ᠦᠶ᠋ᠯᠡᠴᠢᠯᠡᠭᠡ᠎ᠪᠡᠨ ᠴᠢᠩᠭᠠᠳᠬᠠᠵᠤ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ᠎ᠠ
2026-05-20 16:00:51
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠤᠷᠲᠤᠰ ᠬᠤᠲᠠ ᠵᠢᠨ ᠬᠢᠶ᠎ᠠ ᠪᠠᠭ᠍ᠰᠢ ᠲᠣᠭᠣᠷᠢᠭ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠥᠪ《ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ ᠠᠵᠢᠯ ᠣᠯᠭᠣᠯᠲᠠ᠎ᠶ᠋ᠢ ᠠᠬᠢᠭᠤᠯᠵᠤ ᠲᠥᠷᠥ᠎ᠶ᠋ᠢᠨ ᠪᠣᠳᠣᠯᠭ᠎ᠠ᠎ᠪᠠᠷ ᠳᠡᠮᠵᠢᠵᠦ ᠠᠵᠤ ᠠᠬᠤᠢᠯᠠᠯ᠎ᠢ ᠬᠥᠭ᠌ᠵᠢᠭᠦᠯᠦᠨ ᠮᠠᠨᠳᠤᠭᠤᠯᠬᠤ》ᠤᠬᠠᠭᠤᠯᠤᠨ ᠲᠠᠢᠯᠪᠤᠷᠢᠯᠠᠬᠤ ᠬᠤᠷᠠᠯ ᠬᠢᠵᠤ᠂ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠬᠡᠯᠬᠢᠶ᠎ᠡ᠎ᠶ᠋ᠢ ᠱᠢᠯᠤᠭᠤᠳᠭᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠠ᠂ ᠠᠵᠢᠯ ᠣᠯᠭᠣᠯᠲᠠ᠎ᠶ᠋ᠢᠨ ᠶᠡᠬᠡ ᠲᠠᠯ᠎ᠠ᠎ᠶ᠋ᠢ ᠲᠣᠭ᠍ᠲᠠᠪᠤᠷᠢᠵᠢᠭᠤᠯᠤᠨ᠎ᠠ᠃ 

ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ ᠬᠤᠷᠠᠯ᠎ᠨᠢ ᠬᠠᠷᠢᠶᠠᠲᠤ ᠣᠷᠣᠨ᠎ᠤ 15 ᠭᠤᠤᠯᠳᠠᠯᠭ᠎ᠠ᠎ᠲᠠᠶ ᠠᠵᠤ ᠠᠬᠤᠢᠯᠠᠯ ᠵᠢᠴᠢ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠪᠠᠢᠭᠤᠯᠤᠮᠵᠢ᠎ᠶ᠋ᠢ ᠤᠷᠢᠵᠤ ᠬᠤᠷᠠᠯ᠎ᠳᠤ ᠣᠷᠣᠯᠴᠠᠭᠤᠯᠤᠨ᠂ ᠤᠷ᠎ᠠ ᠮᠡᠷᠭᠡᠵᠢᠯ ᠪᠣᠯᠪᠠᠰᠤᠷᠠᠯ᠂ ᠴᠢᠳᠠᠪᠤᠷᠢᠲᠠᠨ᠎ᠤ ᠨᠥᠬᠥᠪᠥᠷᠢ᠂ ᠦᠶ᠋ᠯᠡᠰ ᠪᠤᠰᠬᠠᠬᠤ ᠪᠠᠲᠤᠯᠭᠠᠲᠤ ᠵᠢᠭᠡᠯᠡᠯᠭᠡ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠎ᠢ ᠤᠷᠢᠵᠤ ᠡᠯᠰᠡᠬᠦ ᠵᠡᠷᠭᠡ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠣᠭᠣᠷᠢᠨ᠎ᠳᠤ᠂ ᠲᠣᠰ ᠭᠠᠵᠠᠷ᠎ᠤᠨ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠭᠤᠶᠤᠴᠢᠯᠠᠨ ᠮᠡᠳᠡᠭᠦᠯᠬᠦ᠌ ᠨᠥᠬᠥᠴᠡᠯ᠂ ᠶᠠᠪᠤᠴᠠ ᠪᠠ ᠪᠠᠷᠢᠮᠵᠢᠶ᠎ᠠ᠎ᠶ᠋ᠢ ᠲᠣᠳᠣᠷᠬᠠᠢᠯᠠᠨ᠂ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠤᠨᠤᠴᠠᠲᠠᠢ ᠪᠠᠷ ᠠᠵᠤ ᠠᠬᠤᠢᠯᠠᠯ᠎ᠳᠤ ᠱᠢᠭᠤᠳ ᠬᠦᠷᠭᠡᠬᠦ᠌᠎ᠶ᠋ᠢ ᠠᠬᠢᠭᠤᠯᠪᠠ᠃ 

ᠡᠨᠡ ᠵᠢᠯ᠎ᠡᠴᠡ ᠨᠠᠭᠠᠰᠢ᠂ ᠲᠣᠰ ᠲᠣᠭᠣᠷᠢᠭ᠎ᠤᠨ ᠬᠢᠨ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ ᠠᠵᠢᠯ ᠣᠯᠭᠣᠯᠲᠠ᠎ᠶ᠋ᠢ ᠠᠬᠢᠭᠤᠯᠵᠦ᠂ ᠦᠶ᠋ᠯᠡᠴᠢᠯᠡᠭᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 237 ᠠᠵᠤ ᠠᠬᠤᠢᠯᠠᠯ᠎ᠢᠶᠠᠷ ᠬᠦᠷᠴᠦ᠍᠂ ᠠᠵᠢᠯᠲᠠᠨ ᠡᠯᠰᠡᠬᠦ᠌ ᠴᠤᠭ᠍ᠯᠠᠭᠠᠨ᠎ᠢ 7 ᠤᠳᠠᠭ᠎ᠠ ᠡᠷᠭᠢᠯᠡᠵᠦ᠍᠂ 746 ᠭᠠᠷᠤᠶ ᠠᠵᠢᠯ᠎ᠤᠨ ᠪᠠᠢᠷᠢ ᠬᠠᠩᠭᠠᠪᠠ ᠰᠤᠷᠭᠠᠭᠤᠯᠢ ᠎ᠶ᠋ᠢᠨ ᠬᠦᠷᠢᠶᠡᠨ᠎ᠳᠦ 7 ᠲᠠᠯᠠᠪᠤᠷ ᠠᠵᠢᠯ ᠣᠯᠭᠣᠯᠲᠠ᠎ᠶ᠋ᠢᠨ ᠵᠢᠯᠣᠭᠣᠳᠣᠯᠭ᠎ᠠ ᠥᠷᠨᠢᠭᠦᠯᠵᠦ᠍᠂ ᠮᠢᠩᠭ᠎ᠠ ᠱᠢᠬᠠᠮ ᠪᠠᠭ᠍ᠰᠢ ᠰᠣᠷᠣᠭ᠍ᠴᠢ᠎ᠶ᠋ᠢ ᠬᠠᠮᠤᠷᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号