— ᠲᠡᠷᠢᠭᠦᠯᠡᠭᠴᠢ ᠰᠢ᠎ᠶᠢᠨ ᠫᠢᠩ᠎ᠤᠨ ᠪᠠᠶᠠᠷ᠎ᠤᠨ ᠵᠠᠬᠢᠳᠠᠯ ᠳᠤᠮᠳᠠᠳᠤ ᠤᠷᠤᠰ᠎ᠤᠨ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ
5 ᠰᠠᠷ᠎ᠠ᠎ᠶᠢᠨ 17᠎ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠠᠷᠪᠠᠳᠤᠭᠠᠷ ᠬᠤᠭᠤᠴᠠᠭᠠᠨ᠎ᠤ ᠳᠤᠮᠳᠠᠳᠤ ᠣᠷᠣᠰ᠎ᠤᠨ ᠦᠵᠡᠰᠬᠦᠯᠡᠩ᠎ᠦᠨ ᠴᠤᠭᠯᠠᠭᠠᠨ᠎ᠳᠤ ᠪᠠᠶᠠᠷ᠎ᠤᠨ ᠵᠠᠬᠢᠳᠠᠯ ᠢᠯᠡᠭᠡᠵᠦ᠂ ᠳᠤᠮᠳᠠᠳᠤ ᠣᠷᠣᠰ᠎ᠤᠨ ᠡᠯ᠎ᠡ ᠡᠲᠡᠭᠡᠳ᠎ᠦᠨ ᠬᠥᠮᠥᠰ᠎ᠦᠨ ᠲᠤᠮᠳᠠ ᠬᠠᠯᠠᠭᠤᠨ ᠲᠤᠰᠬᠠᠯᠭᠠᠷᠪᠠ᠃ ᠤᠯᠠᠨ᠎ᠢᠶᠠᠷ᠎ᠢᠶᠠᠨ᠂ ᠲᠡᠷᠢᠭᠦᠯᠡᠭᠴᠢ ᠰᠢ᠎ᠶᠢᠨ ᠫᠢᠩ᠎ᠤᠨ ᠪᠠᠶᠠᠷ᠎ᠤᠨ ᠵᠠᠬᠢᠳᠠᠯ ᠨᠢ ᠬᠣᠶᠠᠷ ᠤᠯᠤᠰ᠎ᠤᠨ ᠡᠯ᠎ᠡ ᠬᠦᠷᠢᠶᠡᠨ᠎ᠦ ᠬᠠᠮᠲᠤᠷᠠᠯᠴᠠᠭᠠᠨ᠎ᠤ ᠪᠠᠶᠠᠯᠢᠭ᠋ ᠦᠷ᠎ᠡ ᠪᠦᠲᠦᠭᠡᠯ᠎ᠢ ᠭᠦᠢᠴᠡᠳ ᠨᠤᠲᠠᠯᠠᠵᠤ᠂ ᠬᠣᠶᠠᠷ ᠲᠠᠯ᠎ᠠ᠎ᠶᠢᠨ ᠴᠢᠨᠠᠭᠰᠢᠳᠠ ᠢᠲᠡᠭᠡᠯᠴᠡᠭᠡ᠎ᠪᠡᠨ ᠨᠡᠮᠡᠭᠳᠡᠭᠦᠯᠬᠦ᠂ ᠰᠣᠯᠢᠯᠴᠠᠭ᠎ᠠ ᠪᠠᠨ ᠨᠢᠭ᠍ᠲᠠᠷᠠᠭᠤᠯᠬᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠎ᠳᠦ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ᠂ ᠳᠤᠮᠳᠠᠳᠤ ᠤᠷᠤᠰ᠎ᠤᠨ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ ᠭᠡᠵᠦ ᠢᠯᠡᠳᠬᠡᠵᠡᠭᠡᠪᠡ᠃
ᠳᠤᠮᠳᠠᠳᠤ ᠤᠷᠤᠰ᠎ᠤᠨ ᠦᠵᠡᠰᠬᠦᠯᠡᠩ᠎ᠦᠨ ᠴᠤᠭᠯᠠᠭᠠᠨ ᠪᠣᠯ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢ ᠠᠬᠢᠭᠤᠯᠬᠤ ᠲᠡᠰ ᠳᠠᠪᠬᠤᠷᠭ᠎ᠠ᠎ᠪᠠᠷ ᠬᠠᠮᠤᠭ᠎ᠤᠨ ᠥᠨᠳᠥᠷ᠂ ᠬᠡᠪᠴᠢᠶ᠎ᠡ᠎ᠪᠡᠷ ᠬᠠᠮᠤᠭ᠎ᠤᠨ ᠶᠡᠬᠡ ᠶᠡᠷᠦᠩᠬᠡᠢᠯᠡᠭᠰᠡᠨ ᠴᠢᠨᠠᠷᠲᠠᠢ ᠦᠵᠡᠰᠬᠦᠯᠡᠩ᠎ᠦᠨ ᠴᠤᠭᠯᠠᠭᠠᠨ ᠪᠠᠢᠵᠤ᠂ ᠬᠣᠶᠠᠷ ᠤᠯᠤᠰ᠎ᠤᠨ ᠲᠡᠷᠢᠭᠦᠨ᠎ᠦ ᠳᠡᠭᠡᠳᠦ ᠬᠡᠮᠵᠢᠶᠡᠨ᠎ᠦ ᠠᠩᠬᠠᠷᠤᠯ ᠪᠠ ᠲᠤᠰᠬᠠᠢ ᠵᠢᠯᠣᠭᠣᠳᠤᠯᠭ᠎ᠠ᠎ᠶᠢ ᠣᠯᠣᠭᠰᠠᠭᠠᠷ ᠢᠷᠡᠵᠠᠢ᠃ ᠲᠡᠷᠢᠭᠦᠯᠡᠭᠴᠢ ᠰᠢ᠎ᠶᠢᠨ ᠫᠢᠩ 2024 ᠣᠨ᠎ᠳᠤ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠷᠤᠰ᠎ᠤᠨ ᠦᠵᠡᠰᠬᠦᠯᠡᠩ᠎ᠦᠨ ᠴᠤᠭᠯᠠᠭᠠᠨ᠎ᠳᠤ ᠪᠠᠶᠠᠷ᠎ᠤᠨ ᠵᠠᠬᠢᠳᠠᠯ ᠢᠯᠡᠭᠡᠵᠦ᠂ ᠶᠡᠷᠦᠩᠬᠡᠢᠯᠡᠭᠴᠢ ᠫᠦᠲ᠋ᠢᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠷᠤᠰ᠎ᠤᠨ ᠦᠵᠡᠰᠬᠦᠯᠡᠩ᠎ᠦᠨ ᠴᠤᠭᠯᠠᠭᠠᠨ᠎ᠤ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠲᠤᠰ ᠬᠤᠭᠤᠴᠠᠭᠠᠨ᠎ᠤ ᠦᠵᠡᠰᠬᠦᠯᠡᠩ᠎ᠦᠨ ᠴᠤᠭᠯᠠᠭᠠᠨ᠎ᠳᠤ ᠪᠠᠶᠠᠷ᠎ᠤᠨ ᠵᠠᠬᠢᠳᠠᠯ ᠢᠯᠡᠭᠡᠪᠡ᠃
《ᠡᠨᠡ ᠵᠢᠯ ᠪᠣᠯ ᠳᠤᠮᠳᠠᠳᠤ ᠤᠷᠤᠰ᠎ᠤᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠠᠢᠭᠤᠯᠤᠭᠰᠠᠨ 30 ᠵᠢᠯ᠎ᠦᠨ ᠤᠢ ᠪᠠ 〈ᠳᠤᠮᠳᠠᠳᠤ ᠤᠷᠤᠰ᠎ᠤᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ〉 ᠲᠣᠭᠲᠠᠭᠰᠠᠨ 25 ᠵᠢᠯ᠎ᠦᠨ ᠤᠢ ᠪᠣᠯᠣᠨ᠎ᠠ》᠃ ᠲᠡᠦᠬᠡ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠎ᠲᠦ ᠵᠣᠭᠰᠣᠵᠤ᠂ ᠲᠤᠰ ᠬᠤᠭᠤᠴᠠᠭᠠᠨ᠎ᠤ ᠳᠤᠮᠳᠠᠳᠤ ᠤᠷᠤᠰ᠎ᠤᠨ ᠦᠵᠡᠰᠬᠦᠯᠡᠩ᠎ᠦᠨ ᠴᠤᠭᠯᠠᠭᠠᠨ ᠨᠢ ᠨᠡᠩ ᠡᠯᠪᠡᠭ ᠪᠠᠶᠠᠯᠢᠭ᠋ ᠠᠭᠤᠯᠤᠭᠳᠠᠬᠤᠨ ᠪᠠ ᠶᠡᠷᠦ ᠪᠤᠰᠤ᠎ᠶᠢᠨ ᠠᠴᠢ ᠬᠣᠯᠪᠣᠭᠳᠠᠯ᠎ᠢ ᠠᠴᠢᠶᠠᠯᠠᠵᠤ ᠪᠤᠢ᠃ ᠲᠡᠷᠢᠭᠦᠯᠡᠭᠴᠢ ᠰᠢ᠎ᠶᠢᠨ ᠫᠢᠩ ᠪᠠᠶᠠᠷ᠎ᠤᠨ ᠵᠠᠬᠢᠳᠠᠯ᠎ᠳᠠᠭᠠᠨ᠂ 《ᠬᠣᠶᠠᠷ ᠲᠠᠯ᠎ᠠ᠎ᠶᠢᠨ ᠬᠠᠮᠲᠤ᠎ᠶᠢᠨ ᠴᠢᠷᠮᠠᠢᠯᠭ᠎ᠠ᠎ᠪᠠᠷ᠂ ᠳᠤᠮᠳᠠᠳᠤ ᠤᠷᠤᠰ᠎ᠤᠨ ᠡᠯ᠎ᠡ ᠬᠦᠷᠢᠶᠡᠨ᠎ᠦ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠢᠷᠡᠨ ᠪᠣᠳᠠᠲᠠᠢᠵᠢᠵᠤ᠂ ᠡᠯᠪᠡᠭ ᠪᠠᠶᠠᠯᠢᠭ᠋ ᠦᠷ᠎ᠡ ᠪᠦᠲᠦᠭᠡᠯ ᠣᠯᠪᠠ》 ᠭᠡᠵᠦ ᠵᠢᠭᠠᠵᠤ ᠭᠠᠷᠭᠠᠪᠠ᠃
ᠤᠷᠤᠰ᠎ᠤᠨ ᠳᠡᠳ᠋ ᠶᠡᠷᠦᠩᠬᠡᠢ ᠰᠠᠢᠳ ᠪᠥᠭᠡᠳ ᠶᠡᠷᠦᠩᠬᠡᠢᠯᠡᠭᠴᠢ ᠵᠢᠨ ᠠᠯᠤᠰ ᠳᠣᠷᠣᠨᠠᠲᠤ᠎ᠶᠢᠨ ᠬᠣᠯᠪᠣᠭᠠᠨ᠎ᠤ ᠣᠷᠣᠨ᠎ᠳᠤ ᠰᠠᠭᠤᠭ᠎ᠠ ᠪᠦᠷᠢᠨ ᠡᠷᠬᠡᠲᠦ ᠲᠥᠯᠥᠭᠡᠯᠡᠭᠴᠢ ᠲᠸᠷᠦᠨᠲᠨᠢᠶᠸᠹ᠂ ᠲᠡᠷᠢᠭᠦᠯᠡᠭᠴᠢ ᠰᠢ ᠵᠢᠨ ᠫᠢᠩ ᠬᠡᠬᠦᠳᠡᠭ ᠴᠡᠭᠡᠵᠢᠨ᠎ᠳᠡᠭᠡᠨ ᠪᠦᠬᠦ ᠲᠠᠯ᠎ᠠ᠎ᠶᠢ ᠪᠠᠭᠲᠠᠭᠠᠵᠤ᠂ ᠥᠨᠳᠥᠷ᠎ᠲᠦ ᠵᠣᠭᠰᠣᠨ ᠠᠯᠤᠰ᠎ᠢ ᠪᠠᠷᠠᠯᠠᠵᠥ᠂ ᠶᠡᠷᠦᠩᠬᠡᠢᠯᠡᠭᠴᠢ ᠫᠦᠲ᠋ᠢᠨ ᠲᠠᠢ ᠬᠠᠮᠲᠤ ᠪᠠᠷ ᠬᠣᠶᠠᠷ ᠤᠯᠤᠰ᠎ᠤᠨ ᠠᠯᠤᠰ ᠬᠡᠳᠤ᠎ᠶᠢᠨ ᠬᠥᠭᠵᠢᠯᠲᠡ᠎ᠶᠢᠨ ᠵᠢᠷᠤᠭ ᠲᠦᠰᠦᠪ᠎ᠢ ᠵᠢᠷᠤᠭᠯᠠᠨ᠂ ᠠᠶᠠᠯᠠᠯ᠎ᠤᠨ ᠴᠢᠭᠯᠡᠯ᠎ᠢ ᠲᠣᠳᠣᠷᠬᠠᠢᠯᠠᠵᠤ᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ᠎ᠶᠢ ᠵᠢᠯᠣᠭᠣᠳᠤᠨ ᠯᠠᠪᠳᠠᠭᠤᠨ᠎ᠢᠶᠠᠷ ᠬᠤᠯᠠ ᠠᠶᠠᠯᠠᠭᠤᠯᠤᠨ᠎ᠠ᠃ ᠤᠷᠤᠰ᠎ᠤᠨ ᠠᠯᠤᠰ ᠳᠣᠷᠣᠨᠠᠲᠤ᠎ᠶᠢᠨ ᠭᠠᠵᠠᠷ ᠣᠷᠣᠨ ᠪᠣᠯᠣᠨ ᠳᠤᠮᠳᠠᠳᠤ ᠤᠯᠤᠰ᠎ᠤᠨ ᠭᠠᠵᠠᠷ ᠨᠤᠲᠤᠭ ᠣᠶ᠋ᠢᠷᠠᠯᠴᠠᠭ᠎ᠠ᠂ ᠣᠷᠣᠨ ᠪᠠᠢᠷᠢ ᠬᠥᠷᠰᠢ ᠵᠡᠷᠭᠡᠯᠡᠳᠡᠭᠡ ᠪᠠᠢᠵᠤ᠂ ᠬᠣᠶᠠᠷ ᠤᠯᠤᠰ᠎ᠤᠨ ᠣᠷᠣᠨ ᠨᠤᠲᠤᠭ᠎ᠤᠨ ᠬᠠᠮᠲᠤᠷᠠᠯᠴᠠᠭᠠᠨ᠎ᠤ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ ᠪᠣᠯᠣᠨ᠎ᠠ᠃ ᠣᠳᠣᠬᠠᠨ᠎ᠳᠤ ᠳᠤᠮᠳᠠᠳᠤ᠎ᠶᠢᠨ ᠲᠠᠯ᠎ᠠ ᠤᠷᠤᠰ᠎ᠤᠨ ᠠᠯᠤᠰ ᠳᠣᠷᠣᠨᠠᠲᠤ᠎ᠳᠤ ᠨᠢᠭᠡᠨᠲᠡ 90 ᠭᠠᠷᠤᠢ ᠪᠡᠯᠡ ᠣᠷᠣᠭᠤᠯᠤᠯᠲᠠ᠎ᠶᠢᠨ ᠬᠠᠮᠲᠤᠷᠠᠯᠴᠠᠭᠠᠨ᠎ᠤ ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠰᠠᠨᠠᠮᠵᠢ᠎ᠶᠢᠨ ᠪᠡᠯᠡ ᠣᠷᠣᠭᠤᠯᠤᠯᠲᠠ᠎ᠶᠢᠨ ᠶᠡᠷᠦᠩᠬᠡᠢ ᠬᠡᠮᠵᠢᠶ᠎ᠡ ᠲᠦᠮᠡᠨ ᠳ᠋ᠦᠩᠰᠢᠭᠤᠷ ᠷᠦᠪᠯᠢ᠎ᠳᠦ ᠬᠦᠷᠪᠡ᠃ ᠤᠷᠤᠰ ᠳᠤᠮᠳᠠᠳᠤ᠎ᠶᠢᠨ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠶᠢᠨ ᠣᠯᠣᠭᠰᠠᠨ ᠪᠠᠶᠠᠯᠢᠭ᠋ ᠦᠷ᠎ᠡ ᠪᠦᠲᠦᠭᠡᠯ ᠨᠢ ᠬᠣᠶᠠᠷ ᠤᠯᠤᠰ᠎ᠤᠨ ᠲᠡᠷᠢᠭᠦᠨ᠎ᠦ ᠳᠡᠭᠡᠳᠦ ᠬᠡᠮᠵᠢᠶᠡᠨ᠎ᠦ ᠴᠢᠬᠤᠯᠠᠴᠢᠯᠠᠯ ᠪᠠ ᠠᠬᠢᠭᠤᠯᠤᠯ᠎ᠤᠨ ᠳᠠᠭᠠᠭᠤᠯᠭ᠎ᠠ᠎ᠡᠴᠡ ᠰᠠᠯᠵᠤ ᠴᠢᠳᠠᠬᠤ ᠦᠭᠡᠢ ᠶᠤᠮ ᠭᠡᠵᠦ ᠢᠯᠡᠳᠬᠡᠪᠡ᠃
ᠲᠤᠬᠠᠢ᠎ᠶᠢᠨ ᠲᠠᠯᠠᠪᠠᠢ᠎ᠳᠤ ᠲᠡᠷᠢᠭᠦᠯᠡᠭᠴᠢ ᠰᠢ᠎ᠶᠢᠨ ᠫᠢᠩ᠎ᠤᠨ ᠪᠠᠶᠠᠷ᠎ᠤᠨ ᠵᠠᠬᠢᠳᠠᠯ᠎ᠢ ᠰᠣᠨᠣᠰᠤᠭᠠᠳ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠡᠸᠦ᠋ᠷᠦᠫᠡ ᠠᠽᠢᠶ᠎ᠠ᠎ᠶᠢᠨ ᠵᠤᠷᠭᠠᠨ᠎ᠤ ᠳᠠᠷᠤᠭ᠎ᠠ ᠯᠢᠦ ᠰᠢᠦᠸᠠᠢ ᠰᠦᠩ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠲᠡᠷᠡ᠂ 2014 ᠣᠨ᠎ᠡᠴᠡ ᠨᠠᠭᠠᠰᠢ ᠳᠤᠮᠳᠠᠳᠤ ᠤᠷᠤᠰ᠎ᠤᠨ ᠦᠵᠡᠰᠬᠦᠯᠡᠩ᠎ᠦᠨ ᠴᠤᠭᠯᠠᠭᠠᠨ ᠨᠢᠭᠡᠨᠲᠡ ᠠᠷᠪᠠ ᠭᠠᠷᠤᠢ ᠵᠢᠯ᠎ᠢ ᠥᠩᠭᠡᠷᠡᠭᠡᠵᠦ᠂ ᠳᠤᠮᠳᠠᠳᠤ ᠤᠷᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢᠨ ᠬᠦᠴᠦᠷᠬᠡᠭ ᠶᠡᠬᠡ ᠤᠶᠠᠨ ᠬᠠᠳᠠᠨ ᠴᠢᠨᠠᠷ ᠪᠣᠯᠣᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠬᠠᠷᠠᠭᠤᠯᠵᠤ᠂ ᠪᠠᠶᠠᠯᠢᠭ᠋ ᠦᠷ᠎ᠡ ᠪᠦᠲᠦᠭᠡᠯ᠎ᠢ ᠬᠢᠯᠪᠡᠷ ᠪᠤᠰᠤ᠎ᠪᠠᠷ ᠤᠯᠵᠠᠢ᠃ ᠲᠡᠷᠢᠭᠦᠯᠡᠭᠴᠢ ᠰᠢ᠎ᠶᠢᠨ ᠫᠢᠩ ᠠᠷᠪᠠᠳᠤᠭᠠᠷ ᠬᠤᠭᠤᠴᠠᠭᠠᠨ᠎ᠤ ᠳᠤᠮᠳᠠᠳᠤ ᠤᠷᠤᠰ᠎ᠤᠨ ᠦᠵᠡᠰᠬᠦᠯᠡᠩ᠎ᠦᠨ ᠴᠤᠭᠯᠠᠭᠠᠨ᠎ᠳᠤ ᠪᠠᠶᠠᠷ᠎ᠤᠨ ᠵᠠᠬᠢᠳᠠᠯ ᠢᠯᠡᠭᠡᠭᠰᠡᠨ ᠨᠢ ᠳᠤᠮᠳᠠᠳᠤ ᠤᠷᠤᠰ᠎ᠤᠨ ᠬᠠᠷᠢᠯᠴᠠᠭ᠎ᠠ ᠵᠢᠴᠢ ᠬᠣᠶᠠᠷ ᠤᠯᠤᠰ᠎ᠤᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠪᠠᠢᠬᠤ ᠪᠠ ᠴᠢᠩ ᠰᠡᠳᠬᠢᠯ᠎ᠦᠨ ᠬᠦᠰᠡᠯ ᠡᠷᠡᠮᠡᠯᠵᠡᠯ᠎ᠢ ᠭᠦᠢᠴᠡᠳ ᠢᠯᠡᠷᠡᠭᠦᠯᠵᠦ᠂ ᠦᠵᠡᠰᠬᠦᠯᠡᠩ᠎ᠦᠨ ᠴᠤᠭᠯᠠᠭᠠᠨ᠎ᠢ ᠰᠠᠢᠲᠤᠷ ᠡᠷᠬᠢᠯᠡᠬᠦ᠂ ᠳᠤᠮᠳᠠᠳᠤ ᠤᠷᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ ᠥᠭᠴᠡᠢ ᠭᠡᠵᠤ ᠢᠯᠡᠳᠬᠡᠪᠡ᠃
ᠲᠤᠰ ᠬᠤᠭᠤᠴᠠᠭᠠᠨ᠎ᠤ ᠦᠵᠡᠰᠬᠦᠯᠡᠩ᠎ᠦᠨ ᠴᠤᠭᠯᠠᠭᠠᠨ ᠨᠢ 《ᠢᠲᠡᠭᠡᠯᠴᠡᠬᠦ᠂ ᠬᠠᠮᠲᠤᠷᠠᠯᠴᠠᠬᠤ᠂ ᠬᠠᠮᠲᠤ ᠪᠠᠷ ᠠᠰᠢᠭ᠋ ᠬᠦᠷᠳᠡᠬᠦ》 ᠪᠡᠷ ᠭᠣᠣᠯ ᠰᠡᠳᠦᠪ ᠪᠣᠯᠭᠠᠵᠤ᠂ ᠥᠩᠭᠡᠷᠡᠭᠰᠡᠨ᠎ᠦ ᠶᠢᠰᠦᠨ ᠬᠤᠭᠤᠴᠠᠭᠠᠨ᠎ᠤ ᠦᠵᠡᠰᠬᠦᠯᠡᠩ᠎ᠦᠨ ᠦᠷ᠎ᠡ ᠪᠦᠲᠦᠭᠡᠯ᠎ᠦᠨ ᠲᠤᠬᠠᠢ ᠰᠢᠰᠲ᠋ᠸᠮ ᠲᠠᠢ ᠳ᠋ᠦᠩᠨᠡᠯᠲᠡ ᠪᠣᠯᠬᠤ ᠪᠥᠭᠡᠳ ᠨᠡᠩ ᠴᠤ᠌ ᠰᠢᠨ᠎ᠡ ᠴᠠᠭ ᠦᠶ᠎ᠡ᠎ᠶᠢᠨ ᠳᠤᠮᠳᠠᠳᠤ ᠤᠷᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ ᠵᠢᠨ ᠴᠤ ᠰᠢᠨ᠎ᠡ ᠠᠷᠭ᠎ᠠ ᠤᠬᠠᠭᠠᠯᠠᠯ ᠲᠦᠰᠦᠪᠯᠡᠯ ᠪᠣᠯᠬᠤ ᠶᠤᠮ᠃
ᠲᠡᠷᠢᠭᠦᠯᠡᠭᠴᠢ ᠰᠢ᠎ᠶᠢᠨ ᠫᠢᠩ ᠪᠠᠶᠠᠷ᠎ᠤᠨ ᠵᠠᠬᠢᠳᠠᠯ᠎ᠳᠠᠭᠠᠨ᠂ ᠬᠣᠶᠠᠷ ᠤᠯᠤᠰ᠎ᠤᠨ ᠡᠯ᠎ᠡ ᠡᠲᠡᠭᠡᠳ᠎ᠦᠨ ᠬᠢᠨ ᠲᠤᠰ ᠬᠤᠭᠤᠴᠠᠭᠠᠨ᠎ᠤ ᠦᠵᠡᠰᠬᠦᠯᠡᠩ᠎ᠦᠨ ᠴᠤᠭᠯᠠᠭᠠᠨ᠎ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ ᠤᠷᠤᠰ᠎ᠤᠨ ᠬᠥᠷᠰᠢ ᠵᠡᠷᠭᠡᠯᠡᠳᠡᠭᠡ ᠪᠠ ᠬᠠᠷᠢᠯᠴᠠᠨ ᠨᠥᠬᠥᠪᠦᠷᠢᠯᠡᠬᠦ ᠳᠠᠪᠠᠭᠤᠯᠢᠭ᠋᠎ᠢᠶᠠᠨ ᠪᠠᠳᠠᠷᠠᠭᠤᠯᠵᠤ᠂ ᠪᠦᠬᠦ ᠲᠠᠯ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠨᠡᠩ ᠰᠠᠢᠲᠤᠷ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠦᠷᠭᠦᠯᠵᠢᠯᠡᠨ ᠨᠡᠮᠡᠭᠳᠡᠭᠦᠯᠵᠦ᠂ ᠳᠤᠮᠳᠠᠳᠤ ᠤᠷᠤᠰ᠎ᠤᠨ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠲᠣᠭᠲᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ᠎ᠶᠢ ᠬᠦᠰᠡᠵᠦ ᠪᠠᠢᠨ᠎ᠠ ᠭᠡᠵᠦ ᠴᠢᠬᠤᠯᠠᠴᠢᠯᠠᠪᠠ᠃
ᠳᠤᠮᠳᠠᠳᠤ ᠤᠷᠤᠰ᠎ᠤᠨ ᠣᠷᠣᠨ ᠨᠤᠲᠤᠭ᠎ᠤᠨ ᠬᠣᠭᠣᠷᠣᠨᠳᠣᠬᠢ ᠬᠠᠮᠲᠤᠷᠠᠯᠴᠠᠭ᠎ᠠ᠎ᠳᠤ 《ᠡᠮᠦᠨ᠎ᠠ ᠤᠮᠠᠷ᠎ᠠ ᠬᠤᠯᠪᠤᠯᠳᠤᠨ ᠬᠦᠳᠡᠯᠦᠯᠴᠡᠬᠦ᠂ ᠵᠡᠭᠦᠨ ᠪᠠᠷᠠᠭᠤᠨ ᠬᠠᠷᠢᠯᠴᠠᠨ ᠲᠤᠰᠠᠯᠠᠯᠴᠠᠬᠤ》 ᠰᠠᠢᠨ ᠰᠠᠢᠬᠠᠨ ᠪᠠᠢᠳᠠᠯ᠎ᠢ ᠢᠯᠡᠷᠡᠭᠦᠯᠵᠦ᠂ ᠵᠡᠭᠦᠨ ᠬᠣᠢᠲᠤ ᠣᠷᠣᠨ᠂ ᠥᠪᠥᠷ ᠮᠣᠩᠭᠣᠯ ᠵᠡᠷᠭᠡ ᠤᠷᠤᠰ ᠯᠤᠭ᠎ᠠ᠎ᠶᠢᠨ ᠤᠯᠠᠮᠵᠢᠯᠠᠯᠲᠤ ᠬᠠᠮᠲᠤᠷᠠᠯᠴᠠᠭᠠᠨ᠎ᠤ ᠮᠤᠵᠢ ᠣᠷᠣᠨ᠎ᠡᠴᠡ ᠭᠠᠳᠠᠨ᠎ᠠ᠂ ᠭᠤᠸᠠᠩᠳᠦ᠋ᠩ᠂ ᠵᠢᠶᠠᠩᠰᠢ᠂ ᠱᠠᠨᠳᠦ᠋ᠩ ᠵᠡᠷᠭᠡ ᠮᠤᠵᠢ ᠣᠷᠣᠨ᠎ᠤ ᠤᠷᠤᠰ ᠯᠤᠭ᠎ᠠ᠎ᠶᠢᠨ ᠬᠠᠮᠲᠤᠷᠠᠯᠴᠠᠭ᠎ᠠ᠎ᠶᠢᠨ ᠬᠠᠯᠠᠭᠤᠨ ᠰᠡᠳᠬᠢᠯᠭᠡ ᠣᠷᠭᠢᠯᠵᠤ᠂ ᠪᠦᠬᠦ ᠲᠠᠯ᠎ᠠ᠎ᠶᠢᠨ᠂ ᠤᠯᠠᠨ ᠲᠡᠰ ᠳᠠᠪᠬᠤᠷᠭ᠎ᠠ᠎ᠶᠢᠨ ᠣᠷᠣᠨ ᠨᠤᠲᠤᠭ᠎ᠤᠨ ᠬᠠᠮᠲᠤᠷᠠᠯᠴᠠᠭᠠᠨ᠎ᠤ ᠪᠠᠢᠷᠢᠰᠢᠯ᠎ᠢ ᠪᠦᠷᠢᠯᠳᠦᠭᠦᠯᠪᠡ᠃
ᠤᠷᠤᠰ᠎ᠤᠨ ᠪᠦᠬᠦᠳᠡ ᠨᠠᠢᠷᠠᠮᠳᠠᠬᠤ ᠰᠠᠬᠠ (ᠶᠡᠺᠦᠢ᠍ᠲ) ᠤᠯᠤᠰ᠎ᠤᠨ ᠵᠠᠰᠠᠭ ᠵᠠᠬᠢᠷᠭᠠᠨ᠎ᠤ ᠳᠠᠷᠤᠭ᠎ᠠ ᠠᠢᠰᠸᠨ·ᠨᠢᠺᠦᠯᠠᠶᠸᠹ᠂ ᠲᠡᠷᠢᠭᠦᠯᠡᠭᠴᠢ ᠰᠢ᠎ᠶᠢᠨ ᠫᠢᠩ ᠪᠠᠶᠠᠷ᠎ᠤᠨ ᠵᠠᠬᠢᠳᠠᠯ᠎ᠳᠠᠭᠠᠨ ᠬᠣᠶᠠᠷ ᠤᠯᠤᠰ᠎ᠤᠨ ᠬᠥᠷᠰᠢ ᠵᠡᠷᠭᠡᠯᠡᠳᠡᠭᠡ᠎ᠶᠢᠨ ᠳᠠᠪᠠᠭᠤᠯᠢᠭ᠋᠎ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠂ ᠡᠨᠡ ᠬᠦ᠌ ᠵᠢᠯᠣᠭᠣᠳᠤᠯᠭ᠎ᠠ ᠨᠢ ᠥᠨᠳᠥᠷ᠎ᠲᠦ ᠵᠣᠭᠰᠣᠨ ᠠᠯᠤᠰ᠎ᠢ ᠪᠠᠷᠠᠯᠠᠵᠦ᠂ ᠤᠷᠤᠰ ᠳᠤᠮᠳᠠᠳᠤ᠎ᠶᠢᠨ ᠣᠷᠣᠨ ᠨᠤᠲᠤᠭ᠎ᠤᠨ ᠬᠠᠮᠲᠤᠷᠠᠯᠴᠠᠭᠠᠨ᠎ᠤ ᠪᠣᠳᠠᠲᠤ ᠪᠠᠢᠳᠠᠯ᠎ᠲᠠᠢ ᠤᠨᠢᠨ ᠳᠡᠭᠡᠷ᠎ᠡ ᠨᠢ ᠨᠡᠢᠴᠡᠵᠤ ᠪᠠᠢᠨ᠎ᠠ᠃ ᠳᠤᠮᠳᠠᠳᠤ ᠤᠯᠤᠰ ᠪᠣᠯ ᠶᠠᠺᠦ᠋ᠲ ᠣᠷᠣᠨ᠎ᠤ ᠬᠠᠮᠤᠭ᠎ᠤᠨ ᠲᠣᠮᠣ᠌ ᠠᠷᠠᠯᠵᠢᠶᠠᠨ᠎ᠤ ᠬᠠᠨᠢᠲᠠᠨ ᠪᠠᠢᠵᠤ᠂ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠤ ᠣᠷᠣᠨ ᠵᠠᠢ ᠮᠠᠰᠢ ᠥᠷᠭᠡᠨ ᠠᠭᠤᠳᠠᠮ ᠶᠤᠮ᠃ ᠬᠣᠶᠠᠷ ᠤᠯᠤᠰ᠎ᠤᠨ ᠲᠡᠷᠢᠭᠦᠨ᠎ᠦ ᠲᠣᠬᠢᠷᠠᠯᠴᠠᠭᠰᠠᠨ ᠡᠯ᠎ᠡ ᠵᠦᠢᠯ᠎ᠦᠨ ᠬᠠᠮᠲᠤ᠎ᠶᠢᠨ ᠲᠠᠨᠢᠯᠲᠠ᠎ᠶᠢᠨ ᠳᠠᠭᠠᠭᠤᠯᠭ᠎ᠠ ᠳᠣᠣᠷ᠎ᠠ᠂ ᠬᠣᠶᠠᠷ ᠲᠠᠯ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠯᠠᠪᠳᠠᠶ᠎ᠠ ᠨᠡᠩ ᠢᠯᠡᠷᠬᠡᠢ ᠠᠮᠵᠢᠯᠲᠠ ᠣᠯᠬᠤ ᠪᠣᠯᠣᠨ᠎ᠠ ᠭᠡᠵᠦ ᠢᠯᠡᠳᠬᠡᠪᠡ᠃
ᠬᠠᠷᠠᠮᠥ᠋ᠷᠡᠨ᠎ᠦ ᠤᠳᠤ ᠦᠶ᠎ᠡ᠎ᠶ᠋ᠢᠨ ᠳᠤᠮᠳᠠᠳᠤ ᠤᠷᠤᠰ᠎ᠤᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠰᠦᠩ ᠺᠦᠢ᠂ ᠲᠡᠷᠢᠭᠦᠯᠡᠭ᠌ᠴᠢ ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ ᠳᠤᠮᠳᠠᠳᠤ ᠤᠷᠤᠰ᠎ᠤᠨ ᠬᠠᠷᠢᠯᠴᠠᠨ ᠨᠥᠬᠥᠪᠥᠷᠢᠯᠡᠬᠦ᠌ ᠳᠠᠪᠠᠭᠤᠯᠢᠭ ᠨᠢ ᠬᠣᠶᠠᠷ ᠲᠠᠯ᠎ᠠ᠎ᠶ᠋ᠢᠨ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠶ᠋ᠢ ᠠᠬᠢᠭᠤᠯᠬᠤ᠎ᠳᠤ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ ᠭᠡᠵᠦ ᠴᠢᠬᠤᠯᠠᠴᠢᠯᠠᠪᠠ᠃ 《ᠳᠤᠮᠳᠠᠳᠤ ᠤᠷᠤᠰ᠎ᠤᠨ ᠡᠨᠧᠷᠭᠢ᠂ ᠬᠥᠳᠡᠭᠡ ᠠᠵᠤ ᠠᠬᠤᠢ᠂ ᠳᠡᠭᠡᠳᠦ ᠱᠢᠨ᠎ᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠬᠦᠷᠢᠶᠡᠨ᠎ᠦ ᠬᠠᠮᠲᠤᠷᠠᠯᠴᠠᠭᠠᠨ᠎ᠤ ᠳᠠᠯᠳᠠ ᠬᠦᠴᠦᠨ ᠯᠤᠲᠤ ᠶᠡᠬᠡ᠂ ᠤᠷᠤᠰ᠎ᠤᠨ ᠠᠯᠤᠰ ᠳᠣᠷᠣᠨᠠᠲᠤ᠎ᠶ᠋ᠢᠨ ᠭᠠᠵᠠᠷ ᠣᠷᠣᠨ᠎ᠤ ᠨᠡᠭᠡᠭᠡᠨ ᠬᠥᠭ᠌ᠵᠢᠭᠦᠯᠦᠯᠲᠡ ᠴᠦ᠍ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠬᠥᠳᠡᠯᠭᠡᠬᠦ᠌ ᠬᠦᠴᠦᠨ ᠨᠡᠮᠡᠷᠢᠯᠡᠵᠦ᠍᠂ ᠬᠣᠶᠠᠷ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠡᠩ ᠰᠠᠢᠲᠤᠷ ᠠᠬᠢᠭᠤᠯᠬᠤ ᠪᠣᠯᠤᠨ᠎ᠠ》 ᠭᠡᠵᠦ᠍ ᠰᠦᠩ ᠺᠦᠢ ᠬᠡᠯᠡᠪᠡ᠃
ᠲᠣᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ᠎ᠤ ᠶᠡᠷᠦᠩᠬᠡᠶ ᠲᠠᠯᠠᠪᠠᠶ᠎ᠨᠢ 5.5 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠤ᠂ ᠲᠡᠯᠭᠡᠨ ᠦᠵᠡᠭᠦᠯᠭᠡ ᠨᠢ 《ᠱᠢᠨ᠎ᠡ》᠂ ᠵᠡᠷᠭᠡᠴᠡᠭᠡ ᠠᠵᠢᠯᠯᠠᠭ᠎ᠠ ᠨᠢ 《ᠪᠣᠳᠠᠳᠠᠢ》 ᠪᠠᠢᠵᠤ᠂ 46 ᠤᠯᠤᠰ ᠪᠠ ᠭᠠᠵᠠᠷ ᠣᠷᠣᠨ᠎ᠤ 1500 ᠭᠠᠷᠤᠶ ᠳᠤᠮᠳᠠᠳᠤ ᠭᠠᠳᠠᠭᠠᠳᠤ᠎ᠶ᠋ᠢᠨ ᠠᠵᠤ ᠠᠬᠤᠢᠯᠠᠯ᠎ᠤᠨ ᠦᠵᠡᠰᠭᠦᠯᠡᠩᠳᠦ ᠣᠷᠣᠯᠴᠠᠬᠤ᠎ᠶ᠋ᠢ ᠲᠠᠲᠠᠵᠤ᠂ ᠠᠵᠤ ᠦᠶ᠋ᠯᠡᠰ᠎ᠦᠨ ᠵᠣᠯᠭᠠᠯᠴᠠᠭ᠎ᠠ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ᠂ ᠣᠯᠠᠨ ᠤᠯᠤᠰ᠎ᠤᠨ ᠬᠠᠮᠲᠤᠷᠠᠯᠴᠠᠭ᠎ᠠ᠂ ᠵᠢᠭᠤᠯᠴᠢᠯᠠᠯ᠎ᠤᠨ ᠬᠡᠷᠡᠭ᠌ᠯᠡᠭᠡ ᠵᠡᠷᠭᠡ᠎ᠶ᠋ᠢᠨ ᠲᠣᠭᠣᠷᠢᠨ᠎ᠳᠤ 100 ᠱᠢᠬᠠᠮ ᠲᠠᠯᠠᠪᠤᠷ ᠠᠳᠠᠯᠢ ᠬᠤᠭᠤᠴᠠᠭᠠᠨ᠎ᠤ ᠢᠵᠢ ᠪᠥᠷᠢᠳᠦᠭᠦᠯᠬᠦ᠌ ᠠᠵᠢᠯᠯᠠᠭ᠎ᠠ ᠡᠷᠭᠢᠯᠡᠪᠡ᠃
ᠲᠣᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ᠎ᠤ ᠭᠤᠤᠯ ᠵᠣᠴᠢᠨ ᠮᠤᠵᠢ ᠪᠣᠯᠤᠭ᠍ᠰᠠᠨ᠎ᠤ ᠬᠤᠪᠢ᠎ᠳᠤ᠂ ᠵᠢᠶᠠᠩᠰᠢ ᠮᠤᠵᠢ ᠴᠠᠢ᠂ ᠸᠠᠭᠠᠷ ᠱᠠᠭᠠᠵᠠᠩ ᠵᠡᠷᠭᠡ ᠨᠢᠭᠡ ᠪᠦᠯᠦᠭ ᠣᠨᠴᠠᠯᠢᠭ᠍ᠲᠤ ᠠᠵᠤ ᠠᠬᠤᠢᠯᠠᠯ᠎ᠢ ᠵᠣᠬᠢᠶᠠᠨ ᠪᠠᠢᠭᠤᠯᠤᠨ ᠦᠵᠡᠰᠭᠦᠯᠡᠩᠳᠦ ᠣᠷᠣᠯᠴᠠᠭᠤᠯᠵᠤ᠂ ᠣᠷᠣᠰ ᠵᠢᠴᠢ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠢᠳᠡᠪᠬᠢᠲᠡᠶ ᠥᠷᠭᠡᠳᠭᠡᠪᠡ᠃ ᠵᠢᠶᠠᠩᠰᠢ᠎ᠶ᠋ᠢᠨ ᠵᠢᠦᠵᠢᠶᠠᠩ ᠡᠴᠡ ᠢᠷᠡᠭ᠌ᠰᠡᠨ ᠦᠵᠡᠰᠭᠦᠯᠡᠩᠳᠦ ᠣᠷᠣᠯᠴᠠᠭ᠍ᠰᠠᠨ ᠬᠤᠳᠠᠯᠳᠤᠭᠠᠴᠢᠨ ᠵᠧᠦ ᠵᠧᠩ ᠷᠦᠩ᠂ ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠢ ᠰᠣᠨᠣᠰᠤᠭᠠᠳ᠂ ᠠᠵᠤ ᠠᠬᠤᠢᠯᠠᠯ᠎ᠤᠨ ᠤᠷᠤᠰ ᠵᠢᠴᠢ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠢ ᠭᠦᠨᠵᠡᠭᠡᠢ ᠨᠡᠭᠡᠭᠡᠬᠦ ᠢᠲᠡᠭᠡᠯ ᠵᠣᠷᠢᠭ᠎ᠢ ᠨᠡᠩ ᠪᠠᠲᠤᠳᠭᠠᠪᠠ᠃ ᠲᠣᠰ ᠬᠤᠭᠤᠴᠠᠭᠠᠨ᠎ᠤ ᠦᠵᠡᠰᠭᠦᠯᠡᠩᠳᠦ ᠣᠷᠣᠰ᠎ᠤᠨ ᠶᠡᠬᠡ ᠬᠡᠮᠵᠢᠶᠡᠨ᠎ᠦ ᠬᠤᠳᠠᠯᠳᠤᠨ ᠠᠪᠬᠤ ᠬᠤᠳᠠᠯᠳᠤᠭᠠᠴᠢᠨ ᠪᠠᠢᠬᠤ ᠡᠴᠡ ᠭᠠᠳᠠᠨ᠎ᠠ᠂ ᠪᠠᠰᠠ ᠴᠥᠭᠡᠨ ᠪᠤᠰᠤ ᠪᠤᠰᠤᠳ ᠤᠯᠤᠰ ᠪᠠ ᠭᠠᠵᠠᠷ ᠣᠷᠣᠨ᠎ᠤ ᠬᠤᠳᠠᠯᠳᠤᠭᠠᠴᠢᠨ ᠨᠡᠷ᠎ᠡ ᠠᠯᠳᠠᠷ᠎ᠢ ᠰᠣᠨᠣᠰᠤᠨ ᠬᠦᠷᠦᠯᠴᠡᠨ ᠢᠷᠡᠵᠡᠢ᠂ ᠡᠨᠡ ᠨᠢ ᠳᠤᠮᠳᠠᠳᠤ ᠣᠷᠣᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠬᠣᠶᠠᠷ ᠤᠯᠤᠰ᠎ᠲᠤ ᠠᠱᠢᠭ᠍ᠲᠠᠶ᠎ᠪᠠᠷ ᠪᠠᠷᠠᠬᠤ ᠥᠬᠡᠶ ᠳᠡᠯᠡᠬᠡᠶ ᠳ᠋ᠠᠬᠢᠨ᠎ᠳᠤ ᠴᠤ᠌ ᠠᠱᠢᠭ᠍ᠲᠠᠶ ᠪᠠᠢᠬᠤ᠎ᠶ᠋ᠢ ᠬᠠᠷᠠᠭᠤᠯᠵᠠᠢ ᠭᠡᠵᠦ ᠢᠯᠡᠳᠬᠡᠪᠡ᠃
ᠬᠠᠷᠠᠮᠥ᠋ᠷᠡᠨ ᠮᠤᠵᠢ᠎ᠶ᠋ᠢᠨ ᠠᠷᠠᠯᠵᠢᠶ᠎ᠠ᠎ᠶ᠋ᠢ ᠠᠬᠢᠭᠤᠯᠬᠤ ᠵᠥᠪᠯᠡᠯ᠎ᠦᠨ ᠳᠠᠷᠤᠭ᠎ᠠ ᠴᠧᠨ ᠱ᠌ᠢ ᠵᠢᠶᠦ᠋ᠨ᠂ ᠬᠢᠯᠢ᠎ᠶ᠋ᠢᠨ ᠳᠣᠲᠣᠨ᠎ᠠ ᠭᠠᠳᠠᠨᠠᠬᠢ ᠠᠵᠤ ᠠᠬᠤᠢᠯᠠᠯ᠎ᠲᠠᠶ ᠬᠣᠯᠪᠣᠭᠠᠯᠠᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠥᠷᠨᠢᠭᠦᠯᠬᠦ᠌ ᠬᠥᠭᠥᠷᠭᠡ ᠪᠣᠯᠤᠭ᠍ᠰᠠᠨ᠎ᠤ ᠬᠤᠪᠢ᠎ᠳᠤ᠂ ᠬᠠᠷᠠᠮᠥ᠋ᠷᠡᠨ ᠮᠤᠵᠢ᠎ᠶ᠋ᠢᠨ ᠠᠷᠠᠯᠵᠢᠶ᠎ᠠ᠎ᠶ᠋ᠢ ᠠᠬᠢᠭᠤᠯᠬᠤ ᠵᠥᠪᠯᠡᠯ᠎ᠦᠨ ᠬᠢᠨ ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠳᠤ ᠳᠤᠷᠠᠳᠤᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ ᠤᠷᠤᠰ᠎ᠤᠨ ᠦᠵᠡᠰᠭᠦᠯᠡᠩ᠎ᠦᠨ ᠴᠤᠭ᠍ᠯᠠᠭᠠᠨ᠎ᠤ ᠲᠦᠷᠦᠯ ᠲᠡᠮᠳᠡᠭ᠎ᠦᠨ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠦᠵᠡᠰᠭᠦᠯᠡᠩ᠎ᠦᠨ ᠴᠤᠭ᠍ᠯᠠᠭᠠᠨ᠎ᠢ ᠤᠯᠤᠰ᠎ᠤᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠵᠢᠱ᠌ᠢᠢ᠎ᠡ ᠦᠵᠡᠭᠦᠯᠬᠦ᠌ ᠴᠢᠨᠠᠷᠲᠠᠢ ᠨᠡᠬᠡᠬᠡᠯᠳᠡ᠎ᠶ᠋ᠢᠨ ᠲᠠᠪᠴᠠᠩ ᠪᠣᠯᠭᠠᠵᠤ᠂ ᠳᠤᠮᠳᠠᠳᠤ ᠤᠷᠤᠰ᠎ᠤᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢᠨ ᠱᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠭᠦᠨᠵᠡᠭᠡᠢᠷᠡᠨ ᠪᠣᠳᠠᠲᠠᠢᠵᠢᠬᠤᠳᠤ ᠬᠦᠴᠦᠨ ᠨᠡᠮᠡᠷᠢᠯᠡᠨ᠎ᠡ ᠭᠡᠪᠡ᠃
《ᠶᠡᠷᠦᠩᠬᠡᠢᠯᠡᠭ᠌ᠴᠢ ᠫᠦᠲ᠋ᠢᠨ ᠳᠤᠮᠳᠠᠳᠤ ᠤᠯᠤᠰ᠎ᠲᠤ ᠠᠢᠯᠴᠢᠯᠠᠬᠤ ᠡᠴᠡ ᠡᠮᠦᠨᠡᠬᠡᠨ᠂ ᠲᠡᠷᠢᠭᠦᠯᠡᠭ᠌ᠴᠢ ᠰᠢ ᠵᠢᠨ ᠫᠢᠩ ᠪᠣᠯᠤᠨ ᠶᠡᠷᠦᠩᠬᠡᠢᠯᠡᠭ᠌ᠴᠢ ᠫᠦᠲ᠋ᠢᠨ ᠲᠣᠰ ᠲᠣᠰ ᠠᠷᠪᠠᠳᠤᠭᠠᠷ ᠬᠤᠭᠤᠴᠠᠭᠠᠨ᠎ᠤ ᠳᠤᠮᠳᠠᠳᠤ ᠣᠷᠣᠰ᠎ᠤᠨ ᠦᠵᠡᠰᠭᠦᠯᠡᠩ᠎ᠦᠨ ᠴᠤᠭ᠍ᠯᠠᠭᠠᠨ᠎ᠳᠤ ᠪᠠᠶᠠᠷ᠎ᠤᠨ ᠵᠠᠬᠢᠳᠠᠯ ᠢᠯᠡᠭᠡᠭ᠌ᠰᠡᠨ᠎ᠨᠢ ᠴᠢᠬᠤᠯᠠ ᠪᠡᠯᠭᠡ ᠲᠡᠮᠳᠡᠭ᠎ᠦᠨ ᠴᠢᠨᠠᠷᠲᠠᠶ ᠠᠴᠢ ᠬᠣᠯᠪᠣᠭ᠍ᠳᠠᠯ᠎ᠲᠠᠶ ᠶᠤᠮ》᠃ ᠤᠷᠤᠰ᠎ᠤᠨ ᠤᠯᠤᠰ᠎ᠤᠨ ᠮᠡᠷᠭᠡᠵᠢᠯ᠎ᠦᠨ ᠪᠦᠯᠦᠭ᠌ᠯᠡᠯ᠎ᠦᠨ ᠤᠯᠠᠨ ᠤᠯᠤᠰ᠎ᠤᠨ ᠬᠠᠮᠲᠤᠷᠠᠯᠴᠠᠭ᠎ᠠ ᠪᠣᠯᠤᠨ ᠣᠷᠣᠨ ᠪᠦᠰᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠶᠡᠷᠦᠩᠬᠡᠢ ᠬᠢᠨᠠᠭ᠍ᠴᠢ ᠸᠢᠺᠳᠤ᠋·ᠺᠸᠯᠠᠳ᠋ᠦᠸᠸᠹ᠂ ᠤᠷᠤᠰ ᠳᠤᠮᠳᠠᠳᠤ᠎ᠶ᠋ᠢᠨ ᠬᠠᠮᠲᠤᠷᠠᠯᠴᠠᠭ᠎ᠠ ᠨᠢᠭᠡᠨᠲᠡ ᠲᠦᠬᠦᠮᠬᠡᠨ ᠲᠠᠸᠠᠷ᠎ᠤᠨ ᠠᠷᠠᠯᠵᠢᠶ᠎ᠠ᠎ᠶ᠋ᠢ ᠳᠠᠪᠠᠵᠤ᠂ ᠬᠠᠮᠲᠤᠷᠠᠨ ᠰᠤᠳᠤᠯᠤᠨ ᠨᠡᠭᠡᠭᠡᠬᠦ᠌᠂ ᠬᠠᠮᠵᠢᠯᠴᠠᠨ ᠦᠢᠯᠡᠳᠪᠦᠷᠢᠯᠡᠬᠦ᠌ ᠭᠦᠨᠵᠡᠭᠡᠢ ᠵᠠᠭ᠍ᠪᠤᠷ᠎ᠲᠤ ᠣᠷᠤᠵᠠᠢ᠃ ᠤᠳᠤ ᠬᠣᠶᠠᠷ ᠤᠯᠤᠰ᠎ᠢᠶᠠᠷ᠎ᠢᠶᠠᠨ ᠨᠢᠭᠡᠨᠲᠡ ᠤᠯᠠᠨ ᠪᠡᠯᠡ ᠨᠡᠢᠯᠡᠭᠦᠯᠦᠭ᠌ᠰᠡᠨ ᠠᠵᠤ ᠠᠬᠤᠢᠯᠠᠯ ᠪᠠᠢᠭᠤᠯᠵᠤ᠂ ᠬᠣᠶᠠᠷ ᠲᠠᠯ᠎ᠠ᠎ᠶ᠋ᠢᠨ ᠮᠡᠷᠭᠡᠵᠢᠯ ᠪᠣᠯᠤᠨ ᠠᠵᠤ ᠦᠢᠯᠡᠰ᠎ᠦᠨ ᠳᠠᠪᠠᠭᠤᠯᠢᠭ᠎ᠲᠠᠭᠠᠨ ᠲᠦᠱᠢᠭ᠌ᠯᠡᠵᠦ᠍᠂ ᠭᠠᠷ ᠬᠣᠯᠪᠣᠨ ᠨᠡᠩ ᠤᠯᠠᠨ ᠱᠢᠨ᠎ᠡ ᠦᠢᠯᠡᠳᠬᠦᠨ᠎ᠢ ᠨᠡᠭᠡᠭᠡᠨ ᠬᠥᠭ᠌ᠵᠢᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃
ᠶᠡᠷᠦᠩᠬᠡᠢᠯᠡᠭ᠌ᠴᠢ ᠫᠦᠲ᠋ᠢᠨ ᠪᠠᠶᠠᠷ᠎ᠤᠨ ᠵᠠᠬᠢᠳᠠᠯ᠎ᠳᠠᠭᠠᠨ᠂ ᠤᠷᠤᠰ ᠳᠤᠮᠳᠠᠳᠤ᠎ᠶ᠋ᠢᠨ ᠦᠵᠡᠰᠭᠦᠯᠡᠩ᠎ᠦᠨ ᠴᠤᠭ᠍ᠯᠠᠭᠠᠨ ᠨᠢᠭᠡᠨᠲᠡ ᠬᠣᠶᠠᠷ ᠤᠯᠤᠰ᠎ᠤᠨ ᠬᠣᠭᠣᠷᠣᠨᠳᠣᠬᠢ ᠬᠡᠪᠴᠢᠶ᠎ᠡ᠎ᠪᠡᠷ ᠬᠠᠮᠤᠭ᠎ᠤᠨ ᠶᠡᠬᠡ ᠦᠵᠡᠰᠭᠦᠯᠡᠩ᠎ᠦᠨ ᠴᠤᠭ᠍ᠯᠠᠭᠠᠨ ᠪᠤᠯᠵᠥ᠍᠂ ᠬᠣᠶᠠᠷ ᠲᠠᠯ᠎ᠠ᠎ᠶ᠋ᠢᠨ ᠱᠢᠭᠤᠳ᠂ ᠭᠦᠨᠵᠡᠭᠡᠢ ᠶᠠᠷᠢᠯᠴᠠᠭ᠎ᠠ ᠥᠷᠨᠢᠭᠦᠯᠬᠦ᠌᠎ᠳᠦ ᠲᠠᠪᠴᠠᠩ ᠬᠠᠩᠭᠠᠵᠠᠢ ᠭᠡᠵᠦ ᠢᠯᠡᠳᠭᠡᠪᠡ᠃ ᠬᠣᠶᠠᠷ ᠤᠯᠤᠰ᠎ᠤᠨ ᠲᠡᠷᠢᠭᠦᠨ ᠪᠠᠶᠠᠷ᠎ᠤᠨ ᠵᠠᠬᠢᠳᠠᠯ᠎ᠳᠠᠭᠠᠨ 〈ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠦᠨ᠎ᠡ〉 〈ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠨ᠎ᠡ〉 ᠭᠡᠵᠦ᠍ ᠪᠣᠯᠵᠣᠭ᠍ᠰᠠᠨ ᠦᠭᠡᠢ ᠪᠡᠷ ᠪᠤᠳᠤᠯ ᠨᠢᠭᠡᠳᠦᠨ ᠳᠤᠷᠠᠳᠴᠠᠢ᠂ ᠡᠨᠡ ᠨᠢ ᠬᠣᠶᠠᠷ ᠲᠠᠯ᠎ᠠ᠎ᠪᠠᠷ᠎ᠢᠶᠠᠨ ᠤᠷᠤᠰ ᠳᠤᠮᠳᠠᠳᠤ᠎ᠶ᠋ᠢᠨ ᠦᠵᠡᠰᠭᠦᠯᠡᠩ᠎ᠦᠨ ᠴᠤᠭ᠍ᠯᠠᠭᠠᠨ᠎ᠤ ᠲᠠᠪᠴᠠᠩ᠎ᠢᠶᠠᠷ ᠳᠠᠮᠵᠢᠨ ᠠᠵᠤ ᠠᠬᠤᠢᠯᠠᠯ᠎ᠤᠨ ᠬᠣᠭᠣᠷᠣᠨᠳᠣᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠵᠦ᠍᠂ ᠠᠵᠤ ᠠᠬᠤᠢ ᠠᠷᠠᠯᠵᠢᠶᠠᠨ᠎ᠤ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠡᠷᠢᠯᠬᠢᠯᠡᠬᠦ᠌᠎ᠪᠡᠷ ᠴᠢᠷᠮᠠᠢᠵᠤ ᠪᠠᠢᠬᠤ᠎ᠶ᠋ᠢ ᠲᠣᠳᠣᠷᠬᠠᠢ ᠬᠠᠷᠠᠭᠤᠯᠪᠠ᠃
《ᠱᠢᠨ᠎ᠡ ᠭᠠᠷᠤᠭ᠎ᠠ ᠳᠡᠭᠡᠷ᠎ᠡ᠂ ᠪᠢᠳᠠ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠷᠤᠰ᠎ᠤᠨ ᠦᠵᠡᠰᠭᠦᠯᠡᠩ᠎ᠦᠨ ᠴᠤᠭ᠍ᠯᠠᠭᠠᠨ᠎ᠤ ᠲᠦᠷᠦᠯ ᠲᠡᠮᠳᠡᠭ᠎ᠦᠨ ᠦᠢᠯᠡᠳᠦᠯ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠦᠵᠡᠰᠭᠦᠯᠡᠩ᠎ᠦᠨ ᠴᠤᠭ᠍ᠯᠠᠭᠠᠨ᠎ᠢ ᠦᠨᠡᠨ ᠬᠦ᠌ ᠬᠣᠶᠠᠷ ᠤᠯᠤᠰ᠎ᠤᠨ ᠠᠵᠤ ᠠᠬᠤᠢᠯᠠᠯ᠎ᠤᠨ ᠵᠣᠯᠭᠠᠯᠴᠠᠭ᠎ᠠ᠎ᠶ᠋ᠢ ᠠᠬᠢᠭᠤᠯᠬᠤ᠂ ᠦᠢᠯᠡᠳᠪᠦᠷᠢᠯᠡᠯ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠣᠷᠣᠨ ᠨᠤᠲᠤᠭ ᠪᠣᠯᠤᠨ ᠰᠣᠶᠣᠯ ᠢᠷᠭᠡᠨᠱᠢᠯ᠎ᠦᠨ ᠰᠣᠯᠢᠯᠴᠠᠭ᠎ᠠ᠎ᠶ᠋ᠢ ᠴᠢᠩᠭᠠᠳᠭᠠᠬᠤ ᠲᠠᠪᠴᠠᠩ ᠪᠣᠯᠭᠠᠵᠤ᠂ ᠳᠤᠮᠳᠠᠳᠤ ᠤᠷᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠪᠦᠬᠦ᠌ ᠬᠦᠴᠦ᠍᠎ᠪᠡᠷ᠎ᠢᠶᠡᠨ ᠳᠡᠮᠵᠢᠵᠦ᠍᠂ ᠳᠤᠮᠳᠠᠳᠤ ᠤᠷᠤᠰ᠎ᠤᠨ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌᠎ᠳᠦ ᠬᠤᠪᠢ ᠨᠡᠮᠡᠷᠢ ᠦᠵᠡᠭᠦᠯᠦᠨ᠎ᠡ》 ᠭᠡᠵᠦ᠍ ᠯᠢᠦ ᠱᠢᠤᠸᠠᠢ ᠰᠦᠩ ᠬᠡᠯᠡᠪᠡ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ)