ᠦᠪᠦᠷ ᠮᠤᠨᠭᠭᠤᠯ ᠬᠡᠮᠵᠢᠯᠲᠡ ᠶ᠋ᠢ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠭᠦᠯᠵᠦ ᠳᠤᠪᠤᠢᠮ᠎ᠠ ᠦᠷ᠎ᠡ ᠪᠦᠲᠦᠮᠵᠢ ᠤᠯᠪᠠ
2026-05-20 09:08:10
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

5 ᠰᠠᠷ᠎ᠠ ᠶ᠋ᠢᠨ 19 ᠤ᠋ ᠡᠳᠦᠷ᠂ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ 《ᠬᠡᠮᠵᠢᠯᠲᠡ ᠵᠢ ᠴᠢᠨᠡᠷ ᠰᠠᠢᠲᠠᠢ ᠬᠦᠭᠵᠢᠯᠲᠡ ᠳ᠋ᠤ ᠦᠢᠯᠡᠴᠢᠯᠡᠭᠦᠯᠬᠦ》 ᠲᠤᠰᠬᠠᠢ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠪᠠ᠃

ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠬᠰᠠᠨ ᠢ᠋ᠶ᠋ᠡᠷ᠂ ᠣᠢᠷ᠎ᠠ ᠶ᠋ᠢᠨ ᠵᠢᠯ ᠡᠴᠡ ᠨᠠᠭᠠᠰᠢ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ 《1571》 ᠠᠵᠢᠯ ᠤ᠋ᠨ ᠪᠠᠢᠷᠢᠯᠠᠭᠤᠯᠤᠯᠲᠠ ᠶ᠋ᠢᠨ ᠲᠣᠭᠣᠷᠢᠨ ᠳ᠋ᠤ᠂ 《ᠬᠡᠮᠵᠢᠯᠲᠡ ᠶ᠋ᠢᠨ ᠬᠥᠭ᠌ᠵᠢᠯᠲᠡ ᠶ᠋ᠢᠨ ᠲᠥᠯᠥᠪᠵᠢᠭᠦᠯᠭᠡ》 ᠵᠢ ᠭᠦᠨᠵᠡᠭᠡᠶ ᠨᠠᠢᠳᠠᠪᠤᠷᠢᠵᠢᠭᠤᠯᠵᠤ᠂ ᠬᠡᠮᠵᠢᠯᠲᠡ ᠵᠢ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠭᠦᠯᠬᠦ ᠵᠢ ᠠᠬᠢᠭᠤᠯᠬᠤ ᠲᠠᠯ᠎ᠠ ᠪᠡᠷ ᠳᠤᠪᠤᠢᠮ᠎ᠠ ᠦᠷ᠎ᠡ ᠪᠦᠲᠦᠮᠵᠢ ᠤᠯᠪᠠ᠃

ᠬᠡᠮᠵᠢᠯᠲᠡ ᠪᠡᠷ ᠶᠠᠰᠤ ᠴᠢᠨᠠᠷ ᠢ᠋ ᠳᠡᠭᠡᠭ᠌ᠰᠢᠯᠡᠭᠦᠯᠪᠡ᠃ ᠤᠯᠤᠰ ᠤ᠋ᠨ ᠴᠠᠭᠠᠨ ᠢᠳᠡᠭᠡᠨ᠂ ᠬᠣᠪᠣᠷ ᠱᠢᠷᠣᠢ ᠶ᠋ᠢᠨ ᠴᠢᠳᠠᠪᠬᠢᠲᠤ ᠮᠠᠲ᠋ᠧᠷᠢᠶᠠᠯ ᠤ᠋ᠨ ᠠᠵᠤ ᠦᠢᠯᠡᠰ ᠤ᠋ᠨ ᠬᠡᠮᠵᠢᠨ ᠰᠢᠯᠭᠠᠬᠤ ᠲᠥᠪ᠂ ᠴᠠᠭᠠᠨ ᠢᠳᠡᠭᠡᠨ ᠤ᠋ ᠬᠦᠷᠢᠶ᠎ᠡ ᠶ᠋ᠢᠨ ᠴᠢᠳᠠᠪᠤᠷᠢᠲᠠᠨ ᠤ᠋ ᠳᠠᠳᠤᠯᠭ᠎ᠠ ᠪᠣᠯᠪᠠᠰᠤᠷᠠᠯ ᠤ᠋ᠨ ᠲᠥᠪ ᠢ᠋ ᠪᠠᠢᠭᠤᠯᠵᠤ᠂ ᠪᠦᠬᠦ᠌ ᠤᠯᠤᠰ ᠤ᠋ᠨ ᠠᠩᠬᠠᠳᠠᠭ᠍ᠴᠢ ᠤᠯᠤᠰ ᠤ᠋ᠨ ᠨᠡᠭᠦᠷᠡᠰᠦᠲᠥ᠋ᠷᠥᠭ᠌ᠴᠢ ᠶ᠋ᠢᠨ ᠬᠡᠮᠵᠢᠯᠲᠡ ᠶ᠋ᠢᠨ ᠲᠥᠪ ᠢ᠋ ᠴᠤᠬᠴᠠᠯᠠᠵᠤ᠂ ᠨᠢᠭᠡ ᠪᠦᠯᠦᠭ ᠤᠯᠤᠰ ᠤ᠋ᠨ ᠲᠡᠰ ᠤ᠋ᠨ ᠬᠡᠮᠵᠢᠯᠲᠡ ᠶ᠋ᠢᠨ ᠮᠡᠷᠭᠡᠵᠢᠯ ᠤ᠋ᠨ ᠲᠠᠪᠴᠠᠩ ᠢ᠋ ᠪᠠᠢᠭᠤᠯᠵᠤ᠂ ᠠᠵᠤ ᠦᠢᠯᠡᠰ ᠤ᠋ᠨ ᠬᠡᠮᠵᠢᠯᠲᠡ ᠶ᠋ᠢᠨ ᠮᠡᠷᠭᠡᠵᠢᠯ ᠤ᠋ᠨ ᠳᠠᠪᠠᠭᠤᠯᠢᠭ ᠢ᠋ ᠪᠦᠷᠢᠯᠳᠦᠭᠦᠯᠪᠡ᠃ ᠬᠥᠬᠡᠬᠣᠲᠠ ᠪᠤᠭᠤᠲᠤ ᠣᠷᠳᠣᠰ ᠤ᠋ᠨ ᠪᠡᠶ᠎ᠡ ᠪᠠᠨ ᠳᠠᠭᠠᠭᠠᠵᠤ ᠱᠢᠨ᠎ᠡ ᠵᠢ ᠡᠭᠦᠳᠬᠦ᠌ ᠲᠣᠭᠣᠷᠢᠭ ᠲᠦ᠍ ᠤᠯᠤᠰ ᠤ᠋ᠨ ᠬᠣᠶᠠᠳᠤᠭᠠᠷ ᠳᠡᠰ ᠤ᠋ᠨ ᠪᠠᠷᠢᠮᠵᠢᠶᠠᠲᠤ ᠪᠣᠳᠠᠰ ᠤ᠋ᠨ ᠲᠠᠰ ᠲᠣᠭ᠍ᠲᠠᠭᠠᠬᠤ ᠬᠢᠨᠠᠨ ᠲᠣᠭ᠍ᠲᠠᠭᠠᠬᠤ ᠬᠢᠨᠠᠨ ᠵᠥᠪᠱᠢᠶᠡᠷᠡᠬᠦ᠌ ᠲᠤᠷᠱᠢᠯᠲᠠ ᠶ᠋ᠢᠨ ᠴᠡᠭ ᠤ᠋ᠨ ᠠᠵᠢᠯ ᠢ᠋ ᠥᠷᠨᠢᠭᠦᠯᠦᠨ᠂ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ ᠵᠢ ᠴᠣᠮᠬᠠᠳᠭᠠᠵᠤ᠂ ᠠᠵᠤ ᠠᠬᠤᠢᠯᠠᠯ ᠤ᠋ᠨ ᠱᠢᠨ᠎ᠡ ᠵᠢ ᠡᠭᠦᠳᠦᠨ ᠬᠥᠭ᠌ᠵᠢᠬᠦ᠌ ᠳ᠋ᠤ ᠬᠦᠴᠦᠨ ᠨᠡᠮᠡᠷᠢᠯᠡᠪᠡ᠃ ᠬᠡᠮᠵᠢᠯᠲᠡ ᠵᠢ ᠠᠵᠤ ᠠᠬᠤᠢᠯᠠᠯ ᠳ᠋ᠤ ᠣᠨᠣᠴᠠᠲᠠᠢ ᠦᠶ᠋ᠯᠡᠴᠢᠯᠡᠭᠦᠯᠬᠦ ᠵᠢ ᠪᠠᠢᠩᠭᠤ ᠥᠷᠨᠢᠭᠦᠯᠦᠨ᠂ ᠪᠥᠬᠥ᠌ ᠣᠷᠣᠨ ᠤ᠋ 5 ᠲᠦᠮᠡ ᠭᠠᠷᠤᠶ ᠠᠵᠤ ᠠᠬᠤᠢᠯᠠᠯ ᠳ᠋ᠤ ᠦᠶ᠋ᠯᠡᠴᠢᠯᠡᠵᠦ᠍᠂ ᠲᠤᠮᠤ ᠳᠤᠮᠳᠠ ᠪᠠᠭ᠎ᠠ ᠠᠵᠤ ᠠᠬᠤᠢᠯᠠᠯ ᠤ᠋ᠨ ᠬᠡᠮᠵᠢᠯᠲᠡ ᠶ᠋ᠢᠨ ᠬᠠᠨᠢᠲᠠᠨ ᠤ᠋ ᠬᠠᠷᠢᠴᠠᠭ᠎ᠠ ᠪᠠᠢᠭᠤᠯᠬᠤ ᠵᠢ ᠠᠬᠢᠭᠤᠯᠵᠤ᠂ ᠠᠵᠤ ᠠᠬᠤᠢᠯᠠᠯ ᠤ᠋ᠨ ᠬᠡᠮᠵᠢᠯᠲᠡ ᠶ᠋ᠢᠨ ᠬᠢᠨᠠᠨ ᠲᠣᠭ᠍ᠲᠠᠭᠠᠬᠤ ᠰᠢᠯᠭᠠᠬᠤ ᠵᠠᠷᠤᠳᠠᠯ ᠢ᠋ ᠨᠡᠢᠲᠡ 3 ᠳ᠋ᠦᠩᠱᠢᠭᠤᠷ ᠲᠥᠭᠥᠷᠢᠭ ᠬᠠᠰᠤᠵᠤ ᠭᠡᠯᠳᠦᠷᠢᠭᠦᠯᠦᠨ᠂ ᠠᠵᠤ ᠠᠬᠤᠢᠯᠠᠯ ᠤ᠋ᠨ ᠥᠪᠡᠷ ᠤ᠋ᠨ ᠥᠷᠲᠡᠭ ᠢ᠋ ᠪᠦᠲᠦᠮᠵᠢᠲᠡᠶ ᠪᠠᠭᠤᠷᠠᠭᠤᠯᠵᠤ᠂ ᠠᠵᠤ ᠦᠶ᠋ᠯᠡᠰ ᠤ᠋ᠨ ᠬᠡᠯᠬᠢᠶ᠎ᠡ ᠶ᠋ᠢᠨ ᠱᠢᠨ᠎ᠡ ᠵᠢ ᠡᠭᠦᠳᠬᠦ᠌ ᠳ᠋ᠤ ᠬᠦᠴᠦᠨ ᠨᠡᠮᠡᠷᠢᠯᠡᠪᠡ᠃

ᠬᠡᠮᠵᠢᠯᠲᠡ ᠪᠡᠷ ᠠᠷᠠᠳ ᠲᠦ᠍ ᠠᠱᠢᠭ ᠬᠦᠷᠲᠡᠭᠡᠪᠡ᠃ ᠲᠣᠰᠣ ᠨᠡᠮᠡᠬᠦ᠌ ᠮᠠᠱᠢᠨ ᠤ᠋ ᠬᠡᠮᠵᠢᠯᠲᠡ ᠳ᠋ᠤ ᠬᠡᠮ ᠬᠢᠬᠦ᠌ ᠵᠢ ᠲᠤᠰᠭᠠᠶ ᠴᠡᠭ᠌ᠴᠡᠯᠡᠨ ᠵᠠᠰᠠᠬᠤ ᠠᠵᠢᠯ ᠢ᠋ ᠲᠠᠰᠤᠷᠠᠯᠲᠠ ᠦᠭᠡᠢ ᠥᠷᠨᠢᠭᠦᠯᠵᠦ᠍᠂ ᠬᠠᠤᠯᠢ ᠡᠴᠡ ᠵᠥᠷᠢᠴᠡᠭ᠌ᠰᠡᠨ ᠡᠲᠡᠭᠡᠳ ᠤ᠋ᠨ ᠢᠯᠡᠳᠭᠡᠮᠵᠢ᠂ ᠨᠢᠭᠤᠴᠠ ᠲᠡᠮᠳᠡᠭ᠌ᠲᠦ ᠴᠠᠬᠢᠮ ᠵᠡᠷᠭᠡ ᠵᠢ ᠠᠯᠤᠰ ᠡᠴᠡ ᠵᠠᠰᠠᠪᠤᠷᠢ ᠤᠷᠤᠭᠤᠯᠬᠤ ᠬᠡᠯᠪᠡᠷᠢ ᠪᠡᠷ ᠬᠡᠮᠵᠢᠯᠲᠡ ᠶ᠋ᠢᠨ ᠲᠣᠭ᠎ᠠ ᠪᠠᠷᠢᠮᠲᠠ ᠵᠢ ᠥᠭᠡᠷᠡᠲᠦᠭᠦᠯᠦᠭ᠌ᠰᠡᠨ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠪᠡ᠃ ᠰᠠᠭᠤᠭᠠᠯᠢ ᠠᠷᠠᠳ ᠤ᠋ᠨ ᠤᠰᠤ ᠴᠠᠬᠢᠯᠭᠠᠨ ᠰᠢᠲᠠᠮᠠᠬᠠᠢ ᠬᠡᠢ ᠶ᠋ᠢᠨ ᠬᠡᠮᠵᠢᠯᠲᠡ ᠶ᠋ᠢᠨ ᠲᠤᠰᠭᠠᠶ ᠴᠡᠭ᠌ᠴᠡᠯᠡᠨ ᠵᠠᠰᠠᠯᠲᠠ ᠵᠢ ᠪᠦᠬᠦ᠌ ᠲᠠᠯ᠎ᠠ ᠪᠡᠷ ᠥᠷᠨᠢᠭᠦᠯᠵᠦ᠍᠂ ᠪᠦᠬᠦ᠌ ᠣᠷᠣᠨ ᠤ᠋ ᠴᠠᠬᠢᠯᠭᠠᠨ ᠡᠨᠧᠷᠭᠢ ᠶ᠋ᠢᠨ ᠬᠡᠮᠵᠢᠭᠦᠷ᠂ ᠤᠰᠤᠨ ᠤ᠋ ᠬᠡᠮᠵᠢᠭᠦᠷ᠂ ᠱᠢᠲᠠᠮᠠᠬᠠᠶ ᠬᠡᠢ ᠶ᠋ᠢᠨ ᠬᠡᠮᠵᠢᠭᠦᠷ ᠤ᠋ᠨ ᠬᠢᠨᠠᠨ ᠲᠣᠭ᠍ᠲᠠᠭᠠᠬᠤ ᠳ᠋ᠤ ᠬᠢᠷᠢ ᠲᠡᠩᠴᠡᠭ᠌ᠰᠡᠨ ᠨᠣᠷᠮ᠎ᠠ ᠲᠤᠰ ᠲᠤᠰ 99.94%᠂ 99.37%᠂ 99.78% ᠳ᠋ᠤ ᠬᠦᠷᠴᠦ᠂ ᠣᠯᠠᠨ ᠲᠦᠮᠡᠨ ᠤ᠋ ᠡᠳᠦᠷ ᠲᠤᠲᠤᠮ ᠤ᠋ᠨ ᠬᠡᠮᠵᠢᠯᠲᠡ ᠶ᠋ᠢᠨ ᠨᠠᠷᠢᠯᠢᠭ ᠣᠨᠣᠪᠴᠢᠲᠠᠶ ᠲᠥᠪ ᠭᠣᠣᠯᠴᠢ ᠪᠠᠢᠬᠤ ᠵᠢ ᠪᠠᠲᠤᠯᠠᠪᠠ᠃ 《ᠲᠠᠸᠠᠷ ᠤ᠋ᠨ ᠭᠦᠨᠳᠦ ᠶ᠋ᠢᠨ ᠬᠡᠮᠵᠢᠶ᠎ᠡ ᠵᠢ ᠳᠤᠲᠠᠭᠤ ᠪᠤᠯᠭᠠᠬᠤ》 ᠵᠢ ᠴᠡᠭᠴᠡᠯᠡᠨ ᠵᠠᠰᠠᠬᠤ ᠠᠵᠢᠯ ᠢ᠋ ᠡᠷᠴᠢᠮᠲᠡᠢ ᠦᠷᠨᠢᠭᠦᠯᠵᠦ᠂ ᠪᠥᠬᠥ᠌ ᠣᠷᠣᠨ ᠤ᠋ 206 ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠪᠣᠯᠤᠨ ᠮᠡᠷᠭᠡᠵᠢᠯ ᠤ᠋ᠨ ᠪᠠᠢᠭᠤᠯᠤᠮᠵᠢ ᠪᠥᠬᠥ᠌ ᠤᠯᠤᠰ ᠤ᠋ᠨ ᠡᠯᠧᠺᠲ᠋ᠷᠣᠨ ᠦᠨ᠎ᠡ ᠪᠤᠳᠤᠬᠤ ᠵᠢᠩᠯᠡᠭᠦᠷ ᠤ᠋ᠨ ᠣᠶᠤᠨᠴᠢ ᠬᠡᠮᠵᠢᠯᠲᠡ ᠶ᠋ᠢᠨ ᠬᠢᠨᠠᠯᠲᠠ ᠬᠠᠮᠢᠶᠠᠷᠤᠯᠲᠠ ᠶ᠋ᠢᠨ ᠲᠠᠪᠴᠠᠩ ᠳ᠋ᠤ ᠵᠠᠯᠭᠠᠨ ᠣᠷᠣᠵᠤ᠂ ᠲᠣᠭᠠᠴᠢᠯᠠᠭ᠍ᠰᠠᠨ ᠠᠷᠭ᠎ᠠ ᠬᠡᠯᠪᠡᠷᠢ ᠪᠡᠷ ᠣᠯᠠᠨ ᠲᠦᠮᠡᠨ ᠤ᠋ 《ᠬᠤᠯᠢᠰᠢᠨ ᠢᠳᠡᠭᠡᠨ》 ᠤ᠋ ᠬᠡᠷᠡᠭᠯᠡᠭᠡᠨ ᠤ᠋ ᠲᠥᠪ ᠭᠤᠤᠯᠴᠢ ᠵᠢ ᠰᠠᠢᠲᠤᠷ ᠰᠠᠬᠢᠨ ᠬᠠᠮᠠᠭᠠᠯᠠᠪᠠ᠃

ᠬᠡᠮᠵᠢᠯᠲᠡ ᠪᠡᠷ ᠱᠢᠨᠵᠢᠯᠡᠬᠦ᠌ ᠤᠬᠠᠭᠠᠨ ᠤ᠋ ᠡᠭᠦᠳᠦᠯᠲᠡ ᠳ᠋ᠤ ᠬᠦᠴᠦᠨ ᠨᠡᠮᠡᠷᠢᠯᠡᠪᠡ᠃ ᠡᠯ᠎ᠡ ᠠᠵᠤ ᠦᠶ᠋ᠯᠡᠰ ᠤ᠋ᠨ ᠬᠡᠮᠵᠢᠯᠲᠡ ᠶ᠋ᠢᠨ ᠲᠥᠪ ᠤ᠋ᠨ ᠬᠢᠨ ᠬᠡᠮᠵᠢᠯᠲᠡ ᠶ᠋ᠢᠨ ᠪᠠᠷᠢᠮᠵᠢᠶᠠᠲᠤ ᠵᠢᠷᠤᠮᠵᠢᠯ ᠢ᠋ ᠨᠡᠢᠲᠡ 225 ᠵᠦᠶ᠋ᠯ ᠲᠣᠭ᠍ᠲᠠᠭᠠᠨ ᠵᠠᠰᠠᠪᠤᠷᠢ ᠣᠷᠣᠭᠤᠯᠵᠤ᠂ 59 ᠵᠦᠶ᠋ᠯ ᠤ᠋ᠨ ᠬᠡᠮᠵᠢᠯᠲᠡ ᠶ᠋ᠢᠨ ᠠᠷᠭ᠎ᠠ ᠬᠡᠯᠪᠡᠷᠢ ᠵᠢ ᠰᠤᠳᠤᠯᠵᠤ᠂ 17 ᠬᠢᠨᠠᠨ ᠰᠢᠯᠭᠠᠬᠤ ᠲᠥᠬᠥᠭᠡᠷᠦᠮᠵᠢ ᠵᠢ ᠰᠤᠳᠤᠯᠤᠨ ᠨᠡᠭᠡᠭᠡᠵᠦ᠍᠂ 1595 ᠵᠦᠶ᠋ᠯ ᠤ᠋ᠨ ᠵᠠᠩᠭᠢᠯᠠᠭ᠎ᠠ ᠶ᠋ᠢᠨ ᠪᠤᠯᠤᠮᠵᠢᠲᠦ ᠲᠤᠭ᠎ᠠ ᠶ᠋ᠢ ᠬᠠᠮᠤᠷᠤᠬᠰᠠᠨ ᠬᠡᠮᠵᠢᠯᠲᠡ ᠶ᠋ᠢᠨ ᠴᠢᠳᠠᠪᠤᠷᠢ ᠵᠢ ᠪᠦᠷᠢᠯᠳᠦᠭᠦᠯᠵᠦ᠂ 160 ᠵᠦᠶ᠋ᠯ ᠤ᠋ᠨ ᠲᠤᠰᠭᠠᠶ ᠠᠱᠢᠭ ᠢ᠋ ᠤᠯᠵᠤ᠂ 121 ᠵᠦᠶ᠋ᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠤᠨᠳᠤᠤᠰᠢᠭᠤᠯᠬᠤ ᠵᠢ ᠪᠡᠶᠡᠯᠡᠭᠦᠯᠵᠦ᠍᠂ ᠠᠵᠤ ᠦᠶ᠋ᠯᠡᠰ ᠤ᠋ᠨ ᠬᠦᠷᠢᠶᠡᠨ ᠳ᠋ᠡᠬᠢ 《ᠬᠡᠮᠵᠢᠵᠦ᠍ ᠳᠡᠢᠯᠬᠦ᠌ ᠥᠬᠡᠶ᠂ ᠤᠨᠤᠪᠴᠢᠲᠠᠢ ᠬᠡᠮᠵᠢᠵᠦ᠍ ᠳᠡᠢᠯᠬᠦ᠌ ᠥᠬᠡᠶ᠂ ᠪᠦᠷᠢᠨ ᠬᠡᠮᠵᠢᠵᠦ᠍ ᠳᠡᠢᠯᠬᠦ ᠦᠭᠡᠢ》 ᠪᠠᠢᠬᠤ ᠮᠡᠷᠭᠡᠵᠢᠯ ᠤ᠋ᠨ ᠪᠣᠭᠣᠮᠢ ᠵᠢ ᠪᠦᠲᠦᠮᠵᠢᠲᠡᠶ ᠱᠢᠶ᠋ᠳᠪᠦᠷᠢᠯᠡᠪᠡ᠃ ᠬᠡᠮᠵᠢᠯᠲᠡ ᠶ᠋ᠢᠨ ᠮᠡᠷᠭᠡᠵᠢᠯ ᠤ᠋ᠨ ᠵᠢᠷᠤᠮᠵᠢᠯ ᠤ᠋ᠨ ᠱᠢᠰᠲ᠋ᠧᠮ ᠢ᠋ ᠲᠡᠭᠦᠯᠳᠡᠷᠵᠢᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ 105 ᠵᠦᠶ᠋ᠯ ᠤ᠋ᠨ ᠬᠡᠮᠵᠢᠯᠲᠡ ᠶ᠋ᠢᠨ ᠮᠡᠷᠭᠡᠵᠢᠯ ᠤ᠋ᠨ ᠵᠢᠷᠤᠮᠵᠢᠯ ᠢ᠋ ᠨᠡᠢᠲᠡᠯᠡᠵᠦ᠍᠂ ᠣᠷᠴᠢᠨ ᠲᠣᠭᠣᠷᠢᠨ ᠤ᠋ ᠬᠢᠨᠠᠨ ᠬᠡᠮᠵᠢᠯᠲᠡ᠂ ᠠᠷᠠᠳ ᠤ᠋ᠨ ᠠᠮᠢᠳᠤᠷᠠᠯ ᠤ᠋ᠨ ᠬᠡᠷᠡᠭ᠌ᠯᠡᠭᠡ᠂ ᠡᠮ ᠡᠮᠨᠡᠯᠭᠡ ᠡᠷᠡᠭᠦᠯ ᠮᠡᠨᠳᠦ ᠵᠡᠷᠭᠡ ᠬᠦᠷᠢᠶᠡᠨ ᠳ᠋ᠡᠬᠢ ᠪᠠᠷᠢᠮᠵᠢᠶ᠎ᠠ ᠶ᠋ᠢᠨ ᠬᠣᠭᠣᠰᠣᠨ ᠢ᠋ ᠨᠥᠬᠥᠪᠥᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号