ᠬᠦᠬᠡᠬᠤᠳᠠ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠤ ᠡᠮᠡᠭ᠌ᠲᠡᠢᠴᠦᠳ᠎ᠤᠨ ᠡᠷᠭᠡ ᠠᠰᠢᠭ᠎ᠢ ᠬᠠᠮᠠᠭᠠᠯᠠᠬᠤ ᠠᠵᠢᠯ᠎ᠢ ᠰᠠᠢᠳᠤᠷ ᠬᠢᠵᠦ ᠪᠤᠢ
2026-05-20 10:32:01
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠦᠬᠡᠬᠤᠳᠠ ᠵᠢᠨ ᠡᠮᠡᠭᠳᠡᠢᠴᠤᠳ᠎ᠤᠨ ᠬᠤᠯᠪᠤᠭ᠎ᠠ ᠡᠴᠡ ᠭᠤᠤᠯᠯᠠᠨ ᠡᠷᠬᠢᠯᠡᠭᠰᠡᠨ《ᠪᠠᠭ᠍ᠪᠠᠭᠠᠶ ᠴᠡᠴᠡᠭ》 ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ  ᠡᠮᠡᠭ᠌ᠲᠡᠢᠴᠦᠳ᠎ᠦᠨ ᠡᠷᠬᠡ  ᠠᠱᠢᠭ᠎ᠢ  ᠪᠠᠲᠤᠯᠠᠬᠤ ᠲᠥᠷᠥᠯ ᠵᠦᠶ᠋ᠯ ᠵᠢᠴᠢ 《ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠡᠮᠡᠭ᠌ᠲᠡᠢᠴᠦᠳ᠎ᠦᠨ ᠡᠷᠬᠡ ᠠᠱᠢᠭ᠎ᠢ ᠬᠠᠮᠠᠭᠠᠯᠠᠬᠤ ᠠᠵᠢᠯᠯᠠᠭ᠎ᠠ》 ᠶ᠋ᠢᠨ ᠡᠬᠢᠯᠡᠯᠲᠡ᠎ᠶ᠋ᠢᠨ ᠶᠣᠰᠣᠯᠠᠯ ᠬᠦᠬᠡᠬᠤᠳᠠ ᠎ᠳᠤ ᠶᠠᠪᠤᠭ᠍ᠳᠠᠪᠠ᠃ ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ ᠬᠥᠷ ᠬᠥᠭ᠌ᠵᠢᠶᠡᠨ᠎ᠢᠶᠡᠷ ᠪᠢᠯᠬᠠᠵᠤ᠂ 《ᠱᠢᠨ᠎ᠡ ᠎ᠪᠡᠷ ᠮᠠᠨᠳᠤᠭ᠍ᠰᠠᠨ ᠬᠦᠷᠢᠶ᠎ᠡ》 ᠶ᠋ᠢᠨ 80 ᠭᠠᠷᠤᠶ ᠡᠮᠡᠭ᠌ᠲᠡᠶ ᠲᠥᠯᠥᠭᠡᠯᠡᠭ᠌ᠴᠢ ᠬᠤᠷᠠᠯ᠎ᠳᠤ ᠣᠷᠣᠯᠴᠠᠪᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠬᠠᠮᠢᠶ᠎ᠠ ᠪᠦᠬᠦᠢ ᠠᠵᠢᠯᠲᠠᠳ ᠡᠴᠡ ᠤᠬᠠᠭᠤᠯᠭ᠎ᠠ᠎ᠶ᠋ᠢᠨ ᠬᠠᠭᠤᠳᠠᠰᠤ ᠪᠣᠯᠤᠨ ᠬᠠᠢᠷ᠎ᠠ ᠬᠠᠯᠠᠮᠵᠢ᠎ᠶ᠋ᠢᠨ ᠪᠡᠯᠡᠭ ᠲᠠᠷᠬᠠᠭᠠᠵᠤ᠂ ᠬᠠᠤᠯᠢ ᠪᠡᠷ ᠵᠠᠰᠠᠬᠤ ᠦᠳᠭᠡᠨ ᠵᠤᠵᠠᠭᠠᠨ ᠤᠬᠠᠭᠤᠯᠭ᠎ᠠ᠎ᠶ᠋ᠢᠨ ᠠᠭᠤᠷ ᠠᠮᠢᠰᠭᠤᠯ᠎ᠢ ᠪᠣᠶ ᠪᠣᠯᠭᠠᠪᠠ᠃ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠡᠮᠡᠭ᠌ᠲᠡᠢᠴᠦᠳ ᠪᠣᠯ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠬᠦᠴᠦᠨ ᠮᠦᠨ᠂ 《ᠪᠠᠭ᠍ᠪᠠᠭᠠᠶ ᠴᠡᠴᠡᠭ·᠎ᠡᠮᠡᠭᠳᠡᠢᠴᠤᠳ᠎ᠤᠨ ᠡᠷᠬᠡ ᠠᠰᠢᠭ᠎ᠢ ᠬᠠᠮᠠᠭᠠᠯᠠᠬᠤ》 ᠲᠥᠷᠥᠯ ᠵᠦᠶ᠋ᠯ ᠨᠢ ᠡᠮᠡᠭ᠌ᠲᠡᠢᠴᠦᠳ ᠣᠯᠠᠨ ᠲᠦᠮᠡᠨ᠎ᠦ ᠪᠣᠳᠠᠲᠤ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠪᠡᠷ ᠵᠠᠰᠠᠬᠤ ᠪᠠᠲᠤᠯᠠᠭ᠎ᠠ᠂ ᠡᠷᠬᠡ ᠠᠱᠢᠭ᠎ᠢ᠋ ᠬᠠᠮᠠᠭᠠᠯᠠᠬᠤ ᠦᠶ᠋ᠯᠡᠴᠢᠯᠡᠭᠡ᠂ ᠰᠡᠳᠭᠢᠴᠡ᠎ᠶ᠋ᠢᠨ ᠬᠠᠢᠷ᠎ᠠ ᠬᠠᠯᠠᠮᠵᠢ᠎ᠶ᠋ᠢ ᠦᠨᠳᠦᠰᠦᠨ ᠱᠠᠲᠤᠨ᠎ᠳᠤ ᠬᠦᠷᠭᠡᠵᠦ᠍᠂ ᠤᠯᠠᠨ ᠲᠦᠮᠡᠨ᠎ᠤ ᠳᠡᠷᠭᠡᠳᠡ  ᠬᠦᠷᠭᠡᠵᠦ᠍᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠡᠮᠡᠭ᠌ᠲᠡᠢᠴᠦᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌  ᠬᠠᠮᠠᠭᠠᠯᠠᠬᠤ ᠵᠢ ᠠᠬᠢᠭᠤᠯᠪᠠ᠃

ᠡᠬᠢᠯᠡᠯᠲᠡ᠎ᠶ᠋ᠢᠨ ᠶᠣᠰᠣᠯᠠᠯ ᠳᠠᠭᠤᠰᠤᠭ᠍ᠰᠠᠨ᠎ᠤ ᠳᠠᠷᠠᠭ᠎ᠠ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠣᠭ᠍ᠴᠣᠭ᠎ᠠ ᠲᠤᠬᠢᠷᠠᠭᠤᠯᠵᠤ᠂ ᠠᠵᠢᠯᠯᠠᠭ᠎ᠠ᠎ᠳ᠋ᠦ ᠣᠨᠴᠠ ᠤᠷᠢᠭ᠍ᠰᠠᠨ ᠯᠧᠺᠲ᠋ᠣᠷ ᠡᠴᠡ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠬᠠᠤᠯᠢ》 ᠶ᠋ᠢᠨ ᠲᠣᠭᠣᠷᠢᠨ᠎ᠳᠤ ᠲᠤᠰᠭᠠᠶ ᠰᠡᠳᠦᠪᠲᠦ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠬᠢᠵᠦ᠍᠂ ᠱᠢᠨ᠎ᠡ ᠡᠵᠡᠩᠨᠡᠯᠲᠡ ᠎ᠶ᠋ᠢᠨ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠣᠨᠴᠠᠯᠢᠭ᠎ᠲᠠᠶ ᠤᠶᠠᠯᠳᠤᠭᠤᠯᠤᠨ᠂ ᠬᠥᠳᠡᠯᠮᠦᠷᠢ ᠎ᠶ᠋ᠢᠨ ᠪᠠᠲᠤᠯᠠᠭ᠎ᠠ᠂ ᠠᠳᠠᠯᠢ ᠠᠵᠢᠯ᠎ᠳᠤ ᠠᠳᠠᠯᠢ ᠬᠥᠯᠥᠰᠥ᠍ ᠣᠯᠭᠣᠬᠤ᠂ ᠠᠵᠢᠯ ᠣᠯᠭᠣᠯᠲᠠ ᠎ᠶ᠋ᠢᠨ ᠬᠦᠶ᠋ᠰᠦ᠎ᠶ᠋ᠢᠨ ᠢᠯᠭᠠᠯ᠎ᠤᠨ ᠭᠠᠳᠠᠭᠤᠷᠴᠢᠯᠠᠯ᠎ᠢ ᠡᠰᠡᠷᠭᠦᠴᠡᠬᠦ᠌᠂ ᠠᠵᠢᠯ᠎ᠠᠴᠠ ᠪᠣᠯᠤᠭ᠍ᠰᠠᠨ ᠭᠡᠮᠲᠦᠯ᠎ᠢ ᠮᠠᠭᠠᠳᠯᠠᠨ ᠲᠣᠭ᠍ᠲᠠᠭᠠᠬᠤ᠂ ᠡᠳ᠋ ᠬᠥᠷᠥᠩᠭᠡ᠎ᠶ᠋ᠢᠨ ᠡᠷᠬᠡ ᠠᠱᠢᠭ᠂ ᠣᠷᠣᠭ ᠬᠡᠷ ᠪᠦᠯᠢ᠎ᠶ᠋ᠢᠨ ᠡᠷᠬᠡ ᠠᠱᠢᠭ ᠵᠡᠷᠭᠡ ᠠᠭᠤᠯᠭ᠎ᠠ᠎ᠶ᠋ᠢ ᠭᠤᠤᠯᠳᠠᠯᠭ᠎ᠠ᠎ᠲᠠᠶ ᠲᠠᠢᠯᠪᠤᠷᠢᠯᠠᠵᠤ᠂ ᠬᠡᠷᠡᠭ᠎ᠦᠨ ᠵᠢᠱ᠌ᠢᠶ᠎ᠡ᠎ᠶ᠋ᠢᠨ ᠲᠠᠢᠯᠤᠮᠵᠢ ᠬᠢᠬᠦ᠌᠂ ᠬᠠᠷᠢᠯᠴᠠᠨ ᠠᠰᠠᠭᠤᠵᠦ ᠬᠠᠷᠢᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠥᠬᠥᠮ ᠣᠢᠯᠠᠭᠠᠮᠵᠢᠲᠠᠶ ᠪᠡᠷ ᠲᠠᠢᠯᠪᠤᠷᠢᠯᠠᠵᠤ᠂ ᠡᠮᠡᠭ᠌ᠲᠡᠶ ᠣᠯᠠᠨ ᠲᠦᠮᠡᠨ᠎ᠦ ᠬᠠᠤᠯᠢ ᠪᠡᠷ ᠵᠠᠰᠠᠬᠤ  ᠤᠬᠠᠮᠰᠠᠷ  ᠪᠠ  ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶ᠋ᠢ ᠪᠦᠲᠦᠮᠵᠢᠲᠡᠶ  ᠳᠡᠭᠡᠭ᠌ᠰᠢᠯᠡᠭᠦᠯᠪᠡ᠃

ᠤᠬᠠᠭᠤᠯᠤᠨ ᠲᠠᠢᠯᠪᠤᠷᠢᠯᠠᠯᠳᠠ ᠳᠠᠭᠤᠰᠤᠭ᠍ᠰᠠᠨ᠎ᠤ ᠳᠠᠷᠠᠭ᠎ᠠ᠂  ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ ᠪᠠ ᠰᠡᠳᠭᠢᠴᠡ᠎ᠶ᠋ᠢᠨ ᠵᠥᠪᠯᠡᠯᠭᠡ ᠥᠭ᠌ᠬᠦ ᠦᠶ᠋ᠯᠡᠴᠢᠯᠡᠭᠡ᠎ᠥᠷᠨᠢᠭᠦᠯᠵᠦ᠍ ᠂ ᠲᠤᠬᠠᠶ᠎ᠶ᠋ᠢᠨ ᠲᠠᠯᠠᠪᠤᠷ᠎ᠲᠤ ᠢᠷᠡᠭ᠌ᠰᠡᠨ ᠡᠮᠡᠭ᠌ᠲᠡᠢᠴᠦᠳ᠎ᠲᠦ ᠰᠦᠶ᠋ᠳᠭᠡᠯ ᠬᠤᠷᠢᠶᠠᠬᠤ ᠥᠬᠡᠶ᠎ᠪᠡᠷ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ᠂ ᠡᠷᠬᠡ ᠠᠱᠢᠭ᠎ᠢᠶᠠᠨ ᠬᠠᠮᠠᠭᠠᠯᠠᠬᠤ ᠵᠢᠯᠣᠭᠣᠳᠣᠯᠭ᠎ᠠ ᠬᠠᠩᠭᠠᠬᠤ᠂ ᠵᠠᠭᠤᠷᠠᠯᠳᠤᠭᠠᠨ ᠎ᠢ ᠡᠶᠡᠳᠡᠭᠦᠯᠬᠦ᠌ ᠵᠢᠴᠢ ᠰᠡᠳᠭᠢᠴᠡ᠎ᠶ᠋ᠢᠨ ᠵᠢᠯᠣᠭᠣᠳᠣᠯᠭ᠎ᠠ᠎ᠶ᠋ᠢᠨ ᠦᠶ᠋ᠯᠡᠴᠢᠯᠡᠭᠡ ᠬᠠᠩᠭᠠᠵᠤ᠂ ᠠᠵᠢᠯ ᠠᠮᠢᠳᠤᠷᠠᠯ᠎ᠤᠨ ᠳᠤᠮᠳᠠ ᠲᠤᠯᠭᠠᠷᠠᠭ᠍ᠰᠠᠨ ᠬᠠᠤᠯᠢ ᠴᠠᠭᠠᠵᠠ᠎ᠶ᠋ᠢᠨ ᠲᠥᠭᠡᠷᠢᠭ᠌ᠳᠡᠯ᠂ ᠤᠷᠮ᠎ᠠ ᠰᠡᠳᠭᠢᠯᠭᠡ᠎ᠶ᠋ᠢᠨ ᠳᠠᠷᠤᠯᠲᠠ᠂ ᠬᠡᠷ ᠪᠦᠯᠢ᠎ᠶ᠋ᠢᠨ ᠬᠠᠷᠢᠴᠠᠭ᠎ᠠ ᠵᠡᠷᠭᠡ ᠠᠰᠠᠭᠤᠳᠠᠯ᠎ᠳᠤ ᠴᠢᠭ᠌ᠯᠡᠭᠦᠯᠦᠨ ᠨᠠᠷᠢᠨ ᠨᠢᠮᠪᠠᠶ ᠬᠠᠷᠢᠭᠤᠯᠲᠠ ᠥᠭ᠌ᠴᠦ ᠲᠤᠰᠭᠠᠶ ᠮᠡᠷᠭᠡᠵᠢᠯ᠎ᠦᠨ ᠵᠢᠯᠣᠭᠣᠳᠣᠯᠭ᠎ᠠ ᠬᠢᠵᠦ᠍᠂ ᠬᠠᠯᠠᠭᠤᠨ  ᠳᠤᠯᠠᠭᠠᠨ ᠦᠶ᠋ᠯᠡᠴᠢᠯᠡᠭᠡ᠎ᠶ᠋ᠢ  ᠣᠯᠠᠨ  ᠲᠦᠮᠡᠨ᠎ᠦ  ᠳᠡᠷᠭᠡᠳᠡ ᠦᠨᠡᠨ ᠬᠦ᠌  ᠬᠦᠷᠭᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号