ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠦᠨ ᠪᠤᠵᠠᠭᠠᠢᠷᠠᠭᠤᠯᠤᠨ᠎ᠠ
2026-05-20 09:57:57
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠲᠠᠩ ᠱᠢ ᠨᠢᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 16᠎ᠤ᠋ ᠡᠳᠦᠷ ᠬᠡᠪᠯᠡᠭᠳᠡᠭᠰᠡᠨ 《ᠦᠨᠡᠨ》 ᠰᠡᠳᠬᠦᠯ ᠶᠡᠷᠦᠩᠬᠡᠢ ᠱᠦᠵᠢ ᠰᠢ᠎ᠶᠢᠨ ᠫᠢᠩ᠎ᠤᠨ 《ᠪᠣᠳᠠᠲᠤ ᠴᠣᠭᠴᠠ᠎ᠶᠢᠨ ᠠᠵᠤ ᠠᠬᠤᠢ᠎ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠬᠤ ᠬᠡᠷᠡᠭᠳᠡᠢ》 ᠭᠡᠬᠦ ᠴᠢᠬᠤᠯᠠ ᠵᠣᠬᠢᠶᠠᠯ᠎ᠢ ᠨᠡᠢᠲᠡᠯᠡᠪᠡ᠃

ᠪᠣᠳᠠᠲᠤ ᠴᠣᠭᠴᠠ᠎ᠶᠢᠨ ᠠᠵᠤ ᠠᠬᠤᠢ ᠪᠣᠯ ᠨᠢᠭᠡ ᠤᠯᠤᠰ᠎ᠤᠨ ᠠᠵᠤ ᠠᠬᠤᠢ᠎ᠶᠢᠨ ᠣᠷᠣᠰᠢᠨ ᠲᠣᠭᠲᠠᠨᠢᠬᠤ᠎ᠶᠢᠨ ᠦᠨᠳᠦᠰᠦ ᠮᠥᠨ᠃ ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠦᠨ ᠰᠠᠭᠤᠷᠢ ᠪᠠᠢᠬᠤ ᠦᠭᠡᠢ ᠪᠣᠯ ᠨᠡᠢᠭᠡᠮ ᠵᠢᠷᠤᠮᠲᠦ ᠣᠳᠣᠬᠢᠴᠢᠯᠠᠯᠲᠠ ᠵᠢᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠳᠦᠭᠡᠵᠦ ᠴᠢᠳᠠᠬᠤ ᠦᠭᠡᠢ ᠶᠤᠮ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ ᠳ᠋ᠤ ᠣᠷᠣᠭᠰᠠᠨ᠎ᠤ ᠲᠠᠷᠠᠭ᠎ᠠ᠂ ᠣᠳᠣᠬᠢᠴᠢᠯᠠᠯᠲᠠ ᠵᠢᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠶ᠋ᠢᠭᠤᠯᠬᠤ ᠶᠠᠪᠤᠳᠠᠯ ᠵᠠᠩᠭᠢᠯᠠᠭ᠎ᠠ᠎ᠶᠢᠨ ᠱᠠᠲᠤᠨ᠎ᠳᠤ ᠣᠷᠣᠰᠢᠵᠤ ᠪᠠᠢᠨ᠎ᠠ᠂ 《ᠦᠨᠡᠨ》 ᠰᠡᠳᠬᠦᠯ ᠳ᠋ᠦ ᠡᠨᠡ ᠬᠦ᠌ ᠴᠢᠬᠤᠯᠠ ᠵᠣᠬᠢᠶᠠᠯ᠎ᠢ ᠨᠡᠢᠲᠡᠯᠡᠭᠰᠡᠨ ᠨᠢ ᠪᠣᠳᠠᠲᠤ ᠴᠣᠭᠴᠠ᠎ᠶᠢᠨ ᠠᠵᠤ ᠠᠬᠤᠢ᠎ᠶᠢ ᠬᠥᠭᠵᠢᠭᠦᠯᠬᠦ᠎ᠶᠢᠨ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠢ ᠨᠡᠩ ᠲᠤᠪᠤᠢ᠍ᠢᠯᠭᠠᠪᠠ᠃

《ᠠᠵᠤ ᠠᠬᠤᠢ ᠬᠥᠭᠵᠢᠭᠡᠳ ᠶᠠᠮᠠᠷ ᠦᠶ᠎ᠡ᠎ᠳᠦ ᠬᠦᠷᠦᠭᠰᠡᠨ ᠴᠦ᠍ ᠪᠣᠳᠠᠲᠤ ᠴᠣᠭᠴᠠ᠎ᠶᠢᠨ ᠠᠵᠤ ᠠᠬᠤᠢ ᠪᠣᠯ ᠴᠥᠮ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠂ ᠪᠢᠳᠡᠨ᠎ᠦ ᠣᠯᠠᠨ ᠤᠯᠤᠰ᠎ᠤᠨ ᠠᠵᠤ ᠠᠬᠤᠢ᠎ᠶᠢᠨ ᠥᠷᠢᠰᠦᠯᠳᠦᠭᠡᠨ᠎ᠦ ᠳᠤᠮᠳᠠ ᠰᠠᠨᠠᠭᠠᠴᠢᠯᠠᠭᠠᠲᠤ ᠡᠷᠬᠡ᠎ᠶᠢ ᠣᠯᠬᠤ᠎ᠶᠢᠨ ᠰᠠᠭᠤᠷᠢ ᠮᠥᠨ》᠃ ᠶᠡᠷᠦᠩᠬᠡᠢ ᠱᠦᠵᠢ᠎ᠰᠢ᠎ᠶᠢᠨ ᠫᠢᠩ᠎ᠤᠨ ᠦᠭᠡ ᠨᠢ ᠤᠯᠤᠰ᠎ᠢᠶᠠᠨ ᠬᠦᠴᠦᠷᠬᠡᠭᠵᠢᠭᠦᠯᠬᠦ᠎ᠶᠢᠨ ᠰᠠᠭᠤᠷᠢ ᠪᠣᠯᠣᠨ ᠢᠯᠠᠯᠲᠠ ᠣᠯᠬᠤ ᠶᠣᠰᠣ᠌᠎ᠶᠢ ᠬᠡᠯᠡᠵᠦ ᠥᠭᠪᠡ᠃

ᠣᠳᠣᠬᠠᠨ᠎ᠳᠤ᠂ ᠣᠯᠠᠨ ᠤᠯᠤᠰ᠎ᠤᠨ ᠪᠠᠢᠷᠢᠰᠢᠯ᠎ᠳᠤ ᠭᠦᠨᠵᠡᠭᠡᠢ ᠲᠣᠬᠢᠷᠠᠭᠤᠯᠤᠯᠲᠠ ᠭᠠᠷᠴᠦ᠂ ᠡᠯ᠎ᠡ ᠲᠥᠷᠥᠯ᠎ᠦᠨ ᠠᠶᠤᠯ ᠲᠦᠭᠰᠢᠭᠦᠷᠢ  ᠬᠡᠮ ᠰᠤᠭᠤᠭ ᠰᠣᠯᠪᠢᠴᠠᠨ ᠳᠠᠪᠬᠤᠴᠠᠵᠤ ᠪᠠᠢᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶᠢᠨ ᠨᠠᠷᠢᠨ ᠪᠤᠳᠤᠯᠢᠶᠠᠨᠲᠠᠢ ᠪᠠᠢᠳᠠᠯ ᠳᠣᠣᠷ᠎ᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ᠂ ᠠᠵᠤ ᠠᠬᠤᠢ᠎ᠶᠢᠨ ᠨᠡᠮᠡᠭᠳᠡᠯ᠎ᠳᠦ ᠵᠣᠬᠢᠬᠤ ᠬᠤᠷᠳᠤᠴᠠ᠎ᠶᠢ ᠪᠠᠲᠤᠯᠠᠬᠤ ᠴᠢᠬᠤᠯᠠᠲᠠᠢ᠂ ᠤᠯᠤᠰ᠎ᠤᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠭᠵᠢᠯᠲᠡ᠎ᠶᠢᠨ ᠤᠶᠠᠨ ᠬᠠᠳᠠᠨ ᠴᠢᠨᠠᠷ᠎ᠢ ᠪᠠᠲᠤᠳᠬᠠᠬᠤ ᠴᠢᠬᠤᠯᠠᠲᠠᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠡᠷᠴᠢᠨ ᠳᠡᠭᠡᠷ᠎ᠡ ᠨᠢ ᠴᠢᠷᠮᠠᠢᠬᠤ ᠴᠢᠬᠤᠯᠠᠲᠠᠢ ᠁ ᠡᠳᠡᠭᠡᠷ ᠨᠢ ᠴᠥᠮ ᠪᠢᠳᠡᠨ᠎ᠦ ᠠᠵᠤ ᠠᠬᠤᠢ᠎ᠶᠢ ᠬᠥᠭᠵᠢᠭᠦᠯᠬᠦ ᠬᠦᠴᠦᠯᠡᠬᠦ ᠴᠡᠭ᠎ᠢ ᠪᠣᠳᠠᠲᠤ ᠴᠣᠭᠴᠠ᠎ᠶᠢᠨ ᠠᠵᠤ ᠠᠬᠤᠢ ᠳᠡᠭᠡᠷ᠎ᠡ ᠲᠠᠯᠪᠢᠬᠤ᠎ᠶᠢ ᠱᠠᠭᠠᠷᠳᠠᠵᠤ ᠪᠠᠢᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠪᠣᠳᠠᠲᠤ ᠴᠣᠭᠴᠠ᠎ᠶᠢᠨ ᠠᠵᠤ ᠠᠬᠤᠢ᠎ᠶᠢᠨ ᠨᠢᠭᠡ ᠲᠣᠮᠣ᠌ ᠤᠯᠤᠰ᠎ᠤᠨ ᠬᠥᠭᠵᠢᠯᠲᠡ᠎ᠳᠦ ᠦᠵᠡᠭᠦᠯᠬᠦ ᠲᠤᠢᠯ᠎ᠤᠨ ᠴᠢᠬᠤᠯᠠ ᠴᠢᠨᠠᠷ᠎ᠢ ᠲᠠᠬᠢᠨ ᠳᠠᠪᠲᠠᠨ ᠴᠢᠬᠤᠯᠠᠴᠢᠯᠠᠭᠰᠠᠭᠠᠷ ᠢᠷᠡᠵᠠᠢ᠃ ᠡᠭᠦᠨ᠎ᠢ ᠥᠩᠭᠡᠷᠡᠭᠰᠡᠨ ᠨᠢᠭᠡ ᠵᠢᠯ᠎ᠦᠨ ᠶᠡᠷᠦᠩᠬᠡᠢ ᠱᠦᠵᠢ᠎ᠶᠢᠨ ᠰᠢᠨᠵᠢᠯᠡᠨ ᠪᠠᠢᠴᠠᠭᠠᠭᠰᠠᠨ ᠤᠯᠠ ᠮᠥᠷ᠎ᠡᠴᠡ ᠲᠣᠳᠣᠷᠬᠠᠢ ᠣᠢᠯᠠᠭᠠᠵᠤ ᠪᠣᠯᠬᠤ ᠶᠤᠮ᠃

2025 ᠣᠨ᠎ᠤ 1 ᠰᠠᠷ᠎ᠠ᠎ᠳᠤ᠂ ᠯᠢᠶᠣᠤᠨᠢᠩ᠎ᠤᠨ ᠪᠸᠨ ᠭᠠᠩ ᠪᠣᠯᠣᠳ ᠬᠠᠪᠲᠠᠰᠤ᠎ᠶᠢᠨ ᠬᠦᠢᠲᠡᠨ᠎ᠢᠶᠡᠷ ᠬᠡᠪᠰᠢᠭᠦᠯᠬᠦ ᠶᠡᠷᠦᠩᠬᠡᠢ ᠦᠢᠯᠡᠳᠪᠦᠷᠢ᠎ᠶᠢᠨ ᠭᠤᠷᠪᠠᠳᠤᠭᠠᠷ ᠬᠦᠢᠲᠡᠨ᠎ᠢᠶᠡᠷ ᠬᠡᠪᠰᠢᠭᠦᠯᠬᠦ ᠦᠢᠯᠡᠳᠪᠦᠷᠢ᠎ᠳᠦ ᠭᠦᠨᠵᠡᠭᠡᠢᠷᠡᠵᠦ᠂ 《ᠦᠢᠯᠡᠳᠬᠦ ᠦᠢᠯᠡᠰ᠎ᠲᠦ ᠳᠡᠭᠡᠳᠦ ᠲᠡᠰ᠎ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠴᠢᠭᠯᠡᠯ᠎ᠢ ᠪᠠᠷᠢᠮᠲᠠᠯᠠᠵᠤ᠂ ᠦᠢᠯᠡᠳᠬᠦᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠭᠤᠯᠤᠭᠳᠡᠴᠡ ᠪᠣᠯᠣᠨ ᠨᠡᠮᠡᠯᠲᠡ ᠦᠷᠳᠡᠭ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ》 ᠭᠡᠵᠦ ᠵᠠᠬᠢᠪᠠ;

2025 ᠣᠨ᠎ᠤ 5 ᠰᠠᠷ᠎ᠠ᠎ᠳᠤ᠂ ᠾᠧᠨᠠᠨ᠎ᠤ ᠯᠦᠸᠸᠶᠠᠩ᠎ᠤᠨ ᠬᠣᠯᠬᠣᠪᠴᠢ᠎ᠶᠢᠨ ᠪᠦᠯᠦᠭᠯᠡᠯ ᠬᠤᠪᠢᠴᠠᠭᠠᠲᠦ ᠬᠢᠵᠠᠭᠠᠷᠲᠤ ᠺᠣᠮᠫᠠᠨᠢ᠎ᠳᠤ ᠬᠦᠷᠴᠦ᠂ 《ᠪᠢᠳᠡ ᠪᠡᠶ᠎ᠡ᠎ᠪᠡᠨ ᠳᠠᠭᠠᠭᠠᠵᠤ ᠪᠤᠲᠠᠳᠤ ᠠᠵᠤ ᠦᠢᠯᠡᠰ᠎ᠢᠶᠡᠨ ᠬᠥᠭᠵᠢᠭᠦᠯᠬᠦ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠥᠪᠡᠷ᠎ᠦᠨ ᠬᠦᠴᠦᠨ᠎ᠳᠡᠭᠡᠨ ᠲᠦᠰᠢᠭᠯᠡᠨ ᠠᠵᠤ ᠦᠢᠯᠡᠳᠪᠦᠷᠢ᠂ ᠦᠢᠯᠡᠳᠬᠦ ᠦᠢᠯᠡᠰ᠎ᠢ ᠬᠥᠭᠵᠢᠭᠦᠯᠪᠡ᠂ ᠡᠨᠡ ᠵᠠᠮ᠎ᠢᠶᠠᠷ ᠵᠠᠮᠨᠠᠭᠰᠠᠨ ᠨᠢ ᠵᠦᠪ ᠪᠤᠯᠵᠠᠢ》 ᠭᠡᠪᠡ;

2025 ᠣᠨ᠎ᠤ 7 ᠰᠠᠷ᠎ᠠ᠎ᠳᠤ᠂ ᠱᠠᠨ ᠰᠢ᠎ᠶᠢᠨ ᠶᠠᠩ ᠴᠢᠦᠸᠠᠨ ᠨᠡᠭᠡᠯᠡᠬᠡᠢ ᠵᠢᠨ ᠬᠤᠪᠢᠴᠠᠭᠠᠲᠦ ᠬᠢᠵᠠᠭᠠᠷᠲᠤ ᠺᠣᠮᠫᠠᠨᠢ᠎ᠳᠤ ᠬᠦᠷᠴᠦ᠂ ᠦᠢᠯᠡᠳᠬᠦᠨ᠎ᠦ ᠦᠢᠯᠡᠳᠪᠦᠷᠢᠯᠡᠯ ᠪᠠ ᠪᠣᠷᠤᠯᠠᠭᠤᠯᠭ᠎ᠠ᠎ᠶᠢᠨ ᠪᠠᠢᠳᠠᠯ᠎ᠢ ᠨᠠᠷᠢᠨ ᠣᠢᠯᠠᠭᠠᠵᠤ᠂ 《ᠪᠣᠳᠠᠲᠤ ᠴᠣᠭᠴᠠ᠎ᠶᠢᠨ ᠠᠵᠤ ᠠᠬᠤᠢ᠎ᠶᠢ ᠤᠷᠬᠢᠵᠤ ᠪᠣᠯᠬᠤ ᠦᠭᠡᠢ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠳᠣᠲᠣᠷᠠᠬᠢ ᠤᠯᠠᠮᠵᠢᠯᠠᠯᠲᠤ ᠠᠵᠤ ᠦᠢᠯᠡᠰ᠎ᠢ ᠤᠷᠬᠢᠵᠤ ᠪᠣᠯᠬᠤ ᠦᠭᠡᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠳᠠᠮᠵᠢᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦᠯᠬᠦ᠎ᠶᠢ ᠪᠡᠶᠡᠯᠡᠭᠦᠯᠬᠦ ᠬᠡᠷᠡᠭᠲᠡᠢ》 ᠭᠡᠵᠦ ᠵᠢᠭᠠᠵᠤ ᠭᠠᠷᠭᠠᠪᠠ;

᠁ ᠁ ᠁

ᠪᠣᠳᠠᠲᠤ ᠴᠣᠭᠴᠠ᠎ᠶᠢᠨ ᠠᠵᠤ ᠠᠬᠤᠢ᠎ᠶᠢ ᠬᠡᠷᠬᠢᠨ ᠬᠥᠭᠵᠢᠭᠦᠯᠬᠦ ᠲᠤᠬᠠᠢ ᠶᠡᠷᠦᠩᠬᠡᠢ ᠱᠦᠵᠢ ᠰᠢ᠎ᠶᠢᠨ ᠫᠢᠩ ᠭᠦᠨᠵᠡᠭᠡᠢ ᠪᠣᠳᠣᠯᠬᠢᠯᠠᠵᠤ᠂ ᠲᠣᠳᠣᠷᠬᠠᠢ ᠵᠢᠭᠠᠨ ᠵᠢᠯᠣᠭᠣᠳᠤᠯᠭ᠎ᠠ ᠦᠭᠪᠡ᠃

ᠳᠠᠪᠠᠭᠤᠯᠢᠭ᠋᠎ᠢᠶᠠᠨ ᠪᠠᠳᠤᠳᠬᠠᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠦᠨ ᠪᠤᠵᠠᠭᠠᠢᠷᠠᠭᠤᠯᠤᠨ᠎ᠠ —

《ᠮᠠᠨ᠎ᠤ ᠤᠯᠤᠰ᠎ᠤᠨ ᠠᠵᠤ ᠠᠬᠤᠢ ᠪᠣᠯ ᠪᠣᠳᠠᠲᠤ ᠴᠣᠭᠴᠠ᠎ᠶᠢᠨ ᠠᠵᠤ ᠠᠬᠤᠢ᠎ᠳᠤ ᠲᠦᠰᠢᠭᠯᠡᠨ ᠪᠠᠶᠠᠵᠢᠭ᠍ᠰᠠᠨ ᠶᠤᠮ᠂ ᠮᠥᠨ ᠴᠦ᠍ ᠪᠣᠳᠠᠲᠤ ᠴᠣᠭᠴᠠ᠎ᠶᠢᠨ ᠠᠵᠤ ᠠᠬᠤᠢ᠎ᠳᠤ ᠲᠦᠰᠢᠭᠯᠡᠨ ᠢᠷᠡᠭᠡᠳᠦᠢ ᠵᠦᠭ ᠤᠷᠤᠭᠰᠢᠯᠠᠬᠤ ᠬᠡᠷᠡᠭᠲᠡᠢ》᠂ 《ᠠᠮᠤ ᠪᠤᠳᠠᠭ᠎ᠠ ᠥᠪᠡᠷ᠎ᠢ᠎ᠪᠡᠨ ᠲᠦᠰᠢᠭᠯᠡᠵᠦ᠂ ᠪᠣᠳᠠᠲᠤ ᠴᠣᠭᠴᠠ᠎ᠶᠢᠨ ᠠᠵᠤ ᠠᠬᠤᠢ ᠥᠪᠡᠷ᠎ᠢ᠎ᠪᠡᠨ ᠲᠦᠰᠢᠭᠯᠡᠵᠦ᠂ ᠦᠢᠯᠡᠳᠬᠦ ᠦᠢᠯᠡᠰ ᠥᠪᠡᠷ᠎ᠢ᠎ᠪᠡᠨ ᠲᠦᠰᠢᠭᠯᠡᠬᠦ ᠬᠡᠷᠡᠭᠲᠡᠢ》᠂ 《ᠳᠤᠮᠳᠠᠳᠤ ᠤᠯᠤᠰ ᠡᠢᠮᠦ ᠲᠤᠮᠤ᠂ ᠪᠢᠳᠡ ᠡᠷᠬᠡᠪᠰᠢ ᠪᠣᠳᠠᠲᠤ ᠴᠣᠭᠴᠠ᠎ᠶᠢᠨ ᠠᠵᠤ ᠠᠬᠤᠢ᠎ᠶᠢ ᠬᠥᠭᠵᠢᠭᠦᠯᠬᠦ ᠬᠡᠷᠡᠭᠲᠡᠢ᠂ ᠨᠢᠭᠡ ᠲᠠᠯ᠎ᠠ ᠨᠢᠭᠡ ᠬᠦᠷᠢᠶ᠎ᠡ᠎ᠶᠢ ᠴᠦ᠍ ᠣᠷᠬᠢᠭ᠍ᠳᠠᠭᠤᠯᠵᠤ ᠪᠣᠯᠬᠤ ᠦᠭᠡᠢ》 ᠁ ᠴᠢᠩ ᠰᠡᠳᠬᠢᠯ᠎ᠦᠨ ᠵᠠᠬᠢᠶ᠎ᠠ ᠨᠢ ᠪᠣᠳᠠᠲᠤ ᠴᠣᠭᠴᠠ᠎ᠶᠢᠨ ᠠᠵᠤ ᠠᠬᠤᠢ᠎ᠶᠢᠨ 《ᠰᠠᠭᠤᠷᠢ ᠴᠢᠯᠠᠭᠤ》 ᠵᠢᠨ ᠬᠤᠪᠢ᠎ᠶᠢᠨ ᠵᠢᠩ᠎ᠢ ᠲᠤᠰᠬᠠᠵᠤ ᠪᠠᠢᠨ᠎ᠠ᠃

ᠳᠣᠲᠣᠷ ᠲᠠᠮᠢᠷ᠎ᠢᠶᠠᠨ ᠰᠠᠢᠲᠤᠷ ᠪᠣᠯᠪᠠᠰᠤᠷᠠᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠶᠠᠰᠤ ᠰᠢᠷᠪᠦᠰᠦ᠎ᠶᠢ ᠴᠢᠭᠢᠷᠠᠭᠵᠢᠭᠤᠯᠤᠨ᠎ᠠ —

ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ ᠵᠢᠨ ᠲᠤᠭᠤᠷᠢᠨ᠎ᠳᠦ᠂ 《ᠳᠡᠭᠡᠳᠦ ᠲᠡᠰ᠎ᠤᠨ ᠦᠢᠯᠡᠳᠬᠦ ᠦᠢᠯᠡᠰ᠂ ᠤᠶᠤᠨᠴᠢ ᠦᠢᠯᠡᠳᠬᠦ ᠦᠢᠯᠡᠰ᠎ᠢ ᠬᠥᠭᠵᠢᠭᠦᠯᠦᠨ᠎ᠡ》 ᠭᠡᠵᠦ ᠳᠤᠷᠠᠳᠪᠠ; ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠢ ᠪᠠᠲᠦ ᠡᠵᠡᠮᠳᠡᠵᠤ᠂ 《ᠡᠷᠬᠡᠪᠰᠢ ᠥᠪᠡᠷ᠎ᠦᠨ ᠬᠦᠴᠦ᠎ᠪᠡᠷ᠎ᠢᠶᠡᠨ ᠳᠡᠭᠵᠢᠷᠡᠨ ᠲᠡᠮᠡᠴᠡᠬᠦ᠎ᠳᠦ ᠲᠦᠰᠢᠭᠯᠡᠵᠦ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠎ᠳᠦ ᠲᠦᠰᠢᠭᠯᠡᠨ ᠲᠡᠮᠡᠴᠡᠨ ᠣᠯᠬᠤ ᠬᠡᠷᠡᠭᠲᠡᠢ》 ᠭᠡᠵᠦ ᠴᠢᠬᠤᠯᠠᠴᠢᠯᠠᠪᠠ; ᠠᠵᠤ ᠠᠬᠤᠢᠯᠠᠯ᠎ᠤᠨ ᠰᠢᠨ᠎ᠡ᠎ᠶᠢ ᠡᠭᠦᠳᠬᠦ᠎ᠶᠢ ᠳᠡᠮᠵᠢᠵᠦ᠂ 《ᠨᠢᠭᠡ ᠪᠦᠯᠦᠭ 〈ᠲᠤᠰᠬᠠᠢ ᠨᠠᠷᠢᠯᠢᠭ᠋ ᠣᠨᠴᠠ ᠰᠢᠨ᠎ᠡ〉 ᠠᠵᠤ ᠠᠬᠤᠢᠯᠠᠯ ᠪᠠ ᠦᠢᠯᠡᠳᠬᠦ ᠦᠢᠯᠡᠰ᠎ᠦᠨ ᠭᠠᠭᠴᠠ ᠵᠦᠢᠯ᠎ᠦᠨ ᠮᠠᠩᠯᠠᠢ ᠠᠵᠤ ᠠᠬᠤᠢᠯᠠᠯ᠎ᠢ ᠲᠦᠷᠭᠡᠳᠬᠡᠨ ᠪᠣᠢᠵᠢᠭᠤᠯᠤᠨ᠎ᠠ》 ᠭᠡᠵᠦ ᠲᠣᠳᠣᠷᠬᠠᠢᠯᠠᠪᠠ ᠁

ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ᠣᠳᠣᠬᠢᠴᠢᠯᠠᠯᠲᠠ ᠵᠢᠨ ᠠᠵᠤ ᠦᠢᠯᠡᠰ᠎ᠦᠨ ᠰᠢᠰᠲ᠋ᠸᠮ᠎ᠢ ᠪᠠᠢᠭᠤᠯᠤᠨ᠎ᠠ —

ᠡᠳᠡᠭᠡᠷ ᠵᠢᠯ᠎ᠦᠳ᠎ᠲᠦ ᠮᠠᠨ᠎ᠤ ᠤᠯᠤᠰ᠎ᠤᠨ ᠠᠵᠤ ᠠᠬᠤᠢ ᠰᠠᠯᠬᠢ ᠳᠠᠪᠠᠯᠭᠠᠨ᠎ᠢ ᠰᠥᠷᠦᠨ ᠤᠷᠤᠭᠰᠢᠯᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠬᠠᠳᠠᠭᠠᠯᠠᠭᠰᠠᠭᠠᠷ ᠢᠷᠡᠪᠡ᠂ ᠪᠠᠢᠯᠳᠤᠬᠤ ᠪᠣᠳᠣᠯᠭ᠎ᠠ᠎ᠶᠢᠨ ᠲᠦᠰᠢᠭ ᠪᠣᠯ ᠳᠠᠷᠤᠢ ᠪᠦᠷᠢᠨ ᠪᠦᠲᠦᠨ ᠠᠵᠤ ᠦᠢᠯᠡᠰ᠎ᠦᠨ ᠰᠢᠰᠲᠧᠮ ᠮᠥᠨ᠃ ᠣᠳᠣᠬᠢᠴᠢᠯᠠᠯᠲᠠ ᠵᠢᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠶᠠᠪᠤᠳᠠᠯ᠎ᠢ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠡᠯ᠎ᠡ ᠵᠦᠢᠯ᠎ᠦᠨ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢᠨ ᠲᠡᠷᠢᠭᠦᠨ᠎ᠳᠦ ᠲᠠᠯᠪᠢᠵᠤ᠂ ᠶᠡᠷᠦᠩᠬᠡᠢ ᠱᠦᠵᠢ ᠰᠢ᠎ᠶᠢᠨ ᠫᠢᠩ 《ᠭᠦᠨ ᠰᠡᠳᠬᠢᠵᠦ ᠨᠠᠷᠢᠯᠢᠭ ᠪᠣᠳᠣᠯᠬᠢᠯᠠᠭᠰᠠᠨ》 ᠭᠡᠳᠡᠭ᠎ᠢ ᠲᠣᠳᠣᠷᠬᠠᠢ ᠵᠢᠭᠠᠵᠤ ᠭᠠᠷᠭᠠᠵᠠᠢ᠃

《ᠡᠷᠬᠡᠪᠰᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠶᠢ ᠨᠡᠩ ᠲᠣᠪᠣᠢᠮ᠎ᠠ ᠪᠠᠢᠯᠳᠤᠬᠤ ᠪᠣᠳᠣᠯᠭ᠎ᠠ᠎ᠶᠢᠨ ᠪᠠᠢᠷᠢᠨ᠎ᠳᠤ ᠲᠠᠯᠪᠢᠬᠤ ᠬᠡᠷᠡᠭᠲᠡᠢ》᠂ 《ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠎ᠶᠢ ᠪᠦᠬᠦ ᠲᠠᠯ᠎ᠠ᠎ᠪᠠᠷ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠢᠳᠡᠪᠬᠢᠲᠡᠢ ᠬᠥᠭᠵᠢᠭᠦᠯᠵᠦ᠂ ᠢᠷᠡᠭᠡᠳᠦᠢ᠎ᠶᠢᠨ ᠠᠵᠤ ᠦᠢᠯᠡᠰ᠎ᠢ ᠤᠷᠢᠳᠴᠢᠯᠠᠨ ᠪᠠᠢᠷᠢᠰᠢᠭᠤᠯᠬᠤ᠎ᠶᠢ ᠵᠡᠷᠭᠡ ᠪᠡᠷ ᠠᠳᠬᠤᠬᠤ᠎ᠶᠢ ᠪᠠᠷᠢᠮᠲᠠᠯᠠᠬᠤ ᠬᠡᠷᠡᠭᠲᠡᠢ》 ᠁ ᠶᠡᠷᠦᠩᠬᠡᠢ ᠱᠦᠵᠢ ᠣᠳᠣᠬᠢᠴᠢᠯᠠᠯᠲᠠ ᠵᠢᠨ ᠠᠵᠤ ᠦᠢᠯᠡᠰ᠎ᠦᠨ ᠰᠢᠰᠲ᠋ᠸᠮ᠎ᠢ ᠪᠠᠶ᠋ᠢᠭᠤᠯᠬᠤ ᠴᠢᠭᠯᠡᠯ᠎ᠢ ᠭᠦᠨᠵᠡᠭᠡᠢ ᠲᠣᠳᠣᠷᠬᠠᠢᠯᠠᠨ ᠥᠭᠦᠯᠡᠪᠡ᠃

ᠡᠨᠡ ᠪᠣᠯ ᠢᠮᠠᠭᠲᠠ᠎ᠶᠢᠨ ᠱᠠᠭᠠᠷᠳᠠᠯᠭ᠎ᠠ ᠮᠥᠨ᠂ ᠪᠠᠰᠠ ᠴᠤ᠌ ᠠᠯᠤᠰ ᠬᠡᠲᠦ᠎ᠶᠢ ᠪᠤᠳᠤᠯᠬᠢᠯᠠᠭᠰᠠᠨ ᠵᠢᠷᠤᠭ ᠲᠦᠰᠦᠪ ᠮᠥᠨ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠬᠤᠭᠤᠴᠠᠭᠠᠨ᠎ᠳᠦ᠂ ᠳᠡᠯᠡᠬᠡᠢ᠎ᠶᠢᠨ ᠤᠷᠪᠠᠭᠠᠨ ᠬᠥᠷᠪᠡᠭᠡᠨ᠎ᠲᠠᠢ ᠪᠠᠢᠳᠠᠯ ᠪᠣᠯᠣᠨ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠦ ᠡᠮᠦᠨ᠎ᠡ᠂ ᠭᠠᠭᠴᠠ ᠬᠦ᠌ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠷᠢᠮᠲᠠᠯᠠᠵᠤ᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠂ ᠪᠣᠳᠠᠲᠤ ᠴᠣᠭᠴᠠ᠎ᠶᠢᠨ ᠠᠵᠤ ᠠᠬᠤᠢ᠎ᠶᠢ ᠲᠠᠰᠤᠷᠠᠯᠳᠠ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠪᠠᠯ ᠰᠠᠶᠢ ᠰᠢᠷᠦᠭᠦᠨ ᠳᠠᠪᠠᠯᠭᠠᠨ᠎ᠤ ᠳᠤᠮᠳᠠ ᠢᠮᠠᠭᠲᠠ ᠢᠯᠠᠭᠳᠠᠰᠢ ᠦᠭᠡᠢ ᠪᠠᠢᠷᠢᠨ᠎ᠳᠤ ᠪᠠᠢᠵᠤ ᠴᠢᠳᠠᠨ᠎ᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号