᠯ ᠤ᠋ᠨ ᠵᠡᠭᠡᠯᠢ ᠲᠣᠭᠣᠷᠢᠭ ᠤ᠋ᠨ ᠪᠣᠳᠠᠲᠤ ᠦᠵᠡᠮᠵᠢ ᠳ᠋ᠤ ᠲᠦᠱᠢᠭ᠌ᠯᠡᠨ᠂ ᠥᠪᠥᠷ ᠮᠣᠩᠭᠣᠯ ᠤ᠋ᠨ 12 ᠠᠢᠮᠠᠭ ᠬᠣᠲᠠ ᠶ᠋ᠢᠨ ᠰᠣᠶᠣᠯ ᠦᠵᠡᠰᠭᠦᠯᠡᠩ ᠤ᠋ᠨ ᠡᠬᠢ ᠪᠠᠶᠠᠯᠢᠭ ᠬᠢᠭᠡᠳ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠣᠨᠴᠠᠯᠢᠭ ᠢ᠋ ᠭᠦᠨᠵᠡᠬᠡᠢ ᠠᠭᠤᠳᠠᠯᠵᠤ᠂ ᠲᠠᠯ᠎ᠠ ᠨᠤᠲᠤᠭ ᠤ᠋ᠨ ᠰᠤᠶᠤᠯ᠂ ᠬᠠᠲᠤᠨ ᠭᠤᠤᠯ ᠤ᠋ᠨ ᠰᠤᠶᠤᠯ ᠪᠠ ᠣᠷᠳᠣ ᠴᠠᠭᠠᠨ ᠬᠡᠷᠡᠮ ᠤ᠋ᠨ ᠰᠤᠶᠤᠯ ᠵᠢᠡᠷ ᠭᠤᠤᠯ ᠱᠢᠵᠢᠮ ᠪᠣᠯᠭᠠᠨ᠂ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠵᠢᠴᠢ ᠣᠯᠠᠨ ᠡᠱᠢᠵᠢᠵᠦ᠍ ᠨᠢᠭᠡ ᠴᠣᠭ᠍ᠴᠠᠵᠢᠭ᠍ᠰᠠᠨ ᠦᠪᠤᠷ ᠮᠤᠡᠭᠭᠤᠯ ᠤ᠋ᠨ ᠲᠡᠤᠭᠡ ᠰᠣᠶᠣᠯ ᠤ᠋ᠨ ᠣᠨᠴᠠᠯᠢᠭ ᠱᠢᠨᠵᠢᠶ᠋ᠢ ᠪᠥᠬᠥ᠌ ᠲᠠᠯ᠎ᠠ ᠪᠠᠷ ᠢᠯᠡᠷᠡᠭᠦᠯᠪᠡ᠃ ᠲᠣᠭ᠍ᠯᠠᠯᠲᠠ ᠨᠢ ᠲᠠᠭᠤᠤ ᠪᠦᠵᠢᠭ᠂ ᠤᠯᠠᠮᠵᠢᠯᠠᠯᠳᠤ ᠬᠤᠪᠴᠠᠰᠤ ᠵᠠᠰᠠᠯ ᠤ᠋ᠨ ᠦᠵᠡᠬᠦᠯᠭᠡ᠂ ᠪᠤᠳᠠᠳᠤ ᠦᠵᠡᠭᠳᠡᠯᠳᠤ ᠵᠦᠴᠤᠭᠡ ᠵᠡᠷᠭᠡ ᠭᠤᠢᠳᠠ ᠰᠠᠢᠬᠠᠨ ᠲᠤᠬᠯᠠᠯᠳᠠ ᠪᠡᠷ ᠠᠬᠤᠢ ᠲᠠᠯᠠᠪᠠᠢ ᠵᠢᠨ ᠦᠵᠡᠭᠴᠢᠳ ᠤ᠋ᠨ ᠬᠠᠷᠠᠭ᠎ᠠ ᠵᠢ ᠮᠢᠯᠢᠶᠠᠵᠤ ᠰᠤᠨᠤᠷ ᠢ᠋ ᠪᠠᠶᠠᠰᠬᠠᠵᠠᠢ᠃
《ᠲᠤᠰ ᠲᠤᠬᠯᠠᠯᠳᠠ ᠳ᠋ᠤ ᠴᠠᠭ ᠬᠤᠭᠤᠴᠠᠭ᠎ᠠ ᠣᠷᠣᠨ ᠵᠠᠶ ᠶ᠋ᠢ ᠡᠪᠬᠡᠬᠦ᠌ ᠤᠷᠠᠯᠢᠭ ᠤ᠋ᠨ ᠠᠷᠭ᠎ᠠ ᠪᠠᠷᠢᠯ ᠢ᠋ ᠬᠡᠷᠡᠭ᠌ᠯᠡᠨ᠂ ᠤᠯᠠᠮᠵᠢᠯᠠᠯᠲᠤ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠡᠯᠭᠡᠨ ᠦᠵᠡᠬᠦᠯᠭᠡ᠂ ᠣᠲᠣ ᠦᠶ᠎ᠡ ᠶ᠋ᠢᠨ ᠳ᠋ᠸᠡᠭ ᠤ᠋ᠨ ᠬᠡᠷᠡᠯᠳᠤᠬᠦᠯᠭᠡ ᠵᠢᠨ ᠮᠡᠷᠭᠡᠵᠢᠯ ᠵᠡᠷᠭᠡ ᠣᠯᠠᠨ ᠵᠦᠶ᠋ᠯ ᠤ᠋ᠨ ᠬᠡᠯᠪᠡᠷᠢ ᠶ᠋ᠢ ᠠᠭᠤᠰᠤᠯᠴᠠᠭᠤᠯᠵᠤ᠂ ᠤᠯᠠᠮᠵᠢᠯᠠᠯᠲᠤ ᠰᠣᠶᠣᠯ ᠬᠢᠭᠡᠳ ᠣᠲᠣ ᠦᠶ᠎ᠡ ᠶ᠋ᠢᠨ ᠤᠷᠠᠯᠢᠭ ᠤ᠋ᠨ ᠵᠤᠯᠭᠠᠯᠴᠠᠭ᠎ᠠ ᠵᠢ ᠪᠡᠶᠡᠯᠡᠬᠦᠯᠪᠡ》 ᠬᠡᠵᠤ ᠬᠦᠬᠡᠬᠤᠳᠠ ᠵᠢᠨ ᠮᠦᠽᠸᠢ ᠵᠢᠨ ᠠᠵᠢᠯᠳᠠᠨ ᠵᠢᠨ ᠭᠤᠸᠠᠡᠭ ᠲᠠᠨᠢᠯᠴᠠᠭᠤᠯᠤᠯ᠎ᠠ᠃ ᠲᠤᠰ ᠲᠤᠬᠯᠠᠯᠳᠠ ᠶ᠋ᠢᠨ ᠬᠡᠯᠪᠡᠷᠢ ᠨᠢ ᠱᠢᠨ᠎ᠡ ᠰᠡᠪᠡᠭᠦᠨ᠂ ᠠᠭᠤᠯᠤᠭ᠍ᠳᠠᠬᠤᠨ ᠨᠢ ᠭᠦᠨ ᠵᠤᠵᠠᠭᠠᠨ ᠪᠠᠢᠵᠤ᠂ ᠥᠪᠥᠷ ᠮᠣᠩᠭᠣᠯ ᠤ᠋ᠨ ᠥᠪᠡᠷᠮᠢᠴᠡ ᠲᠡᠦᠬᠡᠶ᠋ᠢᠨ ᠠᠭᠤᠯᠤᠭ᠍ᠳᠠᠬᠤᠨ ᠪᠣᠯᠤᠨ ᠰᠣᠶᠣᠯ ᠤ᠋ᠨ ᠷᠢᠳᠢ ᠱᠢᠳᠢ ᠶ᠋ᠢ ᠠᠮᠢᠳᠤᠯᠢᠭ ᠪᠤᠳᠠᠳᠠᠢ ᠢᠯᠡᠷᠡᠬᠦᠯᠦᠭᠰᠡᠨ ᠡᠴᠡ ᠭᠠᠳᠠᠨ᠎ᠠ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠤᠯᠠᠮ ᠨᠢᠭᠡ ᠠᠯᠬᠤᠮ ᠪᠡᠬᠢᠵᠢᠭᠦᠯᠵᠦ᠍᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠭᠤᠰᠤᠯᠴᠠᠯ᠂ ᠪᠥᠬᠥ᠌ ᠣᠷᠣᠨ ᠪᠦᠰᠡ ᠶ᠋ᠢᠨ ᠰᠣᠶᠣᠯ ᠢ᠋ ᠪᠡᠶᠡᠴᠢᠯᠡᠨ ᠣᠢᠯᠠᠭᠠᠬᠤ ᠣᠨᠴᠠᠯᠢᠭᠳᠤ ᠲᠥᠷᠥᠯ ᠲᠡᠮᠳᠡᠭ ᠢ᠋ ᠪᠣᠶ ᠪᠣᠯᠭᠠᠬᠤ ᠵᠢ ᠠᠬᠢᠭᠤᠯᠪᠠ᠃