ᠰᠢᠨ᠎ᠠ ᠪᠡᠷ ᠵᠠᠰᠠᠪᠤᠷᠢ ᠤᠷᠤᠭᠤᠯᠤᠭᠰᠠᠨ ᠤᠯᠤᠰ ᠤ᠋ᠨ《ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠦᠢᠯᠡᠳᠪᠤᠷᠢᠯᠡᠯ ᠤ᠋ᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠳᠦᠷᠢᠮᠵᠢᠯ》ᠢ ᠡᠨᠡ ᠵᠢᠯ ᠤ᠋ᠨ 11 ᠰᠠᠷ᠎ᠠ ᠶ᠋ᠢᠨ 1 ᠤ᠋ ᠡᠳᠦᠷ ᠡᠴᠡ ᠡᠬᠢᠯᠡᠵᠦ ᠬᠡᠷᠡᠭᠵᠢᠭᠦᠯᠬᠦ ᠪᠤᠯᠤᠨ᠎ᠠ᠃ ᠡᠬᠦᠨ ᠳ᠋ᠤ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠷᠳᠡ ᠡᠴᠡ ᠲᠦᠯᠦᠪᠯᠡᠨ᠂ ᠪᠦᠬᠦ ᠲᠠᠯ᠎ᠠ ᠪᠡᠷ ᠪᠠᠢᠷᠢᠯᠠᠭᠤᠯᠵᠤ᠂ ᠲᠤᠰᠬᠠᠢ ᠬᠡᠷᠡᠭᠵᠢᠭᠦᠯᠬᠦ ᠳᠦᠰᠦᠯ ᠳᠤᠭᠳᠠᠭᠠᠨ᠂ ᠰᠢᠨ᠎ᠠ ᠳᠦᠷᠢᠮᠵᠢᠯ ᠤ᠋ᠨ ᠨᠠᠢᠳᠠᠪᠤᠷᠢᠳᠠᠢ ᠬᠡᠷᠡᠭᠵᠢᠭᠦᠯᠦᠭᠳᠡᠬᠦ ᠶ᠋ᠢ ᠠᠬᠢᠭᠤᠯᠵᠤ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠦᠢᠯᠡᠳᠪᠤᠷᠢᠯᠡᠯ ᠤ᠋ᠨ ᠶᠠᠰᠤ ᠴᠢᠨᠠᠷ ᠤ᠋ᠨ ᠪᠤᠭᠤᠮᠳᠠ ᠶ᠋ᠢ ᠪᠠᠳᠤ ᠰᠠᠬᠢᠵᠤ ᠪᠠᠢᠨ᠎ᠠ᠃
ᠰᠢᠨ᠎ᠠ ᠳᠦᠷᠢᠮᠵᠢᠯ ᠳ᠋ᠤ ᠶᠠᠰᠤ ᠴᠢᠨᠠᠷ ᠤ᠋ᠨ ᠪᠠᠳᠤᠯᠠᠭ᠎ᠠ᠂ ᠰᠢᠯᠭᠠᠨ ᠪᠠᠳᠤᠯᠠᠬᠤ ᠪᠠ ᠨᠤᠳᠠᠯᠠᠬᠤ᠂ ᠨᠠᠢᠳᠠᠯᠭ᠎ᠠ ᠪᠡᠷ ᠦᠢᠯᠡᠳᠪᠤᠷᠢᠯᠡᠬᠦ ᠬᠢᠭᠡᠳ ᠪᠤᠰᠤᠳ ᠲᠤ᠌ ᠨᠠᠢᠳᠠᠨ ᠬᠠᠮᠵᠢᠨ ᠦᠢᠯᠡᠳᠪᠤᠷᠢᠯᠡᠭᠦᠯᠬᠦ ᠵᠡᠷᠭᠡ ᠭᠤᠤᠯᠳᠠᠯᠭ᠎ᠠ ᠲᠠᠢ ᠠᠭᠤᠯᠭ᠎ᠠ ᠨᠡᠮᠡᠭᠳᠡᠵᠦ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠪᠦᠬᠦ ᠦᠶᠡᠯᠡᠯ ᠤ᠋ᠨ ᠬᠤᠭᠤᠴᠠᠭᠠᠨ ᠤ᠋ ᠳᠦᠭᠰᠢᠭᠦᠷᠢ ᠶ᠋ᠢᠨ ᠬᠠᠮᠢᠶᠠᠷᠤᠯᠳᠠ ᠶ᠋ᠢ ᠴᠢᠩᠭᠠᠳᠬᠠᠨ᠂ ᠦᠢᠯᠡᠳᠪᠤᠷᠢᠯᠡᠯ ᠤ᠋ᠨ ᠶᠠᠪᠤᠴᠠ᠂ ᠵᠠᠩᠬᠢᠯᠠᠭ᠎ᠠ ᠶ᠋ᠢᠨ ᠠᠵᠢᠯ ᠤ᠋ᠨ ᠪᠠᠢᠷᠢ ᠶ᠋ᠢᠨ ᠬᠠᠷᠢᠭᠤᠴᠠᠯᠭ᠎ᠠ ᠡᠭᠦᠷᠭᠡᠯᠡᠯ ᠂ ᠶᠠᠰᠤ ᠴᠢᠨᠠᠷ ᠤ᠋ᠨ ᠰᠢᠰᠲ᠋ᠧᠮ ᠤ᠋ᠨ ᠤᠷᠴᠢᠯ ᠵᠡᠷᠭᠡ ᠲᠠᠯ᠎ᠠ ᠶ᠋ᠢᠨ ᠴᠢᠩᠭ᠎ᠠ ᠬᠠᠳᠠᠭᠤ ᠱᠠᠭᠠᠷᠳᠠᠯᠭ᠎ᠠ ᠶ᠋ᠢ ᠨᠠᠷᠢᠯᠢᠭᠵᠢᠭᠤᠯᠵᠤ᠂ ᠠᠵᠢᠯ ᠲᠦᠷᠦᠯ ᠤ᠋ᠨ ᠰᠢᠨ᠎ᠠ ᠡᠵᠡᠩᠨᠡᠯᠳᠡ ᠶ᠋ᠢᠨ ᠬᠡᠯᠪᠡᠷᠢ ᠶ᠋ᠢᠨ ᠬᠢᠨᠠᠯᠳᠠ ᠬᠠᠮᠢᠶᠠᠷᠤᠯᠳᠠ ᠶ᠋ᠢᠨ ᠳᠤᠳᠠᠭᠤᠳᠠᠯ ᠢ᠋ ᠨᠦᠬᠦᠪᠤᠷᠢᠯᠡᠵᠠᠢ᠃ ᠡᠭᠦᠨ ᠤ᠋ ᠬᠠᠮᠳᠤ ᠠᠵᠤ ᠠᠬᠤᠢᠯᠠᠯ ᠤ᠋ᠨ ᠶᠠᠰᠤ ᠴᠢᠨᠠᠷ ᠤ᠋ᠨ ᠬᠠᠮᠢᠶᠠᠷᠤᠯᠳᠠ ᠡᠵᠡᠮᠳᠡᠯ ᠶ᠋ᠢᠡᠨ ᠲᠤᠭᠠᠴᠢᠯᠠᠭᠰᠠᠨ ᠤᠶᠤᠨᠴᠢᠯᠠᠭᠰᠠᠨ ᠳᠡᠢᠰᠢ ᠬᠡᠯᠪᠡᠷᠢ ᠪᠡᠨ ᠬᠤᠪᠢᠷᠠᠭᠤᠯᠬᠤ ᠶ᠋ᠢ ᠵᠤᠷᠢᠭᠵᠢᠭᠤᠯᠤᠭᠰᠠᠨ ᠨᠢ ᠤᠳᠤᠬᠠᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠦᠢᠯᠡᠳᠪᠤᠷᠢᠯᠡᠯ ᠤ᠋ᠨ ᠬᠢᠨᠠᠯᠳᠠ ᠬᠠᠮᠢᠶᠠᠷᠤᠯᠳᠠ ᠪᠠ ᠠᠵᠤ ᠠᠬᠤᠢᠯᠠᠯ ᠤ᠋ᠨ ᠰᠢᠰᠲᠧᠮ ᠤ᠋ᠨ ᠪᠠᠢᠭᠤᠯᠤᠯᠳᠠ ᠶ᠋ᠢᠨ ᠭᠤᠤᠯ ᠵᠢᠷᠦᠮᠯᠠᠯ ᠪᠤᠯᠤᠨ᠎ᠠ᠃
ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠵᠤᠬᠢᠶᠠᠨ ᠪᠠᠢᠭᠤᠯᠤᠨ ᠤᠳᠤᠷᠢᠳᠬᠤ᠂ ᠤᠬᠠᠭᠤᠯᠤᠨ ᠰᠤᠷᠳᠠᠯᠴᠢᠯᠠᠵᠤ ᠪᠤᠯᠪᠠᠰᠤᠷᠠᠯ ᠬᠦᠷᠳᠡᠭᠡᠬᠦ᠂ ᠦᠪᠡᠰᠦᠪᠡᠨ ᠪᠠᠢᠴᠠᠭᠠᠵᠤ ᠦᠪᠡᠰᠦᠪᠡᠨ ᠴᠡᠭᠴᠡᠯᠡᠨ ᠵᠠᠰᠠᠬᠤ᠂ ᠪᠦᠬᠦ ᠲᠠᠯ᠎ᠠ ᠪᠡᠷ ᠬᠡᠷᠡᠭᠵᠢᠭᠦᠯᠬᠦ ᠳᠦᠷᠪᠡᠨ ᠱᠠᠳᠤ ᠬᠤᠪᠢᠶᠠᠨ ᠰᠢᠨ᠎ᠠ ᠳᠦᠷᠢᠮᠵᠢᠯ ᠢ᠋ ᠬᠡᠷᠡᠭᠵᠢᠭᠦᠯᠬᠦ ᠠᠵᠢᠯ ᠢ᠋ ᠡᠮᠬᠢ ᠵᠢᠷᠦᠮ ᠲᠠᠢ ᠠᠬᠢᠭᠤᠯᠬᠤ ᠪᠡᠷ ᠪᠠᠢᠷᠢᠯᠠᠭᠤᠯᠪᠠ᠃ ᠡᠭᠦᠨ ᠳ᠋ᠤ ᠲᠤᠰᠬᠠᠢ ᠠᠵᠢᠯ ᠤ᠋ᠨ ᠲᠤᠭᠤᠢᠯᠠᠩ ᠪᠠᠢᠭᠤᠯᠤᠨ ᠲᠦᠷᠦ ᠶ᠋ᠢᠨ ᠪᠤᠳᠤᠯᠭ᠎ᠠ ᠶ᠋ᠢᠨ ᠲᠠᠢᠯᠤᠮᠵᠢ ᠬᠢᠬᠦ ᠪᠠ ᠰᠠᠨᠠᠭᠠᠴᠢᠯᠠᠭ᠎ᠠ ᠲᠠᠢ ᠪᠡᠷ ᠬᠠᠪᠰᠤᠷᠤᠨ ᠳᠡᠳᠬᠦᠬᠦ ᠵᠡᠷᠭᠡ ᠠᠷᠭ᠎ᠠ ᠪᠡᠷ ᠠᠵᠤ ᠠᠬᠤᠢᠯᠠᠯ ᠢ᠋ ᠰᠢᠨ᠎ᠠ ᠳᠦᠷᠢᠮᠵᠢᠯ ᠤ᠋ᠨ ᠭᠤᠤᠯᠳᠠᠯᠭ᠎ᠠ ᠶ᠋ᠢ ᠭᠦᠢᠴᠡᠳ ᠤᠢᠯᠠᠭᠠᠭᠤᠯᠬᠤ᠂ ᠠᠵᠤ ᠠᠬᠤᠢᠯᠠᠯ ᠢ᠋ ᠱᠠᠯᠠᠪᠳᠠᠭᠤᠯᠤᠨ ᠰᠢᠨ᠎ᠠ ᠪᠠᠷᠢᠮᠵᠢᠶ᠎ᠠ ᠲᠠᠢ ᠬᠠᠷᠭᠤᠭᠤᠯᠤᠨ ᠪᠦᠬᠦ ᠲᠠᠯ᠎ᠠ ᠪᠡᠷ ᠦᠪᠡᠰᠦᠪᠡᠨ ᠪᠠᠢᠴᠠᠭᠠᠵᠤ ᠦᠪᠡᠰᠦᠪᠡᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠤᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠰᠢᠰᠲ᠋ᠧᠮ ᠶ᠋ᠢᠡᠨ ᠳᠡᠰ ᠳᠡᠪᠰᠢᠭᠦᠯᠬᠦ ᠂ ᠰᠢᠯᠵᠢᠯᠳᠠ ᠶ᠋ᠢᠨ ᠬᠤᠭᠤᠴᠠᠭᠠᠨ ᠳ᠋ᠤ ᠭᠤᠤᠯᠳᠠᠯᠭ᠎ᠠ ᠲᠠᠢ ᠠᠵᠤ ᠠᠬᠤᠢᠯᠠᠯ ᠪᠠ ᠭᠤᠤᠯᠳᠠᠯᠭ᠎ᠠ ᠲᠠᠢ ᠲᠦᠷᠦᠯ ᠵᠦᠢᠯ ᠳ᠋ᠤ ᠨᠠᠷᠢᠨ ᠤᠨᠤᠴᠠᠳᠠᠢ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠮᠵᠢᠶ᠎ᠠ ᠪᠡᠷ ᠲᠠᠮᠵᠢᠨ ᠰᠢᠨ᠎ᠠ ᠳᠦᠷᠢᠮᠵᠢᠯ ᠢ᠋ ᠬᠡᠷᠡᠭᠵᠢᠭᠦᠯᠦᠭᠰᠡᠨ ᠤ᠋ ᠳᠠᠷᠠᠭ᠎ᠠ ᠰᠢᠨ᠎ᠠ ᠪᠠᠷᠢᠮᠵᠢᠶ᠎ᠠ ᠶ᠋ᠢ ᠴᠢᠩᠭ᠎ᠠ ᠵᠢᠷᠦᠮᠯᠠᠨ ᠪᠠᠢᠴᠠᠭᠠᠯᠳᠠ ᠦᠷᠨᠢᠭᠦᠯᠬᠦ ᠳ᠋ᠤ ᠪᠠᠳᠤ ᠰᠠᠭᠤᠷᠢ ᠲᠠᠯᠪᠢᠵᠤ ᠪᠠᠢᠨ᠎ᠠ᠃