5 ᠰᠠᠷ᠎ᠠ᠎ᠶ᠋ᠢᠨ 17 ᠤ᠋ ᠡᠳᠦᠷ ᠪᠣᠯ ᠭᠤᠴᠢᠨ ᠵᠢᠷᠭᠤᠳᠠᠬᠢ ᠪᠥᠬᠥ᠌ ᠤᠯᠤᠰ᠎ᠤᠨ ᠵᠡᠮᠳᠡᠭ᠌ᠴᠦᠳ᠎ᠢ ᠲᠤᠰᠠᠯᠠᠬᠤ ᠡᠳᠦᠷ ᠪᠣᠯᠤᠨ᠎ᠠ᠃ ᠬᠠᠤᠯᠢ ᠴᠠᠭᠠᠵᠠ᠎ᠶ᠋ᠢᠨ ᠶᠠᠮᠤᠨ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ ᠬᠠᠮᠲᠤᠷᠠᠨ ᠵᠡᠮᠳᠡᠭ᠌ᠴᠦᠳ᠎ᠦᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠵᠦ᠍᠂ ᠣᠷᠣᠭ ᠬᠡᠷ ᠪᠦᠯᠢ᠂ ᠨᠡᠢᠭᠡᠮ᠎ᠦᠨ ᠳᠠᠭᠠᠳᠭᠠᠯ᠂ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠂ ᠵᠠᠮ ᠬᠠᠷᠢᠯᠴᠠᠭᠠᠨ᠎ᠤ ᠡᠨᠳᠡᠯ᠂ ᠬᠥᠮᠦᠨ᠎ᠦ ᠪᠡᠶ᠎ᠡ᠎ᠶ᠋ᠢᠨ ᠬᠣᠬᠢᠷᠠᠯ ᠵᠡᠷᠭᠡ ᠪᠠᠢᠩᠭᠤ ᠲᠣᠬᠢᠶᠠᠯᠳᠤᠳᠠᠭ ᠵᠥᠷᠢᠴᠡᠯ ᠵᠠᠭᠤᠷᠠᠯᠳᠤᠭᠠᠨ᠎ᠳᠤ ᠬᠣᠯᠪᠣᠭ᠍ᠳᠠᠨ᠂ ᠬᠠᠤᠯᠢ ᠴᠠᠭᠠᠵᠠ᠎ᠶ᠋ᠢᠨ ᠲᠤᠰᠠᠯᠠᠮᠵᠢ᠎ᠪᠠᠷ ᠪᠠᠭᠤᠷᠠᠢᠴᠤᠤᠯᠢ ᠲᠡᠳᠬᠦᠨ ᠵᠡᠮᠳᠡᠭ᠌ᠴᠦᠳ᠎ᠢ ᠲᠤᠰᠠᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠲᠦᠷᠢᠮ᠎ᠦᠨ ᠥᠷᠲᠡᠭ᠎ᠢ ᠢᠯᠡᠷᠡᠭᠦᠯᠪᠡ᠃
《ᠬᠤᠨᠠᠨ ᠮᠤᠵᠢ᠎ᠶ᠋ᠢᠨ ᠴᠠᠩᠱᠠ ᠬᠣᠲᠠ᠎ᠶ᠋ᠢᠨ ᠨᠢᠭᠡᠨ ᠲᠣᠭᠣᠷᠢᠭ᠎ᠤᠨ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠬᠦ ᠲᠥᠪ ᠡᠴᠡ ᠰᠣᠨᠣᠷ ᠪᠠ ᠦᠭᠡ ᠬᠡᠯᠡᠨ᠎ᠤ ᠵᠡᠮᠳᠡᠭ ᠲᠠᠢ ᠸᠸᠨ ᠣᠪᠣᠭ᠍ᠲᠤ ᠵᠡᠷᠭᠡ 11 ᠬᠥᠮᠦᠨ᠎ᠦ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠪᠠᠨ ᠨᠡᠬᠡᠮᠵᠢᠯᠡᠨ ᠠᠪᠬᠤ᠎ᠳᠤ ᠬᠠᠤᠯᠢ ᠴᠠᠭᠠᠵᠠ᠎ᠶ᠋ᠢᠨ ᠲᠤᠰᠠᠯᠠᠮᠵᠢ ᠬᠠᠩᠭᠠᠭ᠍ᠰᠠᠨ ᠬᠡᠷᠡᠭ》 ᠪᠣᠯ ᠨᠢᠭᠡᠨ ᠨᠡᠢᠲᠡᠯᠢᠭ ᠴᠢᠨᠠᠷᠲᠠᠶ ᠵᠡᠮᠳᠡᠭ᠌ᠴᠦᠳ᠎ᠦᠨ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠪᠠᠨ ᠨᠡᠬᠡᠮᠵᠢᠯᠡᠨ ᠠᠪᠤᠭ᠍ᠰᠠᠨ ᠬᠡᠷᠡᠭ ᠪᠣᠯᠤᠨ᠎ᠠ᠃ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠲᠥᠪ ᠦᠶ᠋ᠯᠡᠴᠢᠯᠡᠭᠡᠨ᠎ᠦ ᠠᠷᠭ᠎ᠠ ᠮᠠᠶᠢᠭ᠎ᠢᠶᠠᠨ ᠰᠠᠨᠠᠭᠠᠴᠢᠯᠠᠭ᠎ᠠ ᠡᠴᠡ᠎ᠪᠠᠨ ᠱᠢᠯᠢᠳᠡᠭ᠌ᠵᠢᠭᠦᠯᠵᠦ᠍᠂ ᠳᠠᠭᠠᠭᠠᠨ ᠱᠢᠢᠳᠪᠦᠷᠢᠯᠡᠬᠦ᠌ ᠬᠠᠤᠯᠢᠴᠢ ᠡᠴᠡ ᠠᠵᠤ ᠠᠬᠤᠢᠯᠠᠯ᠎ᠤᠨ ᠪᠣᠳᠠᠲᠤ ᠬᠦᠴᠢᠷᠳᠡᠯᠲᠡᠶ ᠤᠶᠠᠯᠳᠤᠭᠤᠯᠤᠨ ᠡᠶᠡᠳᠡᠬᠦᠯᠬᠦ ᠲᠥᠰᠦᠯ ᠳᠤᠷᠠᠳᠴᠤ᠌᠂ ᠵᠠᠭᠤᠷᠠᠯᠳᠤᠭᠠᠨ᠎ᠢ ᠲᠦᠷᠭᠡᠨ ᠨᠠᠮᠳᠠᠭᠤᠯᠪᠠ᠃ 《ᠵᠢᠶᠠᠩᠰᠦ ᠮᠤᠵᠢ᠎ᠶ᠋ᠢᠨ ᠨᠢᠭᠡᠨ ᠬᠣᠲᠠ᠎ᠶ᠋ᠢᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠲᠥᠪ ᠨᠢ ᠰᠣᠨᠣᠷ᠎ᠤᠨ ᠵᠡᠮᠳᠡᠭ ᠲᠠᠢ ᠫᠠᠨ ᠣᠪᠣᠭ᠍ᠲᠤ᠎ᠶ᠋ᠢᠨ ᠦᠷᠡᠵᠢᠯ᠎ᠦᠨ ᠳᠠᠭᠠᠳᠭᠠᠯ᠎ᠤᠨ ᠬᠠᠷᠠᠭᠠᠯᠵᠠᠯ᠎ᠤᠨ ᠵᠠᠭᠤᠷᠠᠯᠳᠤᠭᠠᠨ᠎ᠳᠤ ᠬᠠᠤᠯᠢ ᠴᠠᠭᠠᠵᠠ᠎ᠶ᠋ᠢᠨ ᠲᠤᠰᠠᠯᠠᠮᠵᠢ ᠬᠠᠩᠭᠠᠭ᠍ᠰᠠᠨ ᠬᠡᠷᠡᠭ》 ᠲᠤ᠌᠂ ᠫᠠᠨ ᠣᠪᠣᠭ᠍ᠲᠤ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠬᠥᠩᠭᠡᠵᠢᠬᠦ᠌ ᠴᠢᠯᠥᠭᠡᠨ᠎ᠦ ᠬᠤᠭᠤᠴᠠᠭ᠎ᠠ᠂ ᠨᠡᠢᠭᠡᠮ᠎ᠦᠨ ᠳᠠᠭᠠᠳᠭᠠᠯ᠎ᠤᠨ ᠵᠠᠷᠤᠳᠠᠯ᠎ᠡᠴᠡ ᠦᠷᠡᠵᠢᠯ᠎ᠦᠨ ᠨᠥᠬᠥᠪᠥᠷᠢ ᠮᠥᠩᠭᠥ᠌᠂ ᠠᠵᠢᠯ᠎ᠤᠨ ᠪᠠᠢᠷᠢ ᠡᠴᠡ᠎ᠪᠠᠨ ᠰᠠᠯᠬᠤ ᠬᠠᠮᠠᠭᠠᠯᠠᠯᠳᠠ ᠵᠡᠷᠭᠡ ᠣᠯᠠᠨ ᠲᠠᠯ᠎ᠠ᠎ᠶ᠋ᠢᠨ ᠡᠷᠬᠡ ᠠᠱᠢᠭ᠎ᠤᠨ ᠬᠣᠬᠢᠷᠠᠭᠤᠯᠤᠯᠳᠤ ᠤᠴᠠᠷᠠᠵᠠᠶ᠃ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠲᠥᠪ ᠴᠠᠭ ᠲᠤᠬᠠᠢᠳᠤᠨᠢ ᠭᠤᠶᠤᠴᠢᠯᠠᠯ᠎ᠢ ᠱᠢᠢᠳᠪᠦᠷᠢᠯᠡᠬᠦ᠌ ᠪᠡᠷ ᠬᠦᠯᠢᠶᠡᠨ ᠠᠪᠤᠭᠰᠠᠨ ᠪᠠ ᠲᠤᠰᠠᠯᠠᠮᠵᠢ ᠬᠠᠩᠭᠠᠵᠤ᠂ ᠵᠠᠭᠠᠯᠳᠤᠭ᠍ᠰᠠᠨᠤ ᠳᠠᠷᠠᠭ᠎ᠠ ᠪᠠᠢᠴᠠᠭᠠᠬᠤ ᠬᠤᠷᠢᠶ᠎ᠠ ᠡᠴᠡ ᠵᠠᠭᠠᠯᠳᠤᠯᠭ᠎ᠠ᠎ᠶ᠋ᠢ ᠳᠡᠮᠵᠢᠬᠦ᠌᠎ᠶ᠋ᠢ ᠵᠣᠬᠢᠴᠠᠭᠤᠯᠵᠤ᠂ ᠡᠴᠦᠰ᠎ᠲᠡᠬᠡᠨ ᠵᠠᠭᠤᠷᠠᠯᠳᠤᠭᠠᠨ᠎ᠢ ᠲᠡᠭᠦᠰ ᠠᠮᠵᠢᠯᠲᠠ᠎ᠲᠠᠶ ᠱᠢᠢᠳᠪᠦᠷᠢᠯᠡᠪᠡ᠃
《ᠱᠠᠨᠳᠦ᠋ᠩ ᠮᠤᠵᠢ᠎ᠶ᠋ᠢᠨ ᠨᠢᠭᠡᠨ ᠬᠣᠲᠠ᠎ᠶ᠋ᠢᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠲᠥᠪ᠎ᠡᠴᠡ ᠣᠶᠤᠨ᠎ᠤ ᠵᠡᠮᠳᠡᠭ ᠲᠠᠢ ᠯᠢ ᠣᠪᠣᠭ᠍ᠲᠤ᠎ᠶ᠋ᠢᠨ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠵᠠᠭᠤᠷᠠᠯᠳᠤᠭᠠᠨ᠎ᠳᠤ ᠬᠠᠤᠯᠢ ᠴᠠᠭᠠᠵᠠ᠎ᠶ᠋ᠢᠨ ᠲᠤᠰᠠᠯᠠᠮᠵᠢ ᠬᠠᠩᠭᠠᠭ᠍ᠰᠠᠨ ᠬᠡᠷᠡᠭ》 ᠲᠤ᠌᠂ ᠠᠷᠪᠠ ᠭᠠᠷᠤᠢ ᠵᠢᠯ᠎ᠦᠨ ᠡᠮᠦᠨ᠎ᠡ ᠬᠥᠳᠡᠭᠡ ᠲᠣᠰᠭᠣᠨ᠎ᠤ ᠭᠡᠷ ᠪᠠᠢᠱᠢᠩ᠎ᠤᠨ ᠡᠷᠬᠡ᠎ᠶ᠋ᠢ ᠬᠠᠤᠯᠢ ᠪᠤᠰᠤ᠎ᠪᠠᠷ ᠨᠤᠲᠠᠯᠠᠨ ᠲᠣᠭ᠍ᠲᠠᠭᠠᠭ᠍ᠰᠠᠨ᠂ ᠣᠶᠤᠨ᠎ᠤ ᠵᠡᠮᠳᠡᠭ ᠲᠠᠢ ᠬᠥᠮᠦᠨ᠎ᠦ ᠬᠠᠤᠯᠢ ᠶᠣᠰᠣᠨ᠎ᠤ ᠡᠷᠬᠡ ᠠᠱᠢᠭ ᠨᠢ ᠬᠣᠬᠢᠷᠠᠯ᠎ᠳᠤ ᠤᠴᠠᠷᠠᠭ᠍ᠰᠠᠨ ᠪᠠᠢᠳᠠᠯ᠎ᠳᠤ ᠴᠢᠭ᠌ᠯᠡᠭᠦᠯᠦᠨ᠂ ᠳᠠᠭᠠᠭᠠᠨ ᠱᠢᠢᠳᠪᠦᠷᠢᠯᠡᠬᠦ᠌ ᠬᠠᠤᠯᠢᠴᠢ ᠡᠴᠡ ᠬᠠᠤᠯᠢ ᠴᠠᠭᠠᠵᠠ᠎ᠶ᠋ᠢᠨ ᠬᠡᠷᠡᠭ ᠶᠠᠪᠤᠳᠠᠯ᠎ᠢ ᠪᠦᠬᠦ᠌ ᠶᠠᠪᠤᠴᠠ᠎ᠳᠤ ᠣᠷᠣᠯᠠᠨ ᠱᠢᠢᠳᠪᠦᠷᠢᠯᠡᠵᠦ᠍᠂ ᠢᠷᠭᠡᠨ᠎ᠦ ᠵᠠᠷᠭᠤ᠎ᠶ᠋ᠢᠨ ᠠᠷᠭ᠎ᠠ ᠵᠠᠮ᠎ᠤᠨ ᠱᠢᠯᠢᠳᠡᠭ᠌ᠢ ᠨᠢ ᠰᠣᠩᠭᠣᠵᠤ᠂ ᠶᠠᠪᠤᠴᠠ᠎ᠶᠢᠨ ᠬᠦᠴᠢᠷᠳᠡᠯ᠎ᠢ ᠥᠨᠳᠥᠷ ᠪᠦᠲᠦᠮᠵᠢᠲᠡᠢ ᠱᠢᠢᠳᠪᠦᠷᠢᠯᠡᠪᠡ᠃ 《ᠰᠸᠴᠤᠸᠠᠨ ᠮᠤᠵᠢ᠎ᠶ᠋ᠢᠨ ᠪᠠᠵᠦ᠋ᠩ ᠬᠣᠲᠠ᠎ᠶ᠋ᠢᠨ ᠨᠢᠭᠡᠨ ᠲᠣᠭᠣᠷᠢᠭ᠎ᠤᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠲᠥᠪ ᠡᠴᠡ ᠨᠠᠰᠤᠨ᠎ᠳᠤ ᠥᠯᠥ᠍ ᠬᠦᠷᠦᠭ᠌ᠰᠡᠨ ᠵᠡᠮᠳᠡᠭ ᠬᠦᠮᠦᠨ ᠶᠠᠩ ᠣᠪᠣᠭ᠍ᠲᠤ ᠵᠡᠷᠭᠡ ᠬᠥᠮᠦᠰ᠎ᠦᠨ ᠠᠰᠠᠷᠠᠨ ᠲᠡᠵᠢᠭᠡᠬᠦ᠌ ᠵᠠᠷᠤᠳᠠᠯ ᠨᠡᠬᠡᠬᠦ᠌᠎ᠳᠦ ᠬᠠᠤᠯᠢ ᠴᠠᠭᠠᠵᠠ᠎ᠶ᠋ᠢᠨ ᠲᠤᠰᠠᠯᠠᠮᠵᠢ ᠬᠠᠩᠭᠠᠭ᠍ᠰᠠᠨ ᠬᠡᠷᠡᠭ》 ᠲᠤ᠌᠂ ᠬᠣᠶᠠᠷ ᠨᠠᠰᠤᠨ᠎ᠳᠤ ᠥᠯᠥ᠍ ᠬᠦᠷᠦᠭ᠌ᠰᠡᠳ ᠬᠦᠨᠳᠦ ᠵᠡᠮᠳᠡᠭ ᠪᠣᠯᠵᠤ᠂ ᠡᠬᠡ ᠨᠢ ᠤᠷᠲᠤ ᠬᠤᠭᠤᠴᠠᠭ᠎ᠠ᠎ᠪᠠᠷ ᠠᠰᠠᠷᠠᠨ ᠲᠡᠵᠢᠭᠡᠬᠦ᠌ ᠡᠭᠦᠷᠭᠡ᠎ᠪᠡᠨ ᠭᠦᠢᠴᠡᠳᠭᠡᠬᠦ᠌᠎ᠶ᠋ᠢ ᠲᠡᠪᠴᠢᠵᠦ᠍᠂ ᠭᠡᠷ ᠪᠦᠯᠢ ᠨᠢ ᠬᠦᠴᠢᠷᠳᠡᠯᠲᠡᠶ ᠪᠠᠢᠳᠠᠯ᠎ᠳᠤ ᠣᠷᠣᠪᠠ᠃ ᠵᠡᠮᠳᠡᠭ᠌ᠴᠦᠳ᠎ᠦᠨ ᠬᠣᠯᠪᠣᠭ᠎ᠠ ᠡᠴᠡ ᠴᠠᠭᠳᠤᠬᠠᠢᠳᠤᠨᠢ ᠵᠡᠮᠳᠡᠭ᠌ᠴᠦᠳ᠎ᠦᠨ ᠭᠡᠷ ᠪᠦᠯᠢ ᠬᠠᠤᠯᠢ ᠴᠠᠭᠠᠵᠠ᠎ᠶ᠋ᠢᠨ ᠠᠷᠭ᠎ᠠ ᠵᠠᠮ᠎ᠢᠶᠠᠷ ᠵᠡᠮᠳᠡᠭ ᠦᠷ᠎ᠡ ᠬᠡᠦᠬᠡᠳ᠎ᠦᠨ᠎ᠢᠶᠡᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠵᠢ ᠬᠥᠲᠥᠯᠥᠨ ᠵᠢᠯᠣᠭᠣᠳᠴᠠᠢ; ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠲᠥᠪ ᠰᠠᠭᠠᠳ ᠥᠬᠡᠶ ᠨᠡᠪᠲᠡᠷᠡᠬᠦ᠌ ᠵᠠᠮ᠎ᠢ ᠨᠡᠭᠡᠭᠡᠵᠦ᠍᠂ ᠡᠴᠦᠰ᠎ᠲᠡᠬᠡᠨ ᠱᠢᠭᠦᠬᠦ᠌ ᠬᠣᠷᠢᠶ᠎ᠠ ᠡᠴᠡ ᠲᠤᠰᠠᠯᠠᠮᠵᠢ ᠬᠦᠷᠲᠡᠭ᠌ᠴᠢ᠎ᠶ᠋ᠢᠨ ᠬᠦᠰᠡᠯ ᠱᠠᠭᠠᠷᠳᠠᠯᠭ᠎ᠠ᠎ᠶ᠋ᠢ ᠳᠡᠮᠵᠢᠵᠦ᠍᠂ ᠨᠠᠰᠤᠨ᠎ᠳᠤ ᠥᠯᠥ᠍ ᠭᠦᠷᠦᠭ᠌ᠰᠡᠨ ᠵᠡᠮᠳᠡᠭ ᠬᠦᠮᠦᠨ᠎ᠤ ᠡᠷᠡᠭᠦᠯᠵᠢᠯ ᠪᠠ ᠠᠮᠢᠳᠤᠷᠠᠯ᠎ᠤᠨ ᠪᠠᠴᠢᠮ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠪᠡ᠃
ᠲᠠᠷᠠᠭᠠᠴᠢ᠎ᠶ᠋ᠢᠨ ᠠᠯᠬᠤᠮ᠎ᠳᠤ᠂ ᠬᠠᠤᠯᠢ ᠴᠠᠭᠠᠵᠠ᠎ᠶ᠋ᠢᠨ ᠶᠠᠮᠤᠨ ᠪᠣᠯᠤᠨ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ ᠦᠷᠭᠦᠯᠵᠢᠯᠡᠨ ᠬᠦᠴᠦᠯᠡᠵᠦ᠍᠂ ᠡᠭᠦᠷᠭᠡ ᠴᠢᠳᠠᠪᠬᠢ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠵᠡᠮᠳᠡᠭ᠌ᠴᠦᠳ᠎ᠦᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠪᠣᠯᠤᠮᠵᠢᠲᠤ ᠴᠢᠨᠠᠷ᠂ ᠣᠨᠣᠪᠴᠢᠲᠤ ᠴᠢᠨᠠᠷ᠂ ᠪᠦᠳᠤᠮᠵᠢᠳᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 17᠎ᠤ᠋ ᠴᠠᠬᠢᠯᠭᠠᠨ ᠮᠡᠳᠡᠭᠡ)