ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠦᠷᠢᠶᠡᠨ᠎ᠳᠡᠬᠢ ᠵᠠᠰᠠᠭ ᠵᠠᠬᠢᠷᠭᠠᠨ ᠤ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠶ᠋ᠢ ᠪᠥᠬᠥ᠌ ᠲᠠᠯ᠎ᠠ᠎ᠪᠠᠷ ᠲᠦᠷᠢᠮᠵᠢᠬᠦᠯᠬᠦ᠎ᠶ᠋ᠢᠨ ᠲᠥᠯᠥᠭᠡ᠂ ᠤᠢᠷ᠎ᠠ᠎ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠦᠷᠢᠶᠡᠨ᠎ᠳᠡᠬᠢ ᠵᠠᠰᠠᠭ ᠵᠠᠬᠢᠷᠭᠠᠨ ᠤ ᠬᠠᠤᠯᠢ ᠬᠡᠷᠡᠭ᠌ᠵᠢᠭᠦᠯᠬᠦ᠌ ᠭᠠᠷ ᠠᠪᠤᠯᠭ᠎ᠠ 》 (ᠳᠣᠷᠣᠭ᠍ᠰᠢ 《ᠭᠠᠷ ᠠᠪᠤᠯᠭ᠎ᠠ》 ᠭᠡᠵᠦ᠍ ᠲᠣᠪᠴᠢᠯᠠᠨ᠎ᠠ) ᠵᠢ ᠨᠠᠢᠷᠠᠭᠤᠯᠤᠨ ᠵᠣᠬᠢᠶᠠᠵᠠᠢ᠃ 《ᠭᠠᠷ ᠠᠪᠤᠯᠭ᠎ᠠ》 ᠨᠢ ᠪᠥᠬᠥ᠌ ᠣᠷᠣᠨ ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠱᠢᠰᠲ᠋ᠧᠮ᠎ᠦᠨ ᠬᠠᠤᠯᠢ ᠬᠡᠷᠡᠭ᠌ᠵᠢᠭᠦᠯᠬᠦ᠌ ᠠᠵᠢᠯ ᠳᠤ ᠪᠠᠷᠢᠮᠵᠢᠶᠠᠵᠢᠭᠤᠯᠤᠭ᠍ᠰᠠᠨ ᠪᠠ ᠲᠦᠷᠢᠮᠵᠢᠭᠦᠯᠦᠭᠰᠡᠨ ᠪᠣᠳᠠᠲᠠᠶ ᠵᠢᠯᠣᠭᠣᠳᠣᠯᠭ᠎ᠠ ᠬᠠᠩᠭᠠᠭ᠍ᠰᠠᠨ ᠪᠥᠭᠡᠳ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯ ᠤᠨ ᠶᠠᠰᠤ ᠴᠢᠨᠠᠷ ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠦᠨᠡᠨ ᠬᠦ᠌ ᠠᠬᠢᠭᠤᠯᠵᠠᠢ᠃
《ᠭᠠᠷ ᠠᠪᠤᠯᠭ᠎ᠠ》 ᠨᠢ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠦᠷᠢᠶᠡᠨ᠎ᠳᠡᠬᠢ ᠬᠠᠤᠯᠢ ᠬᠡᠷᠡᠭ᠌ᠵᠢᠭᠦᠯᠬᠦ᠌ ᠪᠣᠳᠠᠲᠤ ᠪᠠᠢᠳᠠᠯ᠎ᠳᠤ ᠰᠠᠭᠤᠷᠢᠯᠠᠨ᠂ ᠴᠢᠩᠭ᠎ᠠ ᠲᠦᠷᠢᠮᠵᠢᠬᠦᠨ ᠲᠥᠪ ᠭᠤᠤᠯᠴᠢ ᠪᠣᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠠᠭᠤᠯᠭ᠎ᠠ ᠨᠢ ᠪᠥᠬᠥ᠌ ᠲᠠᠯ᠎ᠠ ᠶ᠋ᠢᠨ ᠮᠦᠷᠳᠡᠬᠡᠨ ᠱᠢᠰᠲ᠋ᠧᠮ ᠨᠢ ᠪᠦᠷᠢᠨ ᠪᠦᠲᠦᠨ ᠪᠠᠢᠵᠤ᠂ ᠶᠡᠷᠦᠩᠬᠡᠶ ᠲᠦᠷᠢᠮ᠂ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠦᠶ᠋ᠯᠡ ᠠᠵᠢᠯᠯᠠᠭ᠎ᠠ᠎ᠶ᠋ᠢᠨ ᠪᠠᠷᠢᠮᠵᠢᠶ᠎ᠠ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ 《ᠭᠤᠷᠪᠠᠨ ᠵᠦᠶ᠋ᠯ᠎ᠦᠨ ᠲᠦᠷᠢᠮ》᠂ ᠬᠠᠤᠯᠢ ᠬᠡᠷᠡᠭ᠌ᠵᠢᠭᠦᠯᠬᠦ᠌ ᠵᠦᠶ᠋ᠯᠡᠰ ᠦᠨ ᠨᠠᠷᠢᠨ ᠳᠠᠨᠭᠰᠠ᠂ ᠱᠢᠢᠳᠭᠡᠨ ᠲᠣᠷᠭᠠᠬᠤ ᠶᠠᠪᠤᠴᠠ᠂ ᠲᠠᠰᠤᠯᠤᠯᠲᠠ ᠶ᠋ᠢᠨ ᠦᠨᠳᠦᠰᠦᠨ ᠪᠠᠷᠢᠮᠵᠢᠶ᠎ᠠ ᠵᠢᠴᠢ ᠪᠢᠴᠢᠭ ᠮᠠᠲᠧᠷᠢᠶᠠᠯ᠎ᠤᠨ ᠬᠡᠯᠪᠡᠷᠢᠵᠢᠭ᠌ᠰᠡᠨ ᠪᠢᠴᠢᠭ ᠬᠠᠷ᠎ᠠ ᠵᠡᠷᠭᠡ 12 ᠠᠩᠭᠢᠯᠠᠭ᠍ᠰᠠᠨ ᠠᠭᠤᠯᠭ᠎ᠠ᠎ᠶ᠋ᠢ ᠬᠠᠮᠤᠷᠴᠤ᠂ ᠬᠠᠤᠯᠢ ᠬᠡᠷᠡᠭ᠌ᠵᠢᠭᠦᠯᠬᠦ᠌ ᠪᠥᠬᠥ᠌ ᠶᠠᠪᠤᠴᠠ ᠶᠢᠨ ᠲᠦᠷᠢᠮᠵᠢᠯ ᠢ ᠱᠢᠰᠲ᠋ᠧᠮ᠎ᠲᠡᠶ ᠡᠮᠬᠢᠯᠡᠨ ᠨᠡᠢᠯᠡᠭᠦᠯᠵᠦ᠍᠂ ᠬᠠᠤᠯᠢ ᠬᠡᠷᠡᠭ᠌ᠵᠢᠭᠦᠯᠬᠦ᠌ ᠡᠷᠬᠡ ᠮᠡᠳᠡᠯ᠂ ᠶᠠᠪᠤᠴᠠ᠎ᠶᠢᠨ ᠪᠠᠷᠢᠮᠵᠢᠶ᠎ᠠ ᠪᠠ ᠦᠶ᠋ᠯᠡ ᠠᠵᠢᠯᠯᠠᠭ᠎ᠠ᠎ᠶ᠋ᠢᠨ ᠵᠠᠭᠠᠭ ᠬᠢᠵᠠᠭᠠᠷ ᠢ ᠲᠣᠳᠣᠷᠬᠠᠢᠯᠠᠵᠠᠢ᠃
《ᠭᠠᠷ ᠠᠪᠤᠯᠭ᠎ᠠ 》 ᠨᠢ ᠵᠠᠰᠠᠭ ᠵᠠᠬᠢᠷᠭᠠᠨ᠎ᠤ ᠪᠠᠢᠴᠠᠭᠠᠯᠲᠠ ᠬᠢᠬᠦ᠌᠂ ᠵᠠᠰᠠᠭ ᠵᠠᠬᠢᠷᠭᠠᠨ᠎ᠤ ᠱᠢᠢᠳᠭᠡᠯ ᠥᠭ᠌ᠬᠦ ᠵᠡᠷᠭᠡ ᠬᠠᠤᠯᠢ ᠬᠡᠷᠡᠭ᠌ᠵᠢᠭᠦᠯᠬᠦ᠌ ᠭᠣᠭ᠍ᠴᠣᠭ᠎ᠠ᠎ᠶ᠋ᠢᠨ ᠠᠵᠢᠯᠯᠠᠭᠠᠨ᠎ᠤ ᠲᠦᠷᠢᠮᠵᠢᠯ ᠢ᠋ ᠨᠠᠷᠢᠯᠢᠬ᠍ᠵᠢᠭᠤᠯᠤᠭ᠍ᠰᠠᠨ ᠪᠦᠭᠡᠳ ᠲᠠᠰᠤᠯᠤᠯᠲᠠ᠎ᠶ᠋ᠢᠨ ᠦᠨᠳᠦᠰᠦᠨ ᠪᠠᠷᠢᠮᠵᠢᠶ᠎ᠠ ᠪᠠ ᠪᠢᠴᠢᠭ ᠬᠠᠷ᠎ᠠ᠎ᠶ᠋ᠢᠨ ᠪᠠᠷᠢᠮᠵᠢᠶ᠎ᠠ ᠶ᠋ᠢ ᠨᠢᠭᠡᠳᠭᠡᠵᠦ᠍᠂ ᠬᠠᠤᠯᠢ ᠬᠡᠷᠡᠭ᠌ᠵᠢᠭᠦᠯᠬᠦ᠌ ᠵᠢᠷᠤᠮ ᠨᠢ ᠲᠦᠷᠢᠮᠵᠢᠯ ᠦᠭᠡᠢ᠂ ᠪᠠᠷᠢᠮᠵᠢᠶ᠎ᠠ ᠨᠢ ᠨᠢᠭᠡᠳᠦᠯ ᠦᠭᠡᠢ ᠪᠠᠢᠬᠤ ᠵᠡᠷᠭᠡ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠵᠦ᠍᠂ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠵᠥᠪ ᠬᠡᠷᠡᠭ᠌ᠵᠢᠭᠦᠯᠬᠦ᠌᠎ᠶ᠋ᠢ ᠪᠠᠲᠤᠯᠠᠵᠤ᠂ ᠠᠵᠤ ᠠᠬᠤᠢᠯᠠᠯ ᠪᠠ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠠᠢ᠃
ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠡᠴᠡ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ 《ᠭᠠᠷ ᠠᠪᠤᠯᠭ᠎ᠠ》 ᠵᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ ᠪᠠ ᠰᠣᠷᠣᠭ᠍ᠰᠠᠨ᠎ᠢᠶᠠᠨ ᠬᠡᠷᠡᠭ᠌ᠯᠡᠬᠦ᠌᠎ᠶ᠋ᠢ ᠠᠬᠢᠭᠤᠯᠵᠤ᠂ ᠲᠦᠷᠢᠮ ᠦᠨ ᠱᠠᠭᠠᠷᠳᠠᠯᠭ᠎ᠠ᠎ᠶ᠋ᠢ ᠬᠠᠤᠯᠢ ᠬᠡᠷᠡᠭ᠌ᠵᠢᠭᠦᠯᠬᠦ᠌ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠦᠷᠢᠶᠡᠨ᠎ᠳᠡᠬᠢ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ ᠶ᠋ᠢ ᠲᠦᠷᠢᠮᠵᠢᠬᠦᠯᠬᠦ᠂ ᠬᠠᠤᠯᠢᠵᠢᠭᠤᠯᠬᠤ᠂ ᠪᠠᠷᠢᠮᠵᠢᠶᠠᠵᠢᠭᠤᠯᠬᠤ ᠲᠦᠪᠱᠢᠨ ᠢ ᠦᠷᠭᠦᠯᠵᠢᠯᠡᠨ ᠳᠡᠭᠡᠭ᠌ᠰᠢᠯᠡᠭᠦᠯᠵᠦ᠍ ᠪᠣᠢ᠃