ᠬᠠᠪᠤᠷ᠎ᠤᠨ ᠤᠯᠠᠷᠢᠯ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠢᠴᠢ ᠠᠷᠠᠳ ᠤ᠋ᠨ ᠡᠵᠡᠡᠭᠨᠡᠯᠲᠠ ᠵᠢᠨ ᠠᠵᠤ ᠠᠬᠤᠢᠯᠠᠯ᠎ᠤᠨ ᠲᠤᠰᠭᠠᠶ ᠠᠵᠢᠯᠲᠠᠨ ᠡᠯᠰᠡᠬᠦ᠌ ᠴᠤᠭ᠍ᠯᠠᠭᠠᠨ ᠡᠷᠭᠢᠯᠡᠪᠡ
2026-05-20 15:47:12
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠲᠦᠷᠦᠬᠦᠬᠡᠨ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠬᠭᠢᠮ ᠡᠴᠠ ᠤᠢᠯᠠᠭᠠᠭᠰᠠᠨ ᠶ᠋ᠢᠡᠷ᠂ ᠬᠥᠯᠥᠨ ᠪᠣᠢᠷ ᠬᠣᠲᠠ᠎ᠶ᠋ᠢᠨ ᠵᠠᠯᠠᠢᠨᠠᠭᠤᠷ ᠲᠣᠭᠣᠷᠢᠭ ᠤ᠋ᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ 2026 ᠣᠨ᠎ᠤ ᠬᠠᠪᠤᠷ᠎ᠤᠨ ᠤᠯᠠᠷᠢᠯ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠲᠤᠰᠭᠠᠶ ᠠᠵᠢᠯᠯᠠᠭ᠎ᠠ ᠵᠢᠴᠢ ᠠᠷᠠᠳ ᠤ᠋ᠨ ᠡᠵᠡᠡᠭᠨᠡᠯᠲᠠ ᠵᠢᠨ ᠠᠵᠤ ᠠᠬᠤᠢᠯᠠᠯ᠎ᠤᠨ ᠲᠤᠰᠭᠠᠶ ᠠᠵᠢᠯᠲᠠᠨ ᠡᠯᠰᠡᠬᠦ᠌ ᠴᠤᠭᠯᠠᠭᠠᠨ ᠡᠷᠭᠢᠯᠡᠪᠡ᠃ ᠲᠣᠰ ᠤᠳᠠᠭᠠᠨ᠎ᠤ ᠠᠵᠢᠯᠯᠠᠭ᠎ᠠ᠎ᠨᠢ ᠠᠷᠠᠳ᠎ᠤᠨ ᠡᠵᠡᠡᠭᠨᠡᠯᠲᠠ ᠵᠢᠨ ᠠᠵᠤ ᠠᠬᠤᠢᠯᠠᠯ᠂ ᠳᠤᠮᠳᠠ ᠪᠠᠭ᠎ᠠ ᠵᠢᠵᠢᠭ ᠠᠵᠤ ᠠᠬᠤᠢᠯᠠᠯ᠂ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠪᠡᠷ ᠭᠤᠤᠯᠳᠠᠯᠭ᠎ᠠ ᠪᠣᠯᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠵᠠᠯᠠᠭᠤᠴᠤᠳ᠂ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ᠂ ᠵᠡᠮᠳᠡᠭ᠌ᠴᠦᠳ᠂ ᠬᠣᠲᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠭ᠍ᠰᠠᠳ ᠵᠡᠷᠭᠡ ᠪᠦᠯᠬᠦᠮ ᠨᠠᠢᠲᠠ ᠳ᠋ᠤ ᠴᠢᠭᠯᠡᠬᠦᠯᠤᠨ᠂ ᠨᠡᠢᠲᠡ 108 ᠠᠵᠤ ᠠᠬᠤᠢᠯᠠᠯ 328 ᠠᠵᠢᠯᠴᠢᠨ ᠬᠡᠷᠡᠭ᠌ᠯᠡᠬᠦ᠌ ᠠᠵᠢᠯ᠎ᠤᠨ ᠪᠠᠢᠷᠢ ᠬᠠᠩᠭᠠᠵᠠᠢ᠃ 

 ᠠᠵᠢᠯᠲᠠᠨ ᠡᠯᠰᠡᠬᠦ᠌ ᠴᠤᠭᠯᠠᠭᠠᠨ ᠤ᠋ ᠠᠬᠤᠶ ᠲᠠᠯᠠᠪᠠᠶ᠎ᠳᠤ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠭ᠎ᠠ᠎ᠶ᠋ᠢᠨ ᠲᠠᠪᠴᠠᠩ ᠭᠠᠷᠭᠠᠵᠤ᠂ ᠨᠡᠢᠲᠡ 1000 ᠭᠠᠷᠤᠶ ᠬᠤᠪᠢ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠵᠤ᠂ ᠵᠠᠭᠤ ᠭᠠᠷᠤᠶ ᠬᠥᠮᠦᠨ ᠤᠳᠠᠭ᠎ᠠ᠎ᠶ᠋ᠢᠨ ᠯᠠᠪᠯᠠᠭ᠎ᠠ᠎ᠳᠤ ᠬᠠᠷᠢᠭᠤᠯᠲᠠ ᠥᠭ᠌ᠴᠦ᠂ ᠠᠵᠢᠯ ᠡᠷᠢᠭ᠌ᠰᠡᠳ᠎ᠲᠦ ᠬᠠᠯᠠᠭᠤᠨ ᠳᠤᠯᠠᠭᠠᠨ ᠪᠥᠭᠡᠳ ᠨᠠᠷᠢᠯᠢᠭ ᠦᠶ᠋ᠯᠡᠴᠢᠯᠡᠭᠡ ᠬᠠᠩᠭᠠᠪᠠ᠃ 

ᠲᠠᠷᠠᠭᠠᠴᠢ᠎ᠶ᠋ᠢᠨ ᠠᠯᠬᠤᠮ᠎ᠳᠤ᠂ ᠵᠠᠯᠠᠢᠨᠠᠭᠤᠷ ᠲᠣᠭᠣᠷᠢᠭ᠎ᠤᠨ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠤᠪᠴᠢᠶ᠎ᠠ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠪᠡᠨ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠢᠯ ᠤᠯᠬᠤ᠎ᠳᠤ ᠬᠦᠴᠢᠷᠲᠡᠶ ᠬᠥᠮᠦᠰ᠎ᠲᠦ ᠨᠠᠩ ᠳᠥᠭᠥᠮ ᠳᠥᠲᠡ᠂ ᠥᠨᠳᠥᠷ ᠪᠦᠲᠦᠮᠵᠢᠲᠡᠶ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠪᠥᠬᠥ᠌ ᠬᠦᠴᠦᠨ᠎ᠢᠶᠡᠷ᠎ᠢᠶᠡᠨ ᠥᠷᠭᠡᠳᠭᠡᠵᠦ᠍᠂ ᠠᠵᠢᠯ ᠮᠡᠷᠭᠡᠵᠢᠯ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号