ᠦᠪᠦᠷ ᠮᠤᠡᠭᠭᠤᠯ ᠡᠳᠦᠷ ᠤ᠋ᠨ 500 ᠲᠦᠮᠡ ᠭᠠᠷᠤᠢ ᠮᠦ᠍ ᠶ᠋ᠢᠨ ᠬᠤᠷᠳᠤᠴᠠ ᠪᠡᠷ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠢ᠋ ᠠᠬᠢᠭᠤᠯᠵᠤ ᠪᠠᠢᠨ᠎ᠠ
2026-05-20 10:00:47
ᠵᠣᠬᠢᠶᠠᠭ᠍ᠴᠢ᠄
​ ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠤᠳᠤᠬᠠᠨ ᠳ᠋ᠦ ᠮᠠᠨ ᠤ᠋ ᠤᠷᠤᠨ ᠡᠳᠦᠷ ᠤ᠋ᠨ 500 ᠲᠦᠮᠡ ᠭᠠᠷᠤᠢ ᠮᠦ᠍ ᠶ᠋ᠢᠨ ᠬᠤᠷᠳᠤᠴᠠ ᠪᠡᠷ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠢ᠋ ᠠᠬᠢᠭᠤᠯᠵᠤ᠂ ᠪᠦᠬᠦ ᠤᠷᠤᠨ ᠤ᠋ ᠠᠮᠤ ᠪᠤᠳᠠᠭᠠᠨ ᠤ᠋ ᠲᠠᠷᠢᠮᠠᠯ ᠤ᠋ᠨ ᠲᠠᠯᠠᠪᠠᠢ ᠨᠢᠭᠡᠨᠲᠡ 7100 ᠲᠦᠮᠡᠨ ᠮᠦ᠍ ᠵᠢ ᠳᠠᠪᠠᠨ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠵᠠᠭᠤᠨ ᠤ᠋ ᠬᠠᠷᠢᠴᠠᠯ ᠶ᠋ᠢᠡᠷ 2.9 ᠬᠤᠪᠢ ᠲᠦᠷᠭᠡᠳᠴᠦ᠂ ᠶᠡᠷᠦᠡᠭᠬᠡᠢ ᠲᠠᠷᠢᠮᠠᠯ ᠤ᠋ᠨ ᠲᠠᠯᠠᠪᠠᠢ ᠶ᠋ᠢᠨ 50% ᠡᠴᠡ ᠳᠡᠭᠡᠭᠰᠢᠬᠢ ᠵᠢ ᠡᠵᠡᠯᠡᠪᠡ᠃

ᠪᠥᠬᠥ᠌ ᠵᠢᠯ ᠤ᠋ᠨ ᠠᠮᠤ ᠪᠤᠳᠠᠭᠠᠨ ᠤ᠋ ᠤᠨᠠᠯᠲᠠ ᠵᠢ ᠲᠣᠭ᠍ᠲᠠᠪᠤᠷᠢᠵᠢᠭᠤᠯᠤᠨ ᠡᠯᠪᠡᠭ ᠬᠤᠷᠢᠶᠠᠯᠲᠠ ᠤᠯᠬᠤ ᠰᠠᠭᠤᠷᠢ ᠵᠢ ᠪᠡᠬᠢᠵᠢᠭᠦᠯᠬᠦ᠌ ᠶ᠋ᠢᠨ ᠲᠥᠯᠥᠭᠡ᠂ ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ 《ᠲᠠᠯᠠᠪᠠᠶ ᠵᠢ ᠲᠣᠭ᠍ᠲᠠᠪᠤᠷᠢᠵᠢᠭᠤᠯᠬᠤ᠂ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ᠂ ᠪᠦᠲᠦᠴᠡ ᠵᠢ ᠱᠢᠯᠢᠳᠡᠭ᠌ᠵᠢᠭᠦᠯᠬᠦ᠌᠂ ᠭᠠᠮᠱᠢᠭ ᠡᠴᠡ ᠰᠡᠷᠭᠡᠢᠯᠡᠵᠤ ᠬᠤᠬᠢᠷᠠᠯ ᠢ᠋ ᠪᠠᠭᠠᠰᠬᠠᠬᠤ》 ᠭᠤᠤᠯ ᠬᠠᠷᠠᠯᠲᠠ ᠶ᠋ᠢᠨ ᠲᠣᠭᠣᠷᠢᠨ ᠳ᠋ᠤ ᠠᠮᠤ ᠲᠣᠰᠣᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠪᠠᠷ ᠭᠠᠷᠳᠠᠴᠠ ᠪᠤᠯᠭᠠᠵᠤ᠂ ᠤᠯᠠᠨ ᠠᠷᠭ᠎ᠠ ᠵᠢ ᠵᠡᠷᠭᠡ ᠪᠡᠷ ᠬᠡᠷᠡᠭᠵᠢᠭᠦᠯᠦᠨ ᠬᠠᠪᠤᠷ ᠤ᠋ᠨ ᠲᠠᠷᠢᠶᠠᠯᠠᠭ᠎ᠠ ᠶ᠋ᠢᠨ ᠡᠯ᠎ᠡ ᠵᠦᠢᠯ ᠤ᠋ᠨ ᠠᠵᠢᠯ ᠢ᠋ ᠡᠷᠴᠢᠮᠲᠡᠢ ᠠᠬᠢᠭᠤᠯᠵᠤ ᠪᠤᠳᠠᠲᠠᠢ ᠳ᠋ᠦ ᠨᠠᠢᠳᠠᠪᠤᠷᠢᠵᠢᠭᠤᠯᠪᠠ᠃ ᠤᠳᠤ ᠪᠥᠬᠥ᠌ ᠣᠷᠣᠨ ᠤ᠋ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠪᠦᠬᠦᠯᠢ ᠴᠤᠭᠴᠠ ᠪᠡᠷ ᠶ᠋ᠢᠡᠨ ᠲᠠᠷᠢᠬᠤ ᠬᠤᠷᠳᠤᠴᠠ ᠲᠦᠷᠭᠡᠨ᠂ ᠴᠢᠬᠢ ᠪᠠᠷᠢᠬᠤ ᠨᠤᠷᠮ᠎ᠠ ᠰᠠᠢᠨ ᠪᠠᠢᠳᠠᠯ ᠢᠯᠡᠷᠡᠵᠦ᠂ ᠨᠢᠭᠡᠳᠦᠭᠡᠷ ᠪᠠ ᠬᠤᠶᠠᠳᠤᠭᠠᠷ ᠲᠦᠷᠦᠯ ᠤ᠋ᠨ ᠴᠢᠬᠢ ᠪᠠᠷᠢᠭᠰᠠᠨ ᠨᠤᠷᠮ᠎ᠠ 90% ᠵᠢ ᠡᠵᠡᠯᠡᠵᠦ ᠪᠠᠢᠨ᠎ᠠ᠃

ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠥᠪᠡᠷᠲᠡᠭᠡᠨ ᠵᠠᠰᠠᠬᠤ ᠣᠷᠣᠨ ᠤ᠋ ᠲᠤᠰᠭᠠᠶ ᠮᠡᠷᠭᠡᠵᠢᠯᠲᠡᠳ ᠤ᠋ᠨ ᠳᠠᠭᠠᠭᠠᠴᠢᠯᠠᠨ ᠬᠣᠯᠪᠣᠭᠠᠯᠠᠬᠤ ᠲᠦᠷᠢᠮ ᠢ᠋ ᠬᠡᠷᠡᠭ᠌ᠵᠢᠭᠦᠯᠤᠨ᠂ 5 ᠪᠠᠢᠴᠠᠭᠠᠨ ᠰᠤᠳᠤᠯᠵᠤ ᠵᠢᠭᠠᠨ ᠵᠢᠯᠣᠭᠣᠳᠭᠤ ᠳᠤᠭᠤᠢᠯᠠᠩ ᠢ᠋ ᠵᠤᠬᠢᠶᠠᠨ ᠪᠠᠢᠭᠤᠯᠵᠤ᠂ 10 ᠭᠤᠤᠯᠳᠠᠯᠭ᠎ᠠ ᠲᠠᠶ ᠠᠢᠮᠠᠭ ᠬᠣᠲᠠ ᠳ᠋ᠤ ᠭᠦᠨᠵᠡᠭᠡᠢᠷᠡᠭᠦᠯᠦᠨ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠢ᠋ ᠵᠢᠯᠣᠭᠣᠳᠭᠤ ᠪᠠ ᠭᠠᠮᠱᠢᠭ ᠡᠴᠡ ᠰᠡᠷᠭᠡᠢᠯᠡᠵᠦ᠍ ᠬᠤᠬᠢᠷᠠᠯ ᠢ᠋ ᠪᠠᠭᠠᠰᠭᠠᠬᠤ ᠮᠡᠷᠭᠡᠵᠢᠯ ᠤ᠋ᠨ ᠦᠶ᠋ᠯᠡᠴᠢᠯᠡᠭᠡ ᠥᠷᠨᠢᠭᠦᠯᠪᠡ᠃ ᠡᠭᠦᠨ ᠤ᠋ ᠬᠠᠮᠲᠤ ᠪᠠᠰᠠ ᠲᠠᠷᠢᠮᠠᠯ ᠤ᠋ᠨ ᠶᠡᠷᠦᠡᠭᠬᠡᠢ ᠲᠠᠯᠠᠪᠠᠢ ᠵᠢ ᠦᠷᠭᠡᠳᠭᠡᠬᠦ ᠵᠢ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠭᠤᠤᠯ ᠠᠷᠭ᠎ᠠ ᠬᠡᠮᠵᠢᠶ᠎ᠡ ᠪᠤᠯᠭᠠᠨ᠂ ᠪᠦᠬᠦᠯᠢ ᠪᠠᠢᠭᠤᠯᠤᠮᠵᠢ ᠶ᠋ᠢᠨ ᠳᠦᠷᠢᠮ ᠵᠢᠡᠷ ᠠᠬᠢᠭᠤᠯᠬᠤ ᠰᠢᠶᠠᠨ ᠢ᠋ ᠪᠦᠬᠦᠨ ᠢ᠋ ᠨᠡᠢᠭᠡᠮᠴᠢᠯᠡᠭᠰᠡᠨ ᠦᠢᠯᠡᠴᠢᠯᠡᠭᠡᠨ ᠤ᠋ ᠬᠦᠷᠢᠶ᠎ᠡ ᠬᠡᠪᠴᠢᠶᠡᠨ ᠳ᠋ᠦ ᠤᠷᠤᠭᠤᠯᠵᠤ᠂ ᠨᠡᠢᠭᠡᠮᠴᠢᠯᠡᠭᠰᠡᠨ ᠦᠢᠯᠡᠴᠢᠯᠡᠭᠡᠨ ᠤ᠋ ᠬᠦᠷᠢᠶ᠎ᠡ ᠬᠡᠪᠴᠢᠶ᠎ᠡ ᠵᠢ 4300 ᠲᠦᠮᠡᠨ ᠮᠦ᠍ ᠡᠴᠡ ᠳᠡᠭᠡᠭᠰᠢ ᠳ᠋ᠦ ᠬᠦᠷᠭᠡᠬᠦ ᠪᠡᠷ ᠴᠢᠷᠮᠠᠢᠵᠤ ᠪᠠᠢᠨ᠎ᠠ᠃

ᠮᠠᠨ ᠤ᠋ ᠤᠷᠤᠨ ᠬᠠᠪᠤᠷ ᠤ᠋ᠨ ᠲᠠᠷᠢᠶᠠᠯᠠᠭ᠎ᠠ ᠶ᠋ᠢᠨ ᠦᠶ᠋ᠯᠡᠳᠪᠦᠷᠢᠯᠡᠯ ᠢ᠋ ᠦᠷᠭᠦᠯᠵᠢᠯᠡᠨ ᠰᠠᠢᠲᠤᠷ ᠠᠳᠭᠤᠵᠤ ᠂ ᠲᠠᠷᠢᠶᠠᠨ ᠭᠠᠵᠠᠷ ᠤ᠋ᠨ ᠬᠠᠮᠢᠶᠠᠷᠤᠯᠲᠠ ᠵᠢ ᠴᠢᠩᠭᠠᠳᠭᠠᠨ᠂ ᠲᠤᠰᠭᠠᠶ ᠮᠡᠷᠭᠡᠵᠢᠯᠲᠡᠨ ᠢ᠋ ᠵᠣᠬᠢᠶᠠᠨ ᠪᠠᠢᠭᠤᠯᠵᠤ ᠲᠥᠷᠥᠯ ᠬᠤᠪᠢᠶᠠᠨ ᠵᠢᠯᠣᠭᠣᠳᠴᠤ᠌᠂ ᠭᠠᠷᠤᠯᠲᠠ ᠵᠢ ᠲᠣᠭ᠍ᠲᠠᠪᠤᠷᠢᠵᠢᠭᠤᠯᠤᠨ ᠤᠨᠠᠯᠲᠠ ᠵᠢ ᠨᠡᠮᠡᠭ᠌ᠳᠡᠭᠦᠯᠬᠦ᠌ ᠠᠷᠭ᠎ᠠ ᠬᠡᠮᠵᠢᠶ᠎ᠡ ᠵᠢ ᠴᠢᠩᠭᠠᠳᠭᠠᠨ᠂ ᠬᠦᠴᠦ ᠪᠠᠨ ᠲᠥᠪᠯᠡᠷᠡᠭᠦᠯᠦᠨ ᠴᠠᠭ ᠲᠤᠨᠢ ᠳᠣᠭᠢᠷᠠᠭᠤᠯᠤᠨ ᠴᠢᠭᠢᠭ ᠢ᠋ ᠵᠠᠪᠳᠤᠨ ᠲᠠᠷᠢᠬᠤ ᠵᠢ ᠠᠬᠢᠭᠤᠯᠵᠤ᠂ ᠲᠠᠷᠢᠶᠠᠯᠠᠬᠤ ᠴᠠᠭ ᠢ᠋ ᠰᠠᠭᠠᠲᠠᠭᠠᠬᠤ ᠥᠬᠡᠶ᠂ ᠳᠠᠷᠢᠬᠤ ᠶᠣᠰᠣᠲᠠᠶ ᠵᠢ ᠨᠢ ᠪᠦᠬᠦᠨ ᠢ᠋ ᠳᠠᠷᠢᠬᠤ ᠵᠢ ᠦᠨᠡᠨ ᠬᠦ᠌ ᠪᠠᠲᠤᠯᠠᠬᠤ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号