ᠲᠦᠷᠦᠬᠦᠬᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠭᠣᠣᠯᠯᠠᠨ ᠡᠷᠭᠢᠯᠡᠭᠰᠡᠨ ᠪᠥᠬᠥ ᠣᠷᠣᠨ᠎ᠤ ᠠᠵᠢᠯᠲᠠᠨ ᠠᠵᠢᠯᠴᠢᠨ᠎ᠤ ᠬᠠᠤᠯᠢ ᠴᠠᠭᠠᠵᠠ᠎ᠶᠢᠨ ᠮᠡᠳᠡᠯᠭᠡ᠎ᠶᠢᠨ ᠤᠷᠤᠯᠳᠤᠭᠠᠨ ᠶᠠᠪᠤᠬᠲᠠᠪᠠ᠃ ᠡᠯ᠎ᠡ ᠠᠢᠮᠠᠭ ᠬᠤᠳᠠ᠎ᠶᠢᠨ ᠠᠵᠢᠯᠴᠢᠨ᠎ᠤ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠵᠤ ᠦᠢᠯᠡᠰ᠎ᠦᠨ ᠠᠵᠢᠯᠴᠢᠨ᠎ᠤ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯᠴᠢᠨ᠎ᠤ ᠡᠪᠯᠡᠯ᠎ᠦᠨ ᠠᠵᠢᠯ᠎ᠤᠨ ᠬᠤᠷᠢᠶ᠎ᠠ ᠢ᠋ᠢᠨ 19 ᠲᠥᠯᠥᠭᠡᠯᠡᠭᠴᠢᠳ᠎ᠦᠨ ᠠᠩᠭᠢ ᠤᠷᠤᠯᠴᠠᠪᠠ᠃
ᠤᠷᠤᠯᠳᠤᠭᠠᠨ᠎ᠢ ᠪᠡᠯᠡᠳᠬᠡᠯ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠭᠡᠵᠦ ᠬᠣᠶᠠᠷ ᠱᠠᠲᠤ ᠬᠤᠪᠢᠶᠠᠵᠤ᠂ ᠬᠤᠪᠢ ᠬᠥᠮᠥᠨ᠎ᠦ ᠵᠠᠪᠠᠯ ᠬᠠᠷᠢᠭᠤᠯᠬᠤ ᠰᠡᠳᠦᠪ᠂ ᠳᠤᠭᠤᠢᠯᠠᠩ᠎ᠤᠨ ᠵᠠᠪᠳᠤᠨ ᠬᠠᠷᠢᠭᠤᠯᠬᠤ ᠰᠡᠳᠦᠪ᠂ ᠳᠤᠭᠤᠢᠯᠠᠩ ᠤᠨ ᠵᠠᠪᠠᠯ ᠬᠠᠷᠢᠭᠤᠯᠬᠤ ᠰᠡᠳᠦᠪ᠂ ᠲᠦᠭᠰᠢᠭᠦᠷᠢᠲᠤ ᠰᠡᠳᠦᠪ ᠵᠡᠷᠭᠡ ᠳᠥᠷᠪᠡᠨ ᠭᠣᠭᠴᠣᠭ᠎ᠠ ᠶᠢ ᠲᠣᠬᠢᠷᠠᠭᠤᠯᠵᠤ᠂ ᠤᠷᠤᠯᠳᠤᠭᠠᠨ᠎ᠤ ᠰᠡᠳᠦᠪ ᠤ᠋ᠨ ᠠᠭᠤᠯᠭ᠎ᠠ᠎ᠶᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠂ ᠠᠵᠢᠯᠴᠢᠨ᠎ᠤ ᠡᠪᠯᠡᠯ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠢᠷᠤᠮᠵᠢᠯ᠂ ᠬᠥᠳᠡᠯᠮᠦᠷᠢ᠎ᠶᠢᠨ ᠡᠷᠬᠡ ᠠᠰᠢᠭ᠋᠎ᠤᠨ ᠪᠠᠲᠤᠯᠠᠭ᠎ᠠ᠂ ᠠᠵᠤ ᠠᠬᠤᠢᠯᠠᠯ᠎ᠤᠨ ᠠᠷᠠᠳᠴᠢᠯᠠᠭᠰᠠᠨ ᠬᠠᠮᠢᠶᠠᠷᠤᠯᠲᠠ᠂ ᠴᠠᠯᠢᠩ᠎ᠢ ᠬᠠᠮᠲᠤ᠎ᠪᠠᠷ ᠵᠥᠪᠳᠡᠯᠴᠡᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠲᠠᠢ ᠨᠢᠭ᠍ᠲᠠ ᠤᠶᠠᠯᠳᠤᠭᠤᠯᠤᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ᠋ ᠣᠨᠣᠴᠠᠲᠠᠢ ᠪᠠᠷ ᠵᠣᠯᠭᠠᠭᠤᠯᠵᠤ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠰᠤᠷᠤᠯᠴᠠᠯᠭ᠎ᠠ᠎ᠪᠠᠷ ᠬᠡᠷᠡᠭᠯᠡᠭᠡ᠎ᠶᠢ ᠠᠬᠢᠭᠤᠯᠬᠤ ᠶᠢ ᠦᠨᠡᠨ ᠬᠦ᠌ ᠪᠡᠶᠡᠯᠡᠭᠦᠯᠪᠡ᠃
ᠰᠢᠷᠦᠭᠦᠨ ᠦᠷᠢᠰᠦᠯᠲᠦᠭᠡᠨ ᠢ᠋ᠢᠡᠷ ᠲᠠᠮᠵᠢᠨ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠲᠥᠯᠥᠭᠡᠯᠡᠭᠴᠢᠳ᠎ᠦᠨ ᠠᠩᠭᠢ ᠨᠢᠭᠡᠳᠦᠭᠡᠷ ᠳᠡᠰ᠎ᠤᠨ ᠱᠠᠩᠨᠠᠯᠣᠯᠵᠤ᠂ ᠠᠯᠠᠱᠠ ᠠᠢᠮᠠᠭ᠎ᠤᠨ ᠠᠵᠢᠯᠴᠢᠨ᠎ᠤ ᠡᠪᠯᠡᠯ᠎ᠦᠨ ᠲᠥᠯᠥᠭᠡᠯᠡᠭᠴᠢᠳ᠎ᠦᠨ ᠠᠩᠭᠢ᠂ ᠰᠢᠯᠢ᠎ᠶᠢᠨ ᠭᠣᠣᠯ ᠠᠢᠮᠠᠭ᠎ᠤᠨ ᠠᠵᠢᠯᠴᠢᠨ᠎ᠤ ᠡᠪᠯᠡᠯ᠎ᠦᠨ ᠲᠥᠯᠥᠭᠡᠯᠡᠭᠴᠢᠳ᠎ᠦᠨ ᠠᠩᠭᠢ ᠬᠣᠶᠠᠳᠤᠭᠠᠷ ᠳᠡᠰ᠎ᠤᠨ ᠱᠠᠩᠨᠠᠯ ᠬᠦᠷᠲᠡᠵᠦ᠂ ᠪᠤᠭᠤᠲᠤ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠲᠥᠯᠥᠭᠡᠯᠡᠭᠴᠢᠳ᠎ᠦᠨ ᠠᠩᠭᠢ᠂ ᠪᠠᠶᠠᠨᠨᠠᠭᠤᠷ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠲᠥᠯᠥᠭᠡᠯᠡᠭᠴᠢᠳ᠎ᠦᠨ ᠠᠩᠭᠢ᠂ ᠤᠯᠠᠭᠠᠨᠴᠠᠪ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠲᠥᠯᠥᠭᠡᠯᠡᠭᠴᠢᠳ᠎ᠦᠨ ᠠᠩᠭᠢ ᠭᠤᠷᠪᠠᠳᠤᠭᠠᠷ ᠳᠡᠰ᠎ᠤᠨ ᠱᠠᠩᠨᠠᠯ ᠬᠦᠷᠲᠡᠵᠡᠢ᠃
ᠲᠤᠰ ᠤᠳᠠᠭ᠎ᠠ᠎ᠶᠢᠨ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ 《ᠶᠢᠰᠦᠳᠦᠭᠡᠷ ᠲᠠᠪᠤᠨ ᠵᠢᠯ》 ᠤ᠋ᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ᠎ᠶᠢ ᠨᠠᠢᠳᠠᠪᠤᠷᠢᠵᠢᠭᠤᠯᠬᠤ᠂ ᠠᠵᠢᠯᠲᠠᠨ ᠠᠵᠢᠯᠴᠢᠨ᠎ᠤ ᠬᠠᠤᠯᠢ ᠪᠡᠷ ᠵᠠᠰᠬᠠᠤ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠬᠦ ᠴᠢᠬᠤᠯᠠ ᠦᠢᠯᠡᠳᠦᠯᠭᠡ ᠪᠠ ᠬᠦᠴᠦᠲᠡᠢ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠥᠷᠭᠡᠨ ᠤᠯᠠᠨ ᠠᠵᠢᠯᠲᠠᠨ ᠠᠵᠢᠯᠴᠢᠨ᠎ᠳᠤ ᠰᠤᠷᠤᠯᠴᠠᠨ ᠰᠣᠯᠢᠯᠴᠠᠬᠤ᠂ ᠴᠤᠭ ᠵᠢᠪᠬᠤᠭ᠎ᠠ᠎ᠪᠠᠨ ᠢᠯᠡᠷᠡᠭᠦᠯᠬᠦ ᠲᠠᠪᠴᠠᠩ᠎ᠢ ᠪᠠᠢᠭᠤᠯᠵᠤ ᠥᠭᠴᠡᠢ᠃ ᠤᠷᠤᠯᠳᠤᠭᠠᠨ ᠢ᠋ᠢᠡᠷ ᠲᠠᠮᠵᠢᠨ᠂ ᠥᠷᠭᠡᠨ ᠣᠯᠠᠨ ᠠᠵᠢᠯᠲᠠᠨ ᠠᠵᠢᠯᠴᠢᠨ ᠬᠥᠳᠡᠯᠮᠦᠷᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠣᠢᠯᠠᠭᠠᠵᠤ᠂ ᠲᠣᠰ ᠪᠡᠶ᠎ᠡ᠎ᠶᠢᠨ ᠡᠷᠬᠡ ᠠᠰᠢᠭ᠋ ᠪᠠ ᠡᠭᠦᠷᠭᠡ᠎ᠬᠠᠷᠢᠭᠤᠴᠠᠯᠭ᠎ᠠ ᠪᠡᠨ ᠲᠣᠳᠣᠷᠬᠠᠢ ᠪᠣᠯᠭᠠᠵᠤ᠂ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠶᠣᠰᠣᠭᠠᠷ ᠡᠷᠬᠡ᠎ᠪᠡᠨ ᠬᠠᠮᠠᠭᠠᠯᠠᠬᠤ ᠴᠢᠳᠠᠪᠤᠷᠢ᠎ᠪᠠᠨ ᠪᠦᠲᠦᠮᠵᠢᠲᠡᠶ ᠳᠡᠭᠡᠭᠰᠢᠯᠡᠭᠦᠯᠪᠡ᠃