ᠰᠤᠷᠪᠤᠯᠵᠢᠯᠠᠭ᠍ᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠤᠢᠯᠠᠭᠠᠬᠰᠠᠨ ᠢ᠋ᠶ᠋ᠡᠷ᠂ ᠦᠶ᠋ᠯᠡᠳᠬᠦᠨ ᠤ᠋ ᠣᠯᠠᠨ ᠤᠯᠤᠰ ᠲᠡᠬᠢ ᠥᠷᠢᠰᠥᠯᠳᠦᠬᠦ᠌ ᠬᠦᠴᠦᠨ ᠢ᠋ ᠪᠥᠬᠥ᠌ ᠲᠠᠯ᠎ᠠ ᠪᠡᠷ ᠳᠡᠭᠡᠭ᠌ᠰᠢᠯᠡᠭᠦᠯᠵᠦ᠍᠂ ᠬᠠᠮᠢᠶ᠎ᠠ ᠪᠥᠬᠥᠶ ᠠᠵᠤ ᠦᠶ᠋ᠯᠡᠰ ᠤ᠋ᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠬᠤ ᠶ᠋ᠢᠨ ᠲᠥᠯᠥᠭᠡ᠂ ᠲᠦᠷᠦᠭᠦᠬᠡᠨ ᠥᠪᠥᠷ ᠮᠣᠩᠭᠣᠯ ᠤ᠋ᠨ 5 ᠰᠠᠯᠠᠭ᠎ᠠ ᠮᠥᠴᠢᠷ ᠬᠠᠮᠲᠤᠷᠠᠨ 《 ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠢᠯᠡᠷᠬᠡᠢᠯᠡᠨ ᠭᠡᠷᠡᠴᠢᠯᠡᠬᠦ᠌ ᠭᠠᠷᠴᠠᠭ 》 ᠢ᠋ ᠳᠠᠷᠤᠮᠠᠯᠯᠠᠨ ᠲᠠᠷᠬᠠᠭᠠᠵᠤ᠂ ᠴᠠᠬᠢᠯᠭᠠᠨ ᠢ᠋ᠶ᠋ᠡᠷ ᠵᠠᠳᠠᠯᠤᠬᠰᠠᠨ ᠬᠥᠩᠭᠡᠨᠴᠠᠭᠠᠨ ᠤ᠋ ᠦᠶ᠋ᠯᠡᠳᠬᠦᠨ᠂ ᠨᠡᠬᠡᠮᠡᠯ ᠤ᠋ᠨ ᠦᠶ᠋ᠯᠡᠳᠬᠦᠨ(ᠢᠮᠠᠭᠠᠨ ᠨᠣᠤᠯᠤᠭᠤᠷ ᠤ᠋ᠨ ᠦᠶ᠋ᠯᠡᠳᠬᠦᠨ) ᠂ ᠪᠣᠯᠣᠳ ᠲᠡᠮᠦᠷ ᠤ᠋ᠨ ᠦᠶ᠋ᠯᠡᠳᠬᠦᠨ᠂ ᠲᠡᠮᠦᠷ ᠤ᠋ᠨ ᠬᠠᠢᠯᠤᠰᠢ᠂ ᠪᠠᠯ ᠴᠢᠯᠠᠭᠤᠨ ᠪᠦᠲᠦᠭᠡᠭ᠌ᠳᠡᠬᠦᠨ᠂ ᠴᠠᠭᠠᠨ ᠢᠳᠡᠭᠡᠨ᠂ ᠬᠢᠮᠢ ᠶ᠋ᠢᠨ ᠲᠦᠭᠦᠬᠡᠶ ᠮᠠᠲ᠋ᠧᠷᠢᠶᠠᠯ ᠵᠢᠴᠢ ᠬᠢᠮᠢ ᠶ᠋ᠢᠨ ᠦᠶ᠋ᠯᠡᠳᠬᠦᠨ᠂ ᠬᠡᠷᠡᠯᠴᠢ ᠴᠡᠨᠡᠭ ᠤ᠋ᠨ ᠦᠶ᠋ᠯᠡᠳᠬᠦᠨ ᠵᠡᠷᠭᠡ ᠨᠠᠶ᠋ᠮᠠᠨ ᠶᠡᠬᠡ ᠲᠥᠷᠥᠯ ᠤ᠋ᠨ ᠦᠶ᠋ᠯᠡᠳᠬᠦᠨ ᠢ᠋ ᠬᠠᠮᠤᠷᠪᠠ᠃
ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠨᠢ ᠦᠶ᠋ᠯᠡᠳᠬᠦᠨ ᠤ᠋ ᠲᠦᠭᠦᠬᠡᠶ ᠮᠠᠲ᠋ᠧᠷᠢᠶᠠᠯ ᠮᠠᠯᠲᠠᠬᠤ᠂ ᠰᠡᠯᠪᠢᠭ ᠲᠣᠨᠣᠭ ᠦᠶ᠋ᠯᠡᠳᠬᠦ᠌ ᠡᠴᠡ ᠦᠶ᠋ᠯᠡᠳᠬᠦᠨ ᠲᠡᠭᠡᠭᠡᠪᠦᠷᠢᠯᠡᠬᠦ᠌᠂ ᠪᠣᠷᠣᠯᠠᠭᠤᠯᠬᠤ ᠬᠦᠷᠲᠡᠯ᠎ᠡ᠂ ᠳᠠᠬᠢᠭᠠᠳ ᠬᠡᠷᠡᠭ᠌ᠯᠡᠬᠦ᠌ ᠪᠠ ᠬᠠᠶᠠᠭ᠍ᠳᠠᠮᠠᠯ ᠢ᠋ ᠱᠢᠶ᠋ᠳᠪᠦᠷᠢᠯᠡᠬᠦ᠌ ᠪᠦᠬᠦ ᠶᠠᠪᠤᠴᠠ ᠳ᠋ᠡᠬᠢ ᠡᠭᠦᠰᠦᠭ᠌ᠰᠡᠨ ᠬᠦᠯᠡᠮᠵᠢ ᠶ᠋ᠢᠨ ᠬᠡᠶ ᠪᠡᠶᠡᠲᠦ᠍ ᠶ᠋ᠢᠨ ᠭᠠᠳᠠᠭ᠍ᠰᠢᠯᠠᠭᠤᠯᠤᠯᠲᠠ ᠶ᠋ᠢᠨ ᠪᠠᠢᠳᠠᠯ ᠢ᠋ ᠨᠠᠷᠢᠨ ᠲᠣᠳᠣᠷᠬᠠᠶ ᠲᠡᠮᠳᠡᠭ᠌ᠯᠡᠬᠦ ᠪᠤᠯᠤᠨ᠎ᠠ᠃ ᠨᠡᠭᠦᠷᠡᠰᠦᠲᠥ᠋ᠷᠥᠭ᠌ᠴᠢ ᠶ᠋ᠢᠨ ᠢᠯᠡᠷᠬᠡᠢᠯᠡᠯ ᠨᠢ ᠪᠦᠲᠦᠭᠡᠭ᠌ᠳᠡᠬᠦᠨ ᠤ᠋ ᠪᠥᠬᠥ᠌ ᠶᠠᠪᠤᠴᠠ ᠳ᠋ᠡᠬᠢ ᠪᠣᠶ ᠪᠣᠯᠤᠭ᠍ᠰᠠᠨ ᠬᠦᠯᠡᠮᠵᠢ ᠶ᠋ᠢᠨ ᠬᠡᠶ ᠪᠡᠶᠡᠲᠦ᠍ ᠶ᠋ᠢᠨ ᠭᠠᠳᠠᠭ᠍ᠰᠢᠯᠠᠭᠤᠯᠤᠯᠲᠠ ᠶ᠋ᠢᠨ ᠬᠡᠮᠵᠢᠶ᠎ᠡ ᠵᠢ ᠲᠣᠭᠠᠴᠠᠭ᠎ᠠ ᠬᠢᠬᠦ᠌ ᠪᠠ ᠬᠡᠮᠵᠢᠶᠡᠵᠢᠭᠦᠯᠬᠦ᠌ ᠶ᠋ᠢᠨ ᠬᠠᠮᠲᠤ ᠦᠷ᠎ᠡ ᠳ᠋ᠦᠩ ᠢ᠋ ᠢᠯᠡᠷᠬᠡᠢᠯᠡᠯ ᠲᠡᠮᠲᠡᠭ ᠤ᠋ᠨ ᠬᠡᠯᠪᠡᠷᠢ ᠪᠡᠷ ᠲᠣᠳᠣᠷᠬᠠᠶ ᠢᠯᠡᠷᠡᠭᠦᠯᠵᠦ᠂ ᠡᠭᠦᠨ ᠢ᠋ᠶ᠋ᠡᠷ ᠳᠠᠮᠵᠢᠭᠤᠯᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠡᠷᠡᠭ᠌ᠯᠡᠭᠡ ᠵᠢ ᠬᠥᠲᠥᠯᠥᠨ ᠵᠢᠯᠣᠭᠣᠳᠴᠤ᠌᠂ ᠦᠶ᠋ᠯᠡᠳᠪᠦᠷᠢᠯᠡᠬᠦ᠌ ᠠᠵᠤ ᠠᠬᠤᠢᠯᠠᠯ ᠤ᠋ᠨ ᠭᠠᠳᠠᠭ᠍ᠰᠢᠯᠠᠭᠤᠯᠤᠯᠲᠠ ᠵᠢ ᠪᠠᠭᠠᠰᠭᠠᠬᠤ ᠵᠢ ᠠᠬᠢᠭᠤᠯᠤᠨ ᠂ ᠠᠵᠤ ᠠᠬᠤᠶ ᠨᠡᠢᠭᠡᠮ ᠤ᠋ᠨ ᠪᠤᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠶ᠋ᠢᠨ ᠬᠤᠪᠢᠷᠠᠯᠲᠠ ᠵᠢ ᠠᠬᠢᠭᠤᠯᠤᠨ᠎ᠠ᠃
ᠥᠪᠥᠷ ᠮᠣᠩᠭᠣᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠣᠨᠴᠠᠯᠢᠭ ᠲᠦ᠍ ᠨᠡᠢᠴᠡᠭ᠌ᠰᠡᠨ ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠢᠯᠡᠷᠬᠡᠢᠯᠡᠨ ᠭᠡᠷᠡᠴᠢᠯᠡᠬᠦ᠌ ᠲᠦᠷᠢᠮ ᠢ᠋ ᠪᠠᠢᠭᠤᠯᠬᠤ ᠵᠢ ᠠᠬᠢᠭᠤᠯᠬᠤ ᠶ᠋ᠢᠨ ᠲᠦᠯᠦᠭᠡ 2025 ᠣᠨ ᠤ᠋ 7 ᠰᠠᠷ᠎ᠠ ᠶ᠋ᠢᠨ 4 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ ᠪᠠᠰᠠ 《ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠢᠯᠡᠷᠬᠡᠢᠯᠡᠨ ᠭᠡᠷᠡᠴᠢᠯᠡᠬᠦ᠌ ᠠᠵᠢᠯ ᠢ᠋ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠳᠠᠷᠤᠮᠠᠯᠯᠠᠨ ᠲᠠᠷᠬᠠᠭᠠᠪᠠ᠃ ᠲᠠᠷᠠᠭᠠᠴᠢ ᠪᠡᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠵᠠᠰᠠᠭ ᠤ᠋ᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠷᠴᠠᠭ ᠲᠡᠬᠢ ᠦᠶ᠋ᠯᠡᠳᠬᠦᠨ ᠦᠶ᠋ᠯᠡᠳᠪᠦᠷᠢᠯᠡᠬᠦ᠌ ᠠᠵᠤ ᠠᠬᠤᠢᠯᠠᠯ ᠤ᠋ᠨ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠲᠦ᠍ ᠲᠣᠭᠠᠴᠠᠭ᠎ᠠ ᠬᠢᠵᠦ᠍ ᠭᠡᠷᠡᠴᠢᠯᠡᠭᠡ ᠬᠢᠬᠦ᠌ ᠵᠢ ᠳᠡᠮᠵᠢᠵᠦ᠍᠂ ᠠᠵᠤ ᠠᠬᠤᠢᠯᠠᠯ ᠢ᠋ ᠬᠠᠪᠰᠤᠷᠤᠨ《ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠪᠠᠢᠳᠠᠯ》 ᠢ᠋ ᠲᠣᠳᠣᠷᠬᠠᠶ ᠣᠢᠯᠠᠭᠠᠵᠤ᠂ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ ᠵᠢ ᠪᠠᠭᠠᠰᠭᠠᠬᠤ ᠬᠠᠮᠤᠭ ᠤ᠋ᠨ ᠰᠠᠢᠨ ᠠᠷᠭ᠎ᠠ ᠵᠠᠮ ᠢ᠋ ᠡᠷᠢᠵᠦ᠍ ᠣᠯᠬᠤ ᠪᠤᠯᠤᠨ᠎ᠠ᠃ ᠡᠭᠦᠨ ᠤ᠋ ᠬᠠᠮᠲᠤ ᠠᠵᠤ ᠠᠬᠤᠢᠯᠠᠯ ᠢ᠋ ᠵᠣᠷᠢᠭ᠍ᠵᠢᠭᠤᠯᠵᠤ ᠪᠠᠢᠭᠠᠳ ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠢᠯᠡᠷᠬᠡᠢᠯᠡᠨ ᠭᠡᠷᠡᠴᠢᠯᠡᠬᠦ᠌ ᠵᠢ ᠢᠳᠡᠪᠬᠢᠲᠡᠶ ᠮᠡᠳᠡᠭᠦᠯᠬᠦ᠌ ᠶ᠋ᠢᠨ ᠬᠠᠮᠲᠤ᠂ ᠭᠡᠷᠡᠴᠢ ᠣᠯᠤᠭ᠍ᠰᠠᠨ ᠦᠶ᠋ᠯᠡᠳᠬᠦᠨ ᠤ᠋ ᠬᠠᠮᠢᠶ᠎ᠠ ᠪᠥᠬᠥᠶ ᠪᠣᠭᠣᠳᠠᠯ ᠪᠠᠭ᠍ᠯᠠᠭᠠ᠂ ᠲᠣᠳᠣᠷᠬᠠᠢᠯᠠᠯᠲᠠ ᠶ᠋ᠢᠨ ᠪᠢᠴᠢᠭ᠂ ᠵᠠᠷ ᠮᠡᠳᠡᠭᠡ ᠶ᠋ᠢᠨ ᠤᠬᠠᠭᠤᠯᠭ᠎ᠠ ᠵᠢᠴᠢ ᠬᠣᠯᠪᠣᠭ᠍ᠳᠠᠯ ᠪᠥᠬᠥᠶ ᠮᠠᠲ᠋ᠧᠷᠢᠶᠠᠯ ᠳ᠋ᠤ ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠢᠯᠡᠷᠬᠡᠢᠯᠡᠨ ᠭᠡᠷᠡᠴᠢᠯᠡᠭᠰᠡᠨ ᠮᠡᠳᠡᠭᠡ ᠵᠠᠩᠭᠢ ᠵᠢ ᠢᠯᠡ ᠪᠣᠯᠭᠠᠵᠤ ᠂ ᠠᠵᠤ ᠠᠬᠤᠢᠯᠠᠯ ᠤ᠋ᠨ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠤᠨ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠬᠤ ᠪᠤᠯᠤᠨ᠎ᠠ᠃