《ᠳᠤᠮᠳᠠᠳᠤ ᠤᠯᠤᠰ ᠤ᠋ᠨ ᠵᠢᠭᠤᠯᠴᠢᠯᠠᠯ ᠤ᠋ᠨ ᠡᠳᠦᠷ》 ᠤ᠋ᠨ ᠥᠪᠥᠷ ᠮᠣᠩᠭᠣᠯ ᠤ᠋ᠨ ᠬᠤᠪᠢᠶᠠᠷᠢ ᠲᠠᠯᠠᠪᠠᠶ ᠵᠢᠨ ᠠᠵᠢᠯᠯᠠᠭ᠎ᠠ ᠶᠠᠪᠤᠭᠳᠠᠪᠠ
2026-05-20 09:58:48
ᠵᠣᠬᠢᠶᠠᠭ᠍ᠴᠢ᠄
​ ᠬᠦᠭᠵᠢᠯᠳᠦ
ᠣᠩᠱᠢᠭ᠍ᠰᠠᠨ ᠣᠳᠠᠭ᠎ᠠ᠄
★★★☆☆

ᠠᠪᠤᠷᠭᠤ ᠬᠦᠴᠦᠳᠦ ᠪᠦᠬᠡ ᠨᠢ ᠬᠤᠶᠠᠷ ᠭᠠᠷᠯᠠᠨ ᠳᠡᠪᠢᠵᠦ᠂ ᠠᠵᠢᠨᠠᠢ ᠬᠦᠯᠦᠭ ᠮᠤᠷᠢᠳ ᠨᠢ ᠰᠠᠯᠬᠢ ᠲᠠᠢ ᠤᠷᠤᠯᠳᠤᠨ ᠡᠷᠴᠢᠯᠡᠨ᠎ᠠ᠃ 《ᠪᠠᠶᠠᠷᠲᠦ ᠨᠠᠭᠠᠳᠤᠮ》 ᠲᠤᠭᠯᠠᠯᠳᠠ ᠬᠢᠭᠡᠳ ᠦᠵᠡᠭᠴᠢᠳ ᠤ᠋ᠨ ᠤᠤᠬᠠᠢᠯᠠᠯ ᠢ᠋ᠶ᠋ᠡᠷ 2026 ᠣᠨ ᠤ᠋ 《5·19 ᠳᠤᠮᠳᠠᠳᠤ ᠤᠯᠤᠰ ᠤ᠋ᠨ ᠵᠢᠭᠤᠯᠴᠢᠯᠠᠯ ᠤ᠋ᠨ ᠡᠳᠦᠷ》 ᠤ᠋ᠨ ᠥᠪᠥᠷ ᠮᠣᠩᠭᠣᠯ ᠤ᠋ᠨ ᠬᠤᠪᠢᠶᠠᠷᠢ ᠲᠠᠯᠠᠪᠠᠶ ᠵᠢᠨ ᠠᠵᠢᠯᠯᠠᠭ᠎ᠠ 5 ᠰᠠᠷ᠎ᠠ ᠶ᠋ᠢᠨ 19 ᠤ᠋ ᠡᠳᠦᠷ ᠬᠥᠬᠡᠬᠣᠲᠠ ᠳ᠋ᠦ ᠬᠦᠭᠵᠢᠶᠡᠨᠳᠡᠢ ᠡᠬᠢᠯᠡᠪᠡ᠃

ᠡᠬᠢᠯᠡᠯᠲᠡ ᠶ᠋ᠢᠨ ᠶᠣᠰᠣᠯᠠᠯ ᠳᠡᠭᠡᠷ᠎ᠡ᠂ ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ 《ᠥᠪᠥᠷ ᠮᠣᠩᠭᠣᠯ ᠳ᠋ᠦ ᠳᠠᠪᠠᠳᠠᠢ ᠵᠢᠭᠤᠯᠴᠢᠯᠠᠬᠤ ᠲᠤᠯᠤᠭᠠᠨ ᠶᠡᠬᠡ ᠭᠤᠤᠯ ᠰᠡᠳᠦᠪᠲᠦ ᠦᠶ᠋ᠯᠡᠳᠬᠦᠨ 》᠂ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠣᠲᠠ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢ ᠠᠬᠢᠭᠤᠯᠬᠤ ᠲᠥᠷᠥ ᠶ᠋ᠢᠨ ᠪᠣᠳᠣᠯᠭ᠎ᠠ ᠵᠢ ᠨᠡᠢᠲᠡᠯᠡᠨ᠂ 《ᠬᠥᠬᠡᠬᠣᠲᠠ ᠶ᠋ᠢᠨ ᠤᠷᠢᠯᠭ᠎ᠠ》 ᠬᠠᠷᠢᠯᠴᠠᠨ ᠦᠶ᠋ᠯᠡᠳᠦᠯᠴᠡᠬᠦ᠌ ᠠᠵᠢᠯᠯᠠᠭ᠎ᠠ ᠦᠷᠨᠢᠬᠦᠯᠵᠤ᠂ 12 ᠠᠢᠮᠠᠭ ᠬᠣᠲᠠ ᠵᠢ ᠳᠡᠯᠭᠡᠴᠡ ᠲᠡᠶ ᠬᠣᠯᠪᠣᠨ 《ᠱᠢᠵᠢᠷ ᠠᠯᠲᠠᠨ ᠤᠯᠠᠷᠢᠯ ᠳ᠋ᠦ ᠥᠪᠥᠷ ᠮᠣᠩᠭᠣᠯ ᠵᠢᠡᠷ ᠳᠠᠪᠠᠳᠠᠢ ᠵᠢᠭᠤᠯᠴᠢᠯᠠᠬᠤ》 ᠭᠤᠤᠯ ᠰᠡᠳᠦᠪᠲᠦ ᠠᠵᠢᠯᠯᠠᠭ᠎ᠠ ᠵᠢ ᠬᠠᠮᠲᠤ ᠪᠠᠷ ᠡᠬᠢᠯᠡᠭᠦᠯᠵᠦ᠍᠂ ᠪᠥᠬᠥ᠌ ᠣᠷᠣᠨ ᠤ᠋ ᠬᠣᠯᠪᠣᠭᠠᠯᠠᠨ ᠬᠥᠳᠡᠯᠦᠯᠴᠡᠬᠦ᠌᠂ ᠬᠠᠮᠲᠤ ᠪᠠᠷ ᠬᠦᠴᠦᠯᠡᠬᠦ᠌ ᠭᠦᠨ ᠵᠤᠵᠠᠭᠠᠨ ᠠᠭᠤᠷ ᠠᠮᠢᠰᠭᠤᠯ ᠢ᠋ ᠪᠣᠶ ᠪᠣᠯᠭᠠᠪᠠ᠃ ᠪᠠᠰᠠ ᠥᠪᠡᠷᠲᠡᠭᠡᠨ ᠵᠠᠰᠠᠬᠤ ᠣᠷᠣᠨ ᠤ᠋ ᠵᠢᠭᠤᠯᠴᠢᠯᠠᠯ ᠤ᠋ᠨ ᠠᠵᠢᠯ ᠲᠥᠷᠥᠯ ᠤ᠋ᠨ ᠵᠢᠱ᠌ᠢᠶᠡᠴᠢ ᠪᠤᠯᠤᠨ ᠢᠳᠡᠬᠡᠮᠵᠢ  ᠠᠯᠳᠠᠭᠰᠠᠳ ᠤ᠋ᠨ ᠨᠡᠷᠡᠰ᠂ ᠪᠣᠯᠪᠠᠰᠤᠨ ᠵᠢᠭᠤᠯᠴᠢᠯᠠᠯ ᠤ᠋ᠨ ᠦᠨᠡᠨᠴᠢ ᠢᠲᠡᠭᠡᠮᠵᠢᠲᠡᠶ ᠡᠵᠡᠩᠨᠡᠯᠲᠡ ᠶ᠋ᠢᠨ ᠰᠠᠨᠠᠭᠠᠴᠢᠯᠠᠭ᠎ᠠ ᠶ᠋ᠢᠨ ᠪᠢᠴᠢᠭ᠂ ᠥᠪᠥᠷ ᠮᠣᠩᠭᠣᠯ ᠤ᠋ᠨ ᠵᠢᠭᠤᠯᠴᠢᠯᠠᠯ ᠤ᠋ᠨ ᠪᠦᠷᠢᠨ ᠴᠢᠳᠠᠮᠵᠢᠳᠦ ᠺᠠᠷᠲ ᠤ᠋ᠨ ᠬᠡᠷᠡᠭᠯᠡᠬᠦ ᠬᠡᠪᠴᠢᠶ᠎ᠠ ᠵᠡᠷᠭᠡ ᠠᠭᠤᠯᠭ᠎ᠠ ᠵᠢ ᠨᠡᠢᠲᠡᠯᠡᠵᠦ᠍᠂ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠪᠠ ᠬᠡᠷᠡᠭ᠌ᠯᠡᠭᠡᠨ ᠤ᠋ ᠲᠥᠬᠥᠮ ᠲᠦᠳᠡ ᠵᠢᠨ ᠬᠡᠮᠵᠢᠶ᠎ᠡ ᠵᠢ ᠦᠷᠭᠦᠯᠵᠢᠯᠡᠨ ᠳᠡᠭᠡᠭ᠌ᠰᠢᠯᠡᠭᠦᠯᠦᠭᠰᠡᠨ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ᠂ ᠬᠥᠬᠡᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠡᠴᠡ ᠭᠤᠤᠯᠯᠠᠨ ᠡᠷᠭᠢᠯᠡᠭᠰᠡᠨ ᠥᠪᠥᠷ ᠮᠣᠩᠭᠣᠯ ᠤ᠋ᠨ ᠬᠤᠪᠢᠶᠠᠷᠢ ᠲᠠᠯᠠᠪᠠᠶ ᠵᠢᠨ ᠠᠵᠢᠯᠯᠠᠭ᠎ᠠ ᠨᠢ 《ᠱᠢᠵᠢᠷ ᠠᠯᠲᠠᠨ ᠤᠯᠠᠷᠢᠯ ᠳ᠋ᠦ ᠥᠪᠥᠷ ᠮᠣᠩᠭᠣᠯ ᠢ᠋ᠶ᠋ᠡᠷ ᠳᠠᠪᠠᠳᠠᠢ ᠵᠢᠭᠤᠯᠴᠢᠯᠠᠬᠤ》 ᠪᠠ ᠬᠥᠬᠡᠬᠣᠲᠠ ᠶ᠋ᠢᠨ ᠭᠤᠤᠯ ᠰᠡᠳᠦᠪ ᠪᠣᠯᠬᠤ 《ᠡᠢᠮᠦ᠍ ᠯᠡ ᠰᠠᠢᠬᠠᠨ ᠬᠦᠬᠡᠬᠤᠳᠠ》 ᠶ᠋ᠢᠨ ᠲᠣᠭᠣᠷᠢᠨ ᠳ᠋ᠦ ᠡᠬᠢᠯᠡᠯᠲᠡ ᠶ᠋ᠢᠨ ᠶᠣᠰᠣᠯᠠᠯ ᠡᠴᠡ ᠭᠠᠳᠠᠨ᠎ᠠ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠦᠳᠦᠭᠡᠭᠳᠡᠬᠦᠨ ᠤ᠋ ᠴᠤᠭ᠍ᠯᠠᠭᠠᠨ᠂ ᠠᠮᠲᠠᠲᠤ ᠢᠳᠡᠭᠡᠨ ᠤ᠋ ᠦᠵᠡᠰᠭᠦᠯᠡᠩ᠂ ᠤᠷᠠᠨ ᠰᠠᠢᠬᠠᠨ ᠤ᠋ ᠲᠣᠭ᠍ᠯᠠᠯᠲᠠ᠂ ᠡᠬᠢ ᠪᠠᠶᠠᠯᠢᠭ ᠤ᠋ᠨ ᠲᠠᠨᠢᠯᠴᠠᠭᠤᠯᠭ᠎ᠠ᠂ ᠰᠣᠳᠣᠨ ᠵᠠᠮ ᠱᠤᠭᠤᠮ ᠤ᠋ᠨ ᠨᠡᠢᠳᠡᠯᠡᠯ ᠵᠢᠴᠢ ᠭᠤᠤᠯ ᠰᠡᠳᠦᠪᠲᠦ ᠰᠠᠷ᠎ᠠ ᠶ᠋ᠢᠨ ᠱᠢᠷᠢᠰ ᠠᠵᠢᠯᠯᠠᠭ᠎ᠠ ᠵᠡᠷᠭᠡ ᠡᠯᠪᠡᠭ ᠪᠠᠶᠠᠯᠢᠭ ᠠᠭᠤᠯᠭ᠎ᠠ ᠪᠠᠷ ᠶᠠᠪᠤᠭᠳᠠᠵᠤ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠭᠤᠰᠤᠯᠴᠠᠨ ᠬᠥᠭ᠌ᠵᠢᠭ᠌ᠰᠡᠨ ᠱᠢᠨ᠎ᠡ ᠦᠷ᠎ᠡ ᠪᠦᠲᠦᠭᠡᠯ ᠢ᠋ ᠪᠥᠬᠥ᠌ ᠲᠠᠯ᠎ᠠ᠎ᠪᠠᠷ ᠳᠡᠯᠭᠡᠨ ᠦᠵᠡᠭᠦᠯᠬᠦ ᠵᠢᠨ ᠬᠠᠮᠳᠤ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠠᠮᠢᠵᠢᠷᠠᠯ ᠤ᠋ᠨ ᠬᠦᠴᠦᠨ ᠢ᠋ ᠤᠯᠠᠮ ᠨᠢᠭᠡ ᠠᠯᠬᠤᠮ ᠬᠥᠭ᠌ᠵᠢᠭᠡᠬᠦ ᠪᠤᠯᠤᠨ᠎ᠠ᠃ 《ᠪᠢᠳᠡ ᠲᠤᠰ ᠡᠳᠦᠷ ᠤ᠋ᠨ ᠠᠵᠢᠯᠯᠠᠭ᠎ᠠ ᠡᠴᠡ ᠭᠠᠳᠠᠨ᠎ᠠ ᠪᠦᠬᠦ ᠤᠷᠤᠨ ᠤ᠋ ᠬᠡᠪᠴᠢᠶᠡᠨ ᠳ᠋ᠦ 〈ᠭᠤᠤᠯ ᠰᠡᠳᠦᠪᠲᠦ ᠰᠠᠷ᠎ᠠ〉 ᠶ᠋ᠢᠨ ᠱᠢᠷᠢᠰ ᠠᠵᠢᠯᠯᠠᠭ᠎ᠠ ᠥᠷᠨᠢᠭᠦᠯᠤᠨ᠂ ᠵᠢᠭᠤᠯᠴᠢᠯᠠᠯ ᠤ᠋ᠨ ᠦᠶ᠋ᠯᠡᠳᠬᠦᠨ ᠤ᠋ ᠬᠠᠩᠭᠠᠯᠭ᠎ᠠ ᠵᠢ ᠦᠷᠭᠦᠯᠵᠢᠯᠡᠨ ᠪᠠᠶᠠᠯᠢᠭ᠍ᠵᠢᠭᠤᠯᠵᠤ᠂ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠠᠬᠤᠶ ᠪᠠᠢᠳᠠᠯ ᠢ᠋ ᠤᠯᠠᠮ ᠥᠷᠭᠡᠳᠭᠡᠨ᠎ᠡ》 ᠭᠡᠵᠦ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠤ᠋ᠨ ᠬᠠᠷᠢᠭᠤᠴᠠᠯᠭᠠᠳᠠᠨ ᠳᠠᠨᠢᠯᠴᠠᠭᠤᠯᠵᠤ ᠪᠠᠢᠯ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号