— 2026 ᠤᠨ᠎ᠤ ᠤᠯᠠᠨ ᠤᠯᠤᠰ᠎ᠤᠨ ᠮᠦᠽᠧᠢ᠎ᠶᠢᠨ ᠡᠳᠦᠷ᠎ᠤᠨ ᠠᠵᠢᠯᠯᠠᠭ᠎ᠠ ᠵᠢᠨ ᠲᠠᠳᠠᠯᠠᠭ᠎ᠠ
2026 ᠣᠨ᠎ᠤ 5 ᠰᠠᠷ᠎ᠠ᠎ᠶ᠋ᠢᠨ 18᠎ᠤ᠋ ᠡᠳᠦᠷ᠂ 《ᠮᠦᠽᠧᠢ᠄ ᠳᠡᠯᠡᠬᠡᠢ ᠳ᠋ᠠᠬᠢᠨ᠎ᠢ ᠬᠣᠯᠪᠣᠬᠤ ᠬᠥᠭᠥᠷᠭᠡ》 ᠪᠡᠷ ᠭᠣᠣᠯ ᠰᠡᠳᠦᠪ ᠪᠣᠯᠭᠠᠭ᠍ᠰᠠᠨ ᠤᠯᠠᠨ ᠤᠯᠤᠰ᠎ᠤᠨ ᠮᠦᠽᠧᠢ᠎ᠶ᠋ᠢᠨ ᠡᠳᠦᠷ᠎ᠦᠨ ᠳᠤᠮᠳᠠᠳᠤ ᠤᠯᠤᠰ᠎ᠤᠨ ᠭᠣᠣᠯ ᠬᠤᠷᠠᠯ᠎ᠤᠨ ᠲᠠᠯᠠᠪᠠᠢ᠎ᠶ᠋ᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃ ᠠᠵᠢᠯᠯᠠᠭ᠎ᠠ᠎ᠶ᠋ᠢ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠭᠤᠤᠯᠯᠠᠨ ᠡᠷᠭᠢᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠣᠶᠣᠯ᠎ᠤᠨ ᠦᠵᠡᠰᠭᠦᠯᠡᠩ᠎ᠦᠨ ᠦᠷ᠎ᠡ ᠪᠦᠲᠦᠭᠡᠯ᠎ᠢ ᠦᠵᠡᠬᠦᠯᠵᠦ᠂ ᠪᠣᠯᠪᠠᠰᠤᠨ᠎ᠤ ᠰᠣᠯᠢᠯᠴᠠᠭ᠎ᠠ ᠲᠣᠯᠢᠯᠠᠯ᠎ᠢ ᠭᠦᠨᠵᠡᠭᠡᠢᠷᠡᠭᠦᠯᠦᠨ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠵᠦ᠍ ᠬᠠᠮᠲᠤ᠎ᠪᠠᠷ ᠡᠳ᠋ᠯᠡᠬᠦ ᠳ᠋ᠦ᠍ ᠬᠦᠴᠦ᠍᠎ᠪᠡᠨ ᠲᠥᠪᠯᠡᠷᠡᠭᠦᠯᠵᠦ᠍᠂ ᠳᠡᠭᠡᠳᠦ ᠲᠠᠰ᠎ᠤᠨ ᠶᠠᠷᠢᠶᠠᠨ᠎ᠤ ᠲᠠᠪᠴᠠᠩ᠂ ᠰᠣᠳᠣᠨ ᠦᠵᠡᠰᠭᠦᠯᠡᠩ᠂ ᠣᠯᠠᠨ ᠡᠱᠢᠲᠦ ᠨᠡᠢᠭᠡᠮ ᠤ᠋ᠨ ᠰᠤᠷᠭᠠᠨ ᠬᠥᠮᠦᠵᠢᠯ᠎ᠦᠨ ᠠᠵᠢᠯᠯᠠᠭ᠎ᠠ᠎ᠪᠠᠷ ᠡᠷᠲᠡᠨ ᠡᠳᠦᠭᠡ᠎ᠶ᠋ᠢ ᠬᠣᠯᠪᠣᠨ ᠨᠡᠪᠲᠡᠷᠡᠯᠴᠡᠭᠦᠯᠬᠦ᠌᠂ ᠳᠡᠯᠡᠬᠡᠶ ᠳ᠋ᠠᠬᠢᠨ᠎ᠲᠠᠶ ᠶᠠᠷᠢᠯᠴᠠᠭ᠎ᠠ ᠬᠢᠬᠦ᠌ ᠰᠣᠶᠣᠯ᠎ᠤᠨ ᠬᠥᠭᠥᠷᠭᠡ᠎ᠶ᠋ᠢ ᠴᠣᠭ᠍ᠴᠠᠯᠠᠵᠤ᠂ ᠳᠤᠮᠳᠠᠳᠤ ᠤᠯᠤᠰ᠎ᠤᠨ ᠮᠦᠽᠧᠶ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠪᠣᠯᠤᠨ ᠥᠪᠥᠷ ᠮᠣᠩᠭᠣᠯ᠎ᠤᠨ ᠰᠣᠶᠣᠯ᠎ᠤᠨ ᠦᠵᠡᠰᠭᠦᠯᠡᠩ᠎ᠦᠨ ᠦᠶ᠋ᠯᠡᠰ᠎ᠦᠨ ᠥᠪᠡᠷᠮᠢᠴᠡ ᠷᠢᠳᠢ ᠱᠢᠳᠢ᠎ᠶ᠋ᠢ ᠪᠥᠬᠥ᠌ ᠲᠠᠯ᠎ᠠ᠎ᠪᠠᠷ ᠢᠯᠡᠷᠡᠭᠦᠯᠪᠡ᠃
ᠢᠷᠡᠭᠡᠳᠦᠢ ᠵᠢᠨ ᠲᠦᠰᠦᠪ
《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠤᠶᠤᠯ᠎ᠤᠨ ᠦᠵᠡᠰᠬᠦᠯᠡᠩ᠎ᠤᠨ ᠠᠵᠢᠯ᠎ᠤᠨ ᠭᠣᠣᠯᠳᠠᠯᠭ᠎ᠠ ᠪᠣᠯᠤᠭ᠍ᠰᠠᠨ᠎ᠤ ᠬᠤᠪᠢ᠎ᠳᠤ᠂ ᠲᠤᠰ ᠤᠳᠠᠭ᠎ᠠ᠎ᠶ᠋ᠢᠨ ᠬᠠᠪᠰᠤᠷᠤᠨ ᠲᠡᠳᠬᠦᠬᠦ᠌ ᠬᠠᠮᠲᠤ᠎ᠶ᠋ᠢᠨ ᠠᠵᠢᠯᠯᠠᠭ᠎ᠠ ᠨᠢ ᠳᠤᠮᠳᠠ ᠪᠠᠭ᠎ᠠ ᠮᠦᠽᠧᠢ᠎ᠶ᠋ᠢᠨ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠤᠰᠭᠠᠢ ᠵᠢᠯᠣᠭᠣᠳᠭᠤ᠂ ᠵᠢᠱ᠌ᠢᠢ᠎ᠡ ᠦᠵᠡᠭᠦᠯᠦᠨ ᠳᠠᠢᠴᠢᠯᠠᠬᠤ᠂ ᠪᠦᠬᠦ᠌ ᠣᠷᠣᠨ ᠪᠦᠰᠡ᠎ᠪᠡᠷ ᠬᠠᠮᠵᠢᠯᠴᠠᠬᠤ ᠬᠠᠪᠰᠤᠷᠤᠨ ᠲᠡᠳᠬᠦᠬᠦ᠌ ᠪᠠᠢᠷᠢᠱᠢᠯ᠎ᠢᠶᠠᠷ ᠳᠠᠮᠵᠢᠨ ᠦᠨᠳᠦᠰᠦᠨ ᠱᠠᠲᠤᠨ᠎ᠤ ᠮᠦᠽᠧᠢ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠰᠣᠶᠣᠯ᠎ᠤᠨ ᠬᠤᠷ᠎ᠠ᠎ᠶ᠋ᠢᠨ ᠱᠢᠮ᠎ᠡ᠎ᠪᠡᠷ ᠨᠡᠩ ᠤᠯᠠᠨ ᠭᠠᠵᠠᠷ ᠣᠷᠣᠨ᠎ᠳᠤ ᠠᠱᠢᠭ ᠬᠦᠷᠲᠡᠭᠡᠬᠦ᠌᠎ᠶ᠋ᠢ ᠵᠤᠷᠢᠵᠠᠢ᠃

ᠡᠷᠳᠡᠨ᠎ᠤ ᠤᠷᠠᠨ ᠵᠢᠷᠤᠭ᠎ᠤ᠋ᠨ ᠰᠤᠡᠭᠭᠤᠳᠠᠭ ᠪᠦᠳᠤᠭᠡᠯ
ᠪᠠᠰᠠ᠂ 2026 ᠣᠨ᠎ᠤ 《ᠪᠣᠯᠪᠠᠰᠤᠨ ᠬᠥᠭᠥᠷᠭᠡ᠎ᠶ᠋ᠢᠨ ᠲᠥᠯᠥᠪᠯᠡᠭᠡ — ᠭᠠᠳᠠᠭᠠᠳᠦ᠎ᠳᠦ ᠭᠠᠷᠭᠠᠬᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠦᠵᠡᠰᠭᠦᠯᠡᠩ᠎ᠦᠨ ᠰᠣᠳᠣᠨ ᠪᠦᠲᠦᠭᠡᠯ》 ᠤ᠋ᠨ ᠲᠦᠷᠦᠯ ᠵᠦᠢᠯ᠎ᠢ ᠡᠬᠢᠯᠡᠬᠦᠯᠵᠦ᠂ ᠭᠠᠳᠠᠭᠠᠳᠦ᠎ᠳᠦ ᠭᠠᠷᠭᠠᠬᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠦᠵᠡᠰᠭᠦᠯᠡᠩ᠎ᠢ ᠱᠢᠯᠢᠳᠡᠭ᠎ᠢ ᠨᠢ ᠰᠣᠩᠭᠣᠨ ᠬᠡᠷᠡᠭ᠌ᠵᠢᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢᠶᠡᠷ ᠵᠠᠭᠤᠴᠢ ᠪᠣᠯᠭᠠᠨ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ᠎ᠶ᠋ᠢᠨ ᠪᠣᠯᠪᠠᠰᠤᠨ᠎ᠤ ᠳᠠᠮᠵᠢᠭᠤᠯᠬᠤ ᠬᠦᠴᠦᠨᠪᠠ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠨᠡᠮᠡᠭ᠌ᠳᠡᠭᠦᠯᠦᠨ᠎ᠡ᠃
《ᠴᠠᠬᠢᠯᠭᠠᠨ ᠬᠦᠴᠦᠨ + ᠲᠡᠦᠬᠡ᠎ᠶ᠋ᠢᠨ ᠳᠤᠷᠠᠰᠭᠠᠯᠲᠤ ᠵᠦᠢᠯᠡᠰ》 ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢᠨ ᠦᠷ᠎ᠡ ᠪᠦᠲᠦᠭᠡᠯ᠎ᠢ ᠲᠠᠨᠢᠯᠴᠠᠭᠤᠯᠬᠤ ᠠᠵᠢᠯᠯᠠᠭ᠎ᠠ᠎ᠳᠦ᠂ ᠴᠠᠬᠢᠯᠭᠠᠨ ᠬᠦᠴᠦᠨ᠎ᠦ ᠰᠠᠢ᠌ᠨ ᠳᠤᠷᠠᠴᠤᠳ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠮᠣᠷᠢᠲᠤ ᠴᠡᠷᠢᠭ᠎ᠤᠨ ᠰᠠᠢᠨ ᠲᠤᠷᠠᠴᠤᠳ ᠪᠣᠯᠤᠨ ᠤᠷᠳᠤ ᠴᠠᠭᠠᠨ ᠬᠡᠷᠡᠮ᠎ᠦᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠲᠡᠮᠡᠭᠡᠴᠢᠨ ᠰᠠᠢᠨ ᠲᠤᠷᠠᠴᠤᠳ ᠬᠠᠮᠲᠤ᠎ᠪᠠᠷ ᠲᠡᠥᠬᠡ᠎ᠶᠢᠨ ᠲᠤᠷᠠᠰᠬᠠᠯᠳᠦ ᠵᠦᠢᠯᠡᠰ᠎ᠢ ᠬᠠᠮᠠᠭᠠᠯᠠᠭᠰᠠᠨ ᠦᠷ᠎ᠠ ᠪᠦᠳᠦᠮᠵᠢ᠎ᠵᠢ ᠨᠡᠢᠳᠡᠯᠡᠨ᠂ ᠨᠡᠢᠭᠡᠮ᠎ᠦᠨ ᠬᠦᠴᠦᠨ᠎ᠦ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ᠎ᠳᠤ ᠣᠷᠣᠯᠴᠠᠭ᠍ᠰᠠᠨ ᠠᠮᠢᠳᠤᠯᠢᠭ ᠦᠢᠯᠡᠳᠦᠯᠭᠡ᠎ᠶ᠋ᠢ ᠢᠯᠡᠷᠡᠭᠦᠯᠵᠦ᠍᠂ ᠪᠦᠬᠦ᠌ ᠠᠷᠠᠳ᠎ᠤᠨ ᠰᠣᠶᠣᠯ᠎ᠤᠨ ᠥᠪ᠎ᠢ ᠰᠠᠬᠢᠨ ᠬᠠᠮᠠᠭᠠᠯᠠᠬᠤ ᠬᠠᠮᠲᠤ᠎ᠶ᠋ᠢᠨ ᠲᠠᠨᠢᠯᠲᠠ ᠪᠣᠯᠤᠨ ᠡᠭᠦᠷᠭᠡᠯᠡᠯ᠎ᠢ ᠢᠯᠡᠷᠡᠭᠦᠯᠪᠡ᠃
ᠬᠦᠬᠦᠷᠭᠡ ᠬᠤᠯᠪᠤᠭᠠᠰᠤ
ᠣᠯᠠᠨ ᠤᠯᠤᠰ᠎ᠤᠨ ᠮᠦᠽᠧᠶ᠎ᠶ᠋ᠢᠨ ᠡᠳᠦᠷ᠎ᠦᠨ ᠭᠤᠤᠯ ᠶᠠᠷᠢᠶᠠᠨ᠎ᠤ ᠲᠠᠪᠴᠠᠩ᠎ᠳᠦ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠰᠣᠶᠣᠯ᠎ᠤᠨ ᠦᠵᠡᠰᠭᠦᠯᠡᠩ᠎ᠦᠨ ᠡᠲᠡᠭᠡᠳ᠎ᠦᠨ ᠰᠤᠳᠤᠴᠤᠤᠯ ᠴᠤᠭᠯᠠᠷᠠᠵᠦ᠂ ᠮᠦᠽᠧᠶ᠎ᠶ᠋ᠢᠨ ᠨᠡᠢᠭᠡᠮ᠎ᠦᠨ ᠬᠤᠪᠢᠰᠤᠯᠲᠠ᠎ᠳᠠᠬᠢ ᠬᠥᠭᠥᠷᠭᠡ᠎ᠶ᠋ᠢᠨ ᠦᠨ᠎ᠡ ᠥᠷᠲᠡᠭ᠎ᠢ ᠬᠠᠮᠲᠤ᠎ᠪᠠᠷ ᠶᠠᠷᠢᠯᠴᠠᠪᠠ᠃ ᠶᠠᠷᠢᠶᠠᠨ᠎ᠤ ᠲᠠᠪᠴᠠᠩ᠎ᠤᠨ ᠭᠣᠣᠯ ᠰᠡᠳᠦᠪ᠎ᠦᠨ ᠲᠣᠭᠣᠷᠢᠨ᠎ᠳᠤ᠂ ᠤᠯᠤᠰ᠎ᠤᠨ ᠳᠣᠲᠣᠭᠠᠳᠤ᠎ᠶ᠋ᠢᠨ ᠮᠦᠽᠧᠢ᠎ᠶ᠋ᠢᠨ ᠲᠤᠰᠭᠠᠢ ᠮᠡᠷᠭᠡᠵᠢᠯᠲᠡᠨ᠂ ᠤᠯᠠᠨ ᠤᠯᠤᠰ᠎ᠤᠨ ᠵᠣᠴᠢᠳ᠎ᠲᠠᠶ ᠨᠢᠭᠡ ᠲᠠᠩᠬᠢᠮ᠎ᠳᠤ ᠴᠤᠭ᠍ᠯᠠᠷᠠᠵᠤ᠂ 《ᠨᠡᠢᠭᠡᠮ᠎ᠦᠨ ᠲᠦᠷᠭᠡᠨ ᠬᠤᠪᠢᠷᠠᠯᠲᠠ᠎ᠳᠡᠬᠢ ᠮᠦᠽᠧᠢ᠎ᠶ᠋ᠢᠨ ᠪᠣᠯᠪᠠᠰᠤᠨ᠎ᠤ ᠬᠥᠭᠥᠷᠭᠡ᠎ᠶ᠋ᠢᠨ ᠦᠢᠯᠡᠳᠦᠯ》 ᠤ᠋ᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠪᠣᠯᠪᠠᠰᠤᠨ᠎ᠤ ᠰᠣᠯᠢᠯᠴᠠᠭ᠎ᠠ᠂ ᠡᠷᠬᠡ ᠲᠡᠭ᠌ᠰᠢ ᠶᠠᠷᠢᠯᠴᠠᠭ᠎ᠠ᠂ ᠰᠣᠶᠣᠯ᠎ᠤᠨ ᠪᠠᠭ᠍ᠲᠠᠭᠠᠮᠵᠢ ᠵᠡᠷᠭᠡ ᠭᠣᠣᠯ ᠵᠥᠪᠯᠡᠬᠦ᠌ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠭᠠᠳᠠᠭᠠᠳᠤ᠎ᠶ᠋ᠢᠨ ᠮᠦᠽᠧᠢ᠎ᠶ᠋ᠢᠨ ᠰᠣᠶᠣᠯ᠎ᠤᠨ ᠤᠯᠠᠮᠵᠢᠯᠠᠯ᠂ ᠤᠯᠠᠨ ᠨᠡᠢᠲᠡ᠎ᠶ᠋ᠢᠨ ᠦᠢᠯᠡᠴᠢᠯᠡᠭᠡ᠂ ᠤᠯᠠᠨ ᠤᠯᠤᠰ᠎ᠤᠨ ᠰᠣᠯᠢᠯᠴᠠᠭ᠎ᠠ ᠵᠡᠷᠭᠡ ᠬᠦᠷᠢᠶᠡᠨ᠎ᠳᠡᠬᠢ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠬᠤᠪᠢᠶᠠᠯᠴᠠᠵᠤ᠂ ᠪᠦᠬᠦ᠌ ᠪᠥᠮᠪᠥᠷᠴᠡᠭ᠎ᠦᠨ ᠮᠦᠽᠧᠢ᠎ᠶ᠋ᠢᠨ ᠦᠢᠯᠡᠰ᠎ᠦᠨ ᠬᠥᠭ᠌ᠵᠢᠯᠲᠡ᠎ᠳᠦ ᠳᠤᠮᠳᠠᠳᠤ ᠤᠯᠤᠰ᠎ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ᠎ᠤᠨ ᠲᠥᠰᠦᠯ᠎ᠢ ᠬᠠᠨᠳᠢᠪᠯᠠᠪᠠ᠃

ᠣᠯᠠᠨ ᠤᠯᠤᠰ᠎ᠤᠨ ᠮᠦᠽᠧᠶ᠎ᠶ᠋ᠢᠨ ᠡᠳᠦᠷ᠎ᠦᠨ ᠠᠵᠢᠯᠯᠠᠭ᠎ᠠ ᠦᠵᠡᠭᠴᠢᠳ᠎ᠢ ᠲᠠᠳᠠᠨ᠎ᠠ
ᠤᠯᠠᠨ ᠤᠯᠤᠰ᠎ᠤᠨ ᠮᠦᠽᠧᠢ᠎ᠶ᠋ᠢᠨ ᠨᠡᠢᠭᠡᠮᠯᠢᠭ ᠪᠠᠢᠭᠤᠯᠤᠭ᠍ᠳᠠᠭ᠍ᠰᠠᠨ 80 ᠵᠢᠯ᠎ᠦᠨ ᠤᠢ᠎ᠶ᠋ᠢᠨ ᠴᠢᠬᠤᠯᠠ ᠠᠵᠢᠯᠯᠠᠭ᠎ᠠ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠲᠤᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ ᠨᠢ ᠳᠤᠮᠳᠠᠳᠤ ᠭᠠᠳᠠᠭᠠᠳᠤ᠎ᠶ᠋ᠢᠨ ᠰᠣᠶᠣᠯ ᠦᠵᠡᠰᠭᠦᠯᠡᠩ᠎ᠦᠨ ᠡᠲᠡᠭᠡᠳ᠎ᠦᠨ ᠶᠠᠷᠢᠯᠴᠠᠭ᠎ᠠ ᠰᠣᠯᠢᠯᠴᠠᠭᠠᠨ᠎ᠤ ᠳᠡᠭᠡᠳᠦ ᠲᠡᠰ᠎ᠤᠨ ᠲᠠᠪᠴᠠᠩ᠎ᠢ ᠪᠠᠢᠭᠤᠯᠵᠤ᠂ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠤᠨ ᠳᠤᠮᠳᠠ ᠣᠢᠯᠠᠭᠠᠯᠴᠠᠭ᠎ᠠ᠎ᠪᠠᠨ ᠨᠡᠮᠡᠭ᠌ᠳᠡᠭᠦᠯᠵᠦ᠍᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ᠎ᠶ᠋ᠢ ᠠᠬᠢᠭᠤᠯᠵᠤ᠂ ᠮᠦᠽᠧᠢ᠎ᠶ᠋ᠢ ᠳᠡᠯᠡᠬᠡᠢ ᠳ᠋ᠠᠬᠢᠨ᠎ᠢ ᠬᠣᠯᠪᠣᠬᠤ ᠴᠢᠬᠤᠯᠠ ᠬᠦᠬᠦᠷᠭᠡ ᠪᠣᠯᠭᠠᠪᠠ᠃
ᠲᠠᠪᠠᠯᠳᠠᠳᠤ ᠬᠥᠭ᠌ᠵᠢᠯᠲᠡ
ᠡᠬᠢᠯᠡᠯᠲᠡ᠎ᠶ᠋ᠢᠨ ᠶᠣᠰᠣᠯᠠᠯ ᠥᠪᠥᠷ ᠮᠣᠩᠭᠣᠯ᠎ᠤᠨ ᠮᠦᠽᠧᠶ᠎ᠳᠦ ᠶᠠᠪᠤᠭ᠍ᠳᠠᠵᠤ᠂ ᠠᠯᠢ ᠣᠯᠠᠨ ᠴᠢᠬᠤᠯᠠ ᠶᠡᠬᠡ ᠨᠡᠢᠲᠡᠯᠡᠯ ᠪᠠ ᠭᠡᠷ᠎ᠡ ᠲᠣᠭ᠍ᠲᠠᠬᠤ ᠶᠣᠰᠣᠯᠠᠯ᠎ᠨᠢ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠦᠵᠡᠰᠭᠦᠯᠡᠩ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠠᠷᠭ᠎ᠠ ᠵᠠᠮ᠎ᠢ ᠵᠢᠷᠤᠭ᠍ᠯᠠᠪᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ 2025 ᠣᠨ᠎ᠤ ᠳᠤᠮᠳᠠᠳᠤ ᠤᠯᠤᠰ᠎ᠤᠨ ᠮᠦᠽᠧᠶ᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢᠨ ᠬᠠᠮᠤᠭ᠎ᠤᠨ ᠱᠢᠨ᠎ᠡ ᠲᠣᠭ᠎ᠠ ᠪᠠᠷᠢᠮᠲᠠ᠎ᠶ᠋ᠢ ᠨᠡᠢᠲᠡᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠪᠥᠬᠥ᠌ ᠤᠯᠤᠰ᠎ᠤᠨ ᠮᠦᠽᠧᠶ᠎ᠶ᠋ᠢᠨ ᠲᠡᠥᠬᠡ᠎ᠶᠢᠨ ᠲᠤᠷᠠᠰᠬᠠᠯᠳᠦ ᠵᠦᠢᠯᠡᠰ᠎ᠢ ᠬᠠᠮᠠᠭᠠᠯᠠᠬᠤ᠂ ᠦᠵᠡᠰᠭᠦᠯᠡᠩ᠎ᠢ ᠰᠠᠢᠵᠢᠷᠠᠭᠤᠯᠬᠤ᠂ ᠣᠯᠠᠨ ᠨᠡᠢᠲᠡ᠎ᠶ᠋ᠢᠨ ᠦᠶ᠋ᠯᠡᠴᠢᠯᠡᠭᠡ᠎ᠵᠢ ᠳᠡᠰ ᠳᠡᠪᠰᠢᠬᠦᠯᠬᠦ ᠵᠡᠷᠭᠡ ᠬᠦᠷᠢᠶᠡᠨ᠎ᠳᠡᠬᠢ ᠲᠤᠪᠤᠢᠮ᠎ᠠ ᠦᠷ᠎ᠡ ᠪᠦᠲᠦᠮᠵᠢ᠎ᠶ᠋ᠢ ᠨᠡᠢᠳᠡᠯᠡᠵᠦ᠂ ᠲᠣᠭ᠎ᠠ ᠪᠠᠷᠢᠮᠲᠠ᠎ᠪᠠᠷ ᠰᠣᠶᠣᠯ᠎ᠤᠨ ᠦᠵᠡᠰᠭᠦᠯᠡᠩ᠎ᠦᠨ ᠦᠶ᠋ᠯᠡᠰ᠎ᠦᠨ ᠲᠠᠪᠠᠯᠳᠠᠳᠤ ᠬᠥᠭ᠌ᠵᠢᠯᠲᠡ᠎ᠶ᠋ᠢᠨ ᠠᠯᠬᠤᠮ᠎ᠢ ᠭᠡᠷᠡᠴᠢᠯᠡᠪᠡ᠃
ᠡᠭᠦᠨ᠎ᠦ ᠬᠠᠮᠲᠤ᠂ ᠬᠣᠷᠢᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠮᠦᠽᠧᠶ᠎ᠶ᠋ᠢᠨ ᠠᠷᠪᠠᠨ ᠶᠡᠬᠡ ᠳᠡᠯᠭᠡᠨ ᠦᠵᠡᠭᠦᠯᠭᠡ᠎ᠶ᠋ᠢᠨ ᠰᠣᠳᠣᠨ ᠪᠦᠲᠦᠭᠡᠯ᠎ᠦᠨ ᠦᠷ᠎ᠡ ᠳ᠋ᠦᠩ᠎ᠢ ᠨᠡᠢᠲᠡᠯᠡᠵᠦ᠍᠂ ᠨᠡᠢᠳᠡᠯᠢᠭ ᠵᠢᠱ᠌ᠢᠶ᠎ᠡ ᠪᠡᠷ ᠪᠥᠬᠥ᠌ ᠤᠯᠤᠰ᠎ᠤᠨ ᠮᠦᠽᠧᠶ᠎ᠶ᠋ᠢᠨ ᠦᠵᠡᠭᠦᠯᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠬᠥᠲᠥᠯᠦᠨ ᠳᠠᠭᠠᠭᠤᠯᠵᠤ᠂ ᠰᠣᠶᠣᠯ ᠦᠵᠡᠰᠭᠦᠯᠡᠩ᠎ᠦᠨ 《ᠲᠣᠭ᠎ᠠ ᠬᠡᠮᠵᠢᠶᠡᠨ᠎ᠦ ᠨᠡᠮᠡᠭ᠌ᠳᠡᠯ》 ᠡᠴᠡ 《ᠶᠠᠰᠤ ᠴᠢᠨᠠᠷ᠎ᠤᠨ ᠳᠠᠪᠰᠢᠯᠳᠠ》 ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃

《ᠮᠦᠽᠸᠢ ᠵᠢᠨ ᠦᠳᠡᠰᠢ》 ᠤᠷᠠᠨ ᠰᠠᠢᠬᠠᠨ᠎ᠤ ᠲᠤᠬᠯᠠᠯᠳᠠ ᠵᠢᠨ ᠬᠡᠰᠡᠭ ᠦᠵᠡᠭᠳᠡᠯ
ᠰᠣᠳᠣᠨ ᠪᠦᠲᠦᠭᠡᠯ
ᠠᠵᠢᠯᠯᠠᠭ᠎ᠠ᠎ᠶ᠋ᠢᠨ ᠬᠤᠭᠤᠴᠠᠭᠠᠨ᠎ᠳᠤ᠂ 60 ᠭᠠᠷᠤᠢ ᠰᠣᠳᠣᠨ ᠦᠵᠡᠰᠭᠦᠯᠡᠩ ᠦᠵᠡᠬᠦᠯᠬᠡ᠎ᠵᠢ ᠲᠥᠪᠯᠡᠷᠡᠭᠦᠯᠦᠨ ᠦᠵᠡᠭᠦᠯᠵᠦ᠍᠂ ᠪᠣᠯᠪᠠᠰᠤᠨ᠎ᠤ ᠶᠠᠷᠢᠯᠴᠠᠭ᠎ᠠ᠂ ᠰᠣᠶᠣᠯ᠎ᠤᠨ ᠤᠯᠠᠮᠵᠢᠯᠠᠯ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠵᠡᠷᠭᠡ ᠤᠯᠠᠨ ᠡᠱᠢᠲᠦ ᠭᠣᠣᠯ ᠰᠡᠳᠦᠪ᠎ᠢ ᠬᠠᠮᠤᠷᠴᠤ᠌᠂ ᠭᠦᠨᠵᠡᠬᠡᠢ ᠪᠡᠶᠡᠴᠢᠯᠡᠨ ᠤᠢᠯᠠᠭᠠᠬᠤ ᠮᠠᠶᠢᠭ᠎ᠤᠨ ᠪᠣᠯᠪᠠᠰᠤᠨ᠎ᠤ ᠦᠪᠡᠳᠡᠭ᠌ᠰᠢ ᠴᠤᠭᠯᠠᠭᠠᠨ᠎ᠢ ᠡᠷᠬᠢᠯᠡᠪᠡ᠃
ᠡᠬᠦᠨ᠎ᠳᠦ᠂ 《ᠡᠯᠳᠡᠪ ᠡᠷᠳᠡᠨᠢᠰ ᠦᠩᠭᠡ ᠢᠯᠭᠠᠷᠠᠭᠰᠠᠨ ᠦᠨᠢᠷ ᠪᠠᠶᠠᠯᠢᠭ ᠳᠤᠮᠳᠠᠳᠤ ᠤᠯᠤᠰ》 ᠭᠡᠬᠦ᠌ ᠦᠵᠡᠰᠭᠦᠯᠡᠩ ᠨᠢ ᠳᠤᠮᠳᠠᠳᠤ᠎ᠶ᠋ᠢᠨ ᠦᠨᠳᠦᠰᠦᠲᠡᠨ᠎ᠦ ᠠᠯᠲᠠ ᠬᠠᠰ ᠵᠡᠷᠭᠡ ᠰᠣᠶᠣᠯ᠎ᠤᠨ ᠦᠨᠡᠲᠦ ᠡᠷᠳᠡᠨᠢᠰ᠎ᠢᠶᠡᠷ ᠭᠤᠤᠯ ᠪᠤᠯᠭᠠᠨ᠂ ᠪᠦᠬᠦ ᠤᠯᠤᠰ᠎ᠤᠨ ᠤᠯᠠᠨ ᠮᠦᠽᠧᠢ᠎ᠶᠢᠨ ᠡᠷᠳᠡᠨᠢᠰ᠎ᠢ ᠴᠤᠭᠯᠠᠭᠤᠯᠤᠨ᠂ ᠡᠯ᠎ᠡ ᠦᠨᠳᠦᠰᠦᠲᠡᠨ᠎ᠦ ᠰᠣᠶᠣᠯ᠎ᠤᠨ ᠠᠭᠤᠰᠤᠯᠴᠠᠵᠤ ᠬᠠᠮᠲᠤ᠎ᠪᠠᠷ ᠣᠷᠣᠱᠢᠬᠤ ᠲᠡᠦᠬᠡ᠎ᠶ᠋ᠢᠨ ᠰᠤᠳᠠᠰᠤ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠢ᠎ᠶ᠋ᠢ ᠢᠯᠡᠷᠡᠭᠦᠯᠪᠡ᠃ 《ᠦᠵᠡᠰᠭᠦᠯᠡᠩᠲᠦ ᠰᠠᠢᠬᠠᠨ ᠠᠭᠤᠯᠠ ᠤᠰᠤ ᠦᠷᠨᠢᠯ ᠪᠠᠳᠠᠷᠠᠯᠳᠦᠬᠥᠬᠡᠬᠣᠲᠠ — ᠬᠥᠬᠡᠬᠣᠲᠠ ᠶ᠋ᠢᠨ ᠲᠡᠦᠬᠡ ᠰᠣᠶᠣᠯ ᠤ᠋ᠨ ᠦᠵᠡᠭᠦᠯᠭᠡ》 ᠨᠢ ᠬᠥᠬᠡᠬᠣᠲᠠ᠎ᠶ᠋ᠢᠨ ᠭᠦᠨ ᠵᠤᠵᠠᠭᠠᠨ ᠰᠣᠶᠣᠯ ᠲᠡᠥᠬᠡ᠎ᠶᠢᠨ ᠤᠯᠠᠮᠵᠢᠯᠠᠯᠳᠤ ᠰᠠᠭᠤᠷᠢᠯᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠪᠣᠳᠠᠲᠤ ᠭᠡᠷᠡᠴᠢ᠎ᠪᠡᠷ ᠮᠠᠯ ᠠᠵᠤ ᠠᠬᠤᠢ ᠲᠠᠷᠢᠶᠠᠯᠠᠩ ᠰᠣᠯᠪᠢᠴᠠᠭ᠍ᠰᠠᠨ ᠭᠠᠵᠠᠷ ᠣᠷᠣᠨ᠎ᠤ ᠦᠨᠳᠦᠰᠦᠲᠡᠨ ᠨᠤᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠶᠠᠪᠤᠴᠠ᠎ᠶ᠋ᠢ ᠱᠢᠰᠲᠸᠮ ᠲᠠᠢ ᠳᠡᠯᠭᠡᠨ ᠦᠵᠡᠭᠦᠯᠵᠦ᠍᠂ ᠥᠪᠥᠷ ᠮᠣᠩᠭᠣᠯ᠎ᠤᠨ ᠭᠠᠵᠠᠷ ᠣᠷᠣᠨ᠎ᠤ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠭᠦᠢᠴᠡᠳ ᠢᠯᠡᠷᠡᠭᠦᠯᠪᠡ᠃

《ᠡᠯᠳᠡᠪ ᠡᠷᠳᠡᠨᠢᠰ ᠦᠩᠭᠡ ᠢᠯᠭᠠᠷᠠᠭᠰᠠᠨ ᠦᠨᠢᠷ ᠪᠠᠶᠠᠯᠢᠭ ᠳᠤᠮᠳᠠᠳᠤ ᠤᠯᠤᠰ》 ᠭᠡᠬᠦ᠌ ᠦᠵᠡᠬᠦᠯᠭᠡ
ᠱᠢᠷᠢᠰ ᠤᠨᠴᠠᠯᠢᠬ᠍ᠳᠤ ᠦᠵᠡᠭᠦᠯᠭᠡ 《100 ᠲᠡᠦᠬᠡ᠎ᠶ᠋ᠢᠨ ᠳᠤᠷᠠᠰᠭᠠᠯᠲᠤ ᠵᠦᠢᠯᠡᠰ᠎ᠢᠶᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠡᠷᠡᠯ ᠵᠢᠷᠤᠭ᠎ᠤᠨ ᠦᠵᠡᠭᠦᠯᠬᠡ》 ᠨᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢᠶᠡᠷ ᠰᠦᠪᠡᠭ᠌ᠴᠢ ᠪᠣᠯᠭᠠᠵᠤ᠂ 100 ᠲᠦᠮᠡᠨ ᠵᠢᠯ᠎ᠦᠨ ᠬᠥᠮᠦᠨ ᠲᠥᠷᠥᠯᠬᠢᠲᠡᠨ᠎ᠦ ᠲᠡᠦᠬᠡ᠂ 5000 ᠵᠢᠯ᠎ᠦᠨ ᠪᠣᠯᠪᠠᠰᠤᠨ᠎ᠤ ᠲᠡᠦᠬᠡ᠎ᠶ᠋ᠢ ᠬᠣᠯᠪᠣᠵᠤ᠂ ᠦᠨᠳᠦᠰᠦᠲᠡᠨ᠎ᠦ ᠠᠭᠤᠰᠤᠯᠴᠠᠭ᠍ᠰᠠᠨ ᠲᠡᠦᠬᠡ᠎ᠶ᠋ᠢ ᠭᠡᠷᠡᠴᠢᠯᠡᠪᠡ; ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ᠌ ᠠᠵᠢᠯᠯᠠᠭ᠎ᠠ᠎ᠨᠢ 16 ᠵᠦᠶ᠋ᠯ᠎ᠦᠨ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠱᠢᠯ᠎ᠦᠨ 41 ᠰᠣᠳᠣᠨ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪᠯᠡᠨ ᠤᠯᠠᠮᠵᠢᠯᠠᠭᠴᠢ ᠲᠤᠬᠠᠶ᠎ᠶ᠋ᠢᠨ ᠲᠠᠯᠠᠪᠠᠶ᠎ᠳᠤ ᠲᠤᠭᠤᠷᠢᠨ ᠦᠵᠡᠭᠴᠢᠳ ᠲᠠᠢ ᠬᠠᠷᠢᠯᠴᠠᠨ ᠳᠡᠯᠭᠡᠨ ᠦᠵᠡᠭᠦᠯᠵᠦ᠍᠂ ᠦᠵᠡᠭ᠌ᠴᠢᠳ᠎ᠲᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠢᠵᠢᠷᠠᠯ᠎ᠤᠨ ᠬᠦᠴᠦᠨ᠎ᠢ ᠣᠢᠷ᠎ᠠ ᠵᠠᠶ᠎ᠠᠴᠠ ᠮᠡᠳᠡᠷᠡᠭᠦᠯᠪᠡ᠃ ᠪᠠᠰᠠ᠂ ᠨᠡᠭᠦᠳᠡᠯ ᠲᠣᠭᠠᠴᠢᠯᠠᠭ᠍ᠰᠠᠨ ᠮᠦᠽᠧᠢ᠎ᠶ᠋ᠢ ᠦᠵᠡᠬᠦᠯᠵᠦ᠂ 3D ᠮᠡᠷᠭᠡᠵᠢᠯ᠂ AR / VR ᠦᠵᠡᠬᠦᠯᠬᠡ᠎ᠵᠢ ᠰᠤᠨᠢᠷᠬᠠᠬᠤ᠂ AI ᠲᠣᠭᠠᠴᠢᠯᠠᠭ᠍ᠰᠠᠨ ᠬᠥᠮᠦᠨ᠎ᠢᠶᠡᠷ ᠵᠠᠮᠴᠢᠯᠠᠭᠤᠯᠬᠤ ᠵᠡᠷᠭᠡ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠦᠵᠡᠭᠦᠯᠭᠡ ᠨᠢ ᠴᠠᠭ ᠬᠤᠭᠤᠴᠠᠭ᠎ᠠ ᠪᠠ ᠣᠷᠣᠨ ᠵᠠᠢ᠎ᠶ᠋ᠢᠨ ᠬᠢᠵᠠᠭᠠᠷᠯᠠᠯ᠎ᠢ ᠡᠪᠳᠡᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠤᠯᠠᠮ ᠣᠢᠯᠠᠭᠠᠮᠵᠢᠲᠠᠢ ᠪᠣᠯᠭᠠᠵᠠᠢ᠃

ᠵᠢᠭᠤᠯᠴᠢᠯᠠᠬᠰᠠᠳ᠎ᠤᠨ ᠠᠡᠭᠬᠠᠷᠤᠯ᠎ᠢ ᠲᠠᠳᠠᠬᠰᠠᠨ ᠬᠠᠰ ᠯᠤᠤ
ᠠᠰᠢᠬ ᠬᠦᠷᠳᠡᠭᠡᠮᠵᠢ
ᠠᠷᠠᠳ᠎ᠲᠤ ᠠᠱᠢᠭ ᠬᠦᠷᠲᠡᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠲᠣᠰ ᠤᠳᠠᠭᠠᠨ᠎ᠤ ᠠᠵᠢᠯᠯᠠᠭ᠎ᠠ᠎ᠳᠦ ᠨᠡᠢᠭᠡᠮ᠎ᠤᠨ ᠰᠤᠷᠭᠠᠨ ᠬᠥᠮᠦᠵᠢᠯ᠎ᠦᠨ ᠠᠵᠢᠯᠯᠠᠭ᠎ᠠ᠎ᠶ᠋ᠢ 440 ᠭᠠᠷᠤᠶ ᠤᠳᠠᠭ᠎ᠠ ᠭᠠᠷᠭᠠᠵᠤ᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡ᠎ᠶ᠋ᠢ ᠲᠦᠭ ᠲᠦᠮᠡᠨ ᠠᠢᠯ ᠡᠷᠦᠬᠡ᠎ᠳᠦ ᠬᠦᠷᠳᠡᠭᠡᠪᠡ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ 280 ᠭᠠᠷᠤᠶ ᠲᠠᠯᠠᠪᠠᠶ ᠤᠨᠴᠠᠯᠢᠬ᠍ᠳᠤ ᠨᠡᠢᠭᠡᠮ᠎ᠤᠨ ᠰᠤᠷᠭᠠᠨ ᠬᠥᠮᠦᠵᠢᠯ᠎ᠦᠨ ᠠᠵᠢᠯᠯᠠᠭᠠᠪᠠ160 ᠭᠠᠷᠤᠶ ᠲᠠᠯᠠᠪᠠᠶ ᠵᠠᠯᠠᠭᠤᠴᠤᠳ ᠪᠠᠭᠠᠴᠤᠳ᠎ᠤᠨ ᠲᠤᠰᠭᠠᠶ ᠠᠵᠢᠯᠯᠠᠭ᠎ᠠ ᠵᠢ ᠵᠡᠷᠭᠡ ᠪᠡᠷ ᠥᠷᠨᠢᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠭᠠᠷ ᠤᠷᠠᠯᠠᠯ᠂ ᠬᠠᠭᠤᠴᠢ ᠰᠤᠳᠤᠯᠤᠯ᠎ᠤᠨ ᠪᠠᠯᠠᠢ ᠬᠠᠢᠷᠴᠠᠭ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠲᠡᠦᠬᠡ᠎ᠶ᠋ᠢᠨ ᠨᠢᠭᠤᠴᠠ᠎ᠶ᠋ᠢ ᠬᠠᠢᠬᠤ ᠵᠦᠴᠦᠭᠡᠯᠢᠭ ᠲᠤᠭᠯᠠᠭᠠᠮ ᠵᠡᠷᠭᠡ ᠠᠵᠢᠯᠯᠠᠭ᠎ᠠ᠎ᠨᠢ ᠰᠣᠨᠢᠷᠬᠠᠯᠲᠤ ᠴᠢᠨᠠᠷ ᠪᠠ ᠮᠡᠳᠡᠯᠭᠡ᠎ᠶ᠋ᠢᠨ ᠴᠢᠨᠠᠷᠲᠠᠶ ᠪᠠᠢᠵᠤ᠂ ᠪᠦᠬᠦᠢᠯᠡ ᠲᠤᠭᠤᠷᠢᠨ ᠦᠵᠡᠭᠴᠢ᠎ᠵᠢ ᠬᠠᠮᠤᠷᠴᠠᠢ᠃
80 ᠭᠠᠷᠤᠶ ᠮᠦᠽᠧᠶ ᠴᠠᠭ ᠤᠷᠲᠤᠳᠭᠠᠨ ᠨᠡᠭᠡᠭᠡᠯᠲᠡ ᠬᠢᠬᠦ᠌᠂ ᠨᠡᠢᠲᠡ᠎ᠶ᠋ᠢᠨ ᠠᠰᠠᠷᠠᠮᠵᠢ᠎ᠶ᠋ᠢᠨ ᠲᠠᠢᠯᠤᠮᠵᠢ ᠬᠢᠬᠦ᠌᠂ ᠰᠦᠶ᠋ᠳᠭᠡᠯ ᠬᠤᠷᠢᠶᠠᠬᠤ ᠥᠬᠡᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠰᠢᠯᠭᠠᠨ ᠨᠤᠳᠠᠯᠠᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠵᠢᠭᠦᠯᠵᠦ᠍᠂ ᠡᠯ᠎ᠡ ᠠᠢᠮᠠᠭ ᠬᠣᠲᠠ᠎ᠶ᠋ᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠤᠭ᠍ᠯᠠᠭ᠎ᠠ ᠮᠠᠢᠮᠠᠶ᠂ ᠰᠣᠶᠣᠯ᠎ᠤᠨ ᠡᠭᠦᠳᠦᠯᠲᠡ᠎ᠶ᠋ᠢᠨ ᠪᠦᠳᠦᠭᠡᠭᠳᠡᠬᠦᠨ᠂ ᠠᠭᠤᠳᠠᠮ ᠲᠠᠯᠠᠪᠠᠶ᠎ᠶ᠋ᠢᠨ ᠦᠵᠡᠭᠦᠯᠭᠡ᠎ᠶ᠋ᠢᠨ ᠲᠣᠭ᠍ᠯᠠᠯᠲᠠ ᠵᠡᠷᠭᠡ ᠠᠵᠢᠯᠯᠠᠭ᠎ᠠ ᠥᠷᠨᠢᠭᠦᠯᠵᠦ᠍᠂ ᠰᠣᠶᠣᠯ᠎ᠤᠨ ᠦᠵᠡᠰᠭᠦᠯᠡᠩ᠎ᠦᠨ ᠡᠬᠢ ᠪᠠᠶᠠᠯᠢᠭ᠎ᠢ ᠠᠮᠢᠳᠤᠷᠠᠯ᠎ᠳᠤ ᠠᠭᠤᠰᠭᠠᠵᠤ᠂ ᠪᠥᠬᠥ᠌ ᠠᠷᠠᠳ᠎ᠢᠶᠠᠷ᠎ᠢᠶᠠᠨ ᠣᠷᠣᠯᠴᠠᠬᠤ᠂ ᠰᠣᠶᠣᠯ᠎ᠢ ᠬᠠᠮᠲᠤ᠎ᠪᠠᠷ ᠡᠳ᠋ᠯᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠰᠤᠳᠤᠨ ᠪᠦᠳᠤᠭᠡᠯ᠎ᠤᠨ ᠦᠵᠡᠬᠦᠯᠭᠡ ᠵᠢ ᠰᠤᠨᠢᠷᠬᠠᠨ᠎ᠠ
ᠰᠤᠷᠪᠤᠯᠵᠢᠯᠠᠬᠴᠢ ᠵᠢᠨ ᠡᠪᠦᠷ ᠲᠡᠮᠳᠡᠭᠯᠡᠯ
ᠦᠷ᠎ᠡ ᠪᠦᠲᠦᠭᠡᠯ᠎ᠢ ᠨᠡᠢᠲᠡᠯᠡᠬᠦ᠌᠎ᠡᠴᠡ ᠦᠵᠡᠯ ᠰᠠᠨᠠᠭ᠎ᠠ ᠰᠤᠯᠢᠯᠴᠠᠬᠤ ᠬᠦᠷᠲᠡᠯ᠎ᠡ᠂ ᠰᠣᠳᠣᠨ ᠪᠦᠲᠦᠭᠡᠯ᠎ᠦᠨ ᠦᠵᠡᠭᠦᠯᠭᠡ᠎ᠡᠴᠡ ᠠᠷᠠᠳ᠎ᠲᠤ ᠠᠱᠢᠭ ᠬᠦᠷᠲᠡᠭᠡᠬᠦ᠌ ᠠᠵᠢᠯᠯᠠᠭ᠎ᠠ ᠬᠦᠷᠲᠡᠯ᠎ᠡ᠂ 2026 ᠣᠨ᠎ᠤ ᠤᠯᠠᠨ ᠤᠯᠤᠰ᠎ᠤᠨ ᠮᠦᠽᠧᠢ᠎ᠶ᠋ᠢᠨ ᠡᠳᠦᠷ᠎ᠦᠨ ᠳᠤᠮᠳᠠᠳᠤ ᠤᠯᠤᠰ᠎ᠤᠨ ᠭᠣᠣᠯ ᠬᠤᠷᠠᠯ᠎ᠤᠨ ᠲᠠᠯᠠᠪᠠᠢ᠎ᠶ᠋ᠢᠨ ᠠᠵᠢᠯᠯᠠᠭ᠎ᠠ ᠡᠯᠪᠡᠭ ᠪᠠᠶᠠᠯᠢᠭ ᠠᠭᠤᠯᠭ᠎ᠠ᠂ ᠤᠯᠠᠨ ᠡᠱᠢᠲᠦ ᠬᠡᠯᠪᠡᠷᠢ᠎ᠪᠡᠷ 《ᠳᠡᠯᠡᠬᠡᠢ ᠳ᠋ᠠᠬᠢᠨ᠎ᠢ ᠬᠣᠯᠪᠣᠬᠤ ᠬᠥᠭᠥᠷᠭᠡ》 ᠵᠢᠨ ᠭᠣᠣᠯ ᠰᠡᠳᠦᠪ᠎ᠢ ᠦᠢᠯᠡᠳᠦᠯᠭᠡᠵᠢᠭᠦᠯᠪᠡ᠃ ᠲᠤᠰ ᠤᠳᠠᠭ᠎ᠠ᠎ᠶ᠋ᠢᠨ ᠠᠵᠢᠯᠯᠠᠭ᠎ᠠ ᠨᠢ ᠮᠠᠨ᠎ᠤ ᠤᠯᠤᠰ᠎ᠤᠨ ᠮᠦᠽᠧᠢ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠲᠥᠪᠯᠡᠷᠡᠩᠭᠦᠢ ᠢᠯᠡᠷᠡᠭᠦᠯᠦᠭ᠌ᠰᠡᠨ᠎ᠢᠶᠡᠷ ᠪᠠᠷᠠᠬᠤ ᠦᠭᠡᠢ ᠨᠡᠩ ᠴᠤ᠌ ᠲᠡᠦᠬᠡ᠎ᠶ᠋ᠢᠨ ᠳᠤᠷᠠᠰᠭᠠᠯᠲᠤ ᠵᠦᠢᠯ᠎ᠢᠶᠡᠷ ᠵᠠᠭᠤᠴᠢ ᠪᠣᠯᠭᠠᠵᠤ᠂ ᠰᠣᠶᠣᠯ᠎ᠢᠶᠠᠷ ᠬᠥᠭᠥᠷᠭᠡ ᠪᠣᠯᠭᠠᠵᠤ᠂ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠢ ᠠᠬᠢᠭᠤᠯᠵᠤ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠵᠦ᠍ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠦᠵᠡᠰᠭᠦᠯᠡᠩ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠮᠦᠽᠧᠢ᠎ᠶ᠋ᠢ ᠦᠨᠡᠨ ᠬᠦ᠌ ᠪᠣᠯᠪᠠᠰᠤᠨ᠎ᠢ ᠤᠯᠠᠮᠵᠢᠯᠠᠬᠤ᠂ ᠡᠷᠲᠡᠨ ᠡᠳᠦᠭᠡ᠎ᠶ᠋ᠢ ᠬᠣᠯᠪᠣᠬᠤ᠂ ᠳᠡᠯᠡᠬᠡᠢ ᠳ᠋ᠠᠬᠢᠨ᠎ᠲᠠᠶ ᠶᠠᠷᠢᠯᠴᠠᠭ᠎ᠠ ᠬᠢᠬᠦ᠌ ᠴᠢᠬᠤᠯᠠ ᠬᠦᠴᠦᠨ ᠪᠣᠯᠭᠠᠪᠠ᠃