ᠤᠢᠷ᠎ᠠ᠎ᠳᠤ᠂ ᠬᠦᠬᠡᠬᠤᠲᠠ᠎ᠵᠢᠨ ᠰᠠᠢᠬᠠᠨ ᠲᠣᠭᠣᠷᠢᠭ᠎ᠤᠨ 36 ᠳ᠋ᠡᠬᠢ ᠪᠥᠬᠥ᠌ ᠤᠯᠤᠰ᠎ᠤᠨ ᠵᠡᠮᠳᠡᠭ᠌ᠴᠦᠳ᠎ᠢ ᠲᠤᠰᠠᠯᠠᠬᠤ ᠡᠳᠦᠷ᠎ᠦᠨ ᠱᠢᠷᠢᠰ ᠠᠵᠢᠯᠯᠠᠭ᠎ᠠ ᠬᠦᠬᠡᠬᠤᠲᠠ᠎ᠶ᠋ᠢᠨ᠎ᠶ᠋ᠢᠨ ᠳ᠋ᠢ ᠠᠭᠤᠳᠠᠮ ᠲᠠᠯᠠᠪᠠᠶ᠎ᠳᠤ ᠶᠠᠪᠤᠬᠳᠠᠵᠦ᠂ 《ᠵᠡᠮᠳᠡᠭ᠌ᠴᠦᠳ᠎ᠦᠨ ᠡᠷᠬᠡ ᠲᠡᠭ᠌ᠰᠢ ᠡᠷᠬᠡ ᠠᠱᠢᠭ᠎ᠢ ᠪᠠᠲᠤᠯᠠᠵᠤ᠂ ᠵᠡᠮᠳᠡᠭ᠌ᠴᠦᠳ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ》 ᠪᠥᠬᠥ᠌ ᠤᠯᠤᠰ᠎ᠤᠨ ᠵᠡᠮᠳᠡᠭ᠌ᠴᠦᠳ᠎ᠢ ᠲᠤᠰᠠᠯᠠᠬᠤ ᠡᠳᠦᠷ᠎ᠦᠨ ᠭᠤᠤᠯ ᠰᠡᠳᠦᠪ᠎ᠦᠨ ᠲᠣᠭᠣᠷᠢᠨ᠎ᠳᠤ ᠵᠡᠮᠳᠡᠭᠴᠤᠳ᠎ᠲᠦ ᠣᠯᠠᠨ ᠡᠱᠢᠲᠦ ᠦᠶ᠋ᠯᠡᠴᠢᠯᠡᠭᠡ ᠬᠠᠩᠭᠠᠪᠠ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠨᠠᠶ᠋ᠮᠠᠨ ᠶᠡᠬᠡ ᠦᠶ᠋ᠯᠡᠴᠢᠯᠡᠭᠡᠨ᠎ᠦ ᠪᠤᠯᠤᠩ ᠲᠣᠬᠢᠷᠠᠭᠤᠯᠵᠤ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠵᠥᠪᠯᠡᠯᠭᠡ᠂ ᠵᠡᠮᠳᠡᠭ᠌ᠴᠦᠳ᠎ᠢ ᠲᠤᠰᠠᠯᠠᠬᠤ ᠤᠷᠠᠨ ᠰᠠᠢᠬᠠᠨ᠎ᠤ ᠲᠣᠭ᠍ᠯᠠᠯᠲᠠ᠂ ᠬᠠᠢᠷ᠎ᠠ ᠬᠠᠯᠠᠮᠵᠢᠲᠦ ᠠᠯᠪᠠᠨ ᠵᠢᠷᠤᠮ᠎ᠤᠨ ᠡᠮᠴᠢᠯᠡᠭᠡ᠂ ᠬᠠᠢᠷ᠎ᠠ ᠬᠠᠯᠠᠮᠵᠢᠲᠦ ᠠᠯᠪᠠᠨ ᠵᠢᠷᠤᠮ᠎ᠤᠨ ᠬᠤᠳᠠᠯᠳᠤᠭ᠎ᠠ᠂ ᠠᠯᠪᠠᠨ ᠵᠢᠷᠤᠮ᠎ᠤᠨ ᠦᠰᠦ ᠵᠠᠰᠠᠬᠤ᠂ ᠡᠷᠡᠭᠦᠯᠵᠢᠯ᠎ᠦᠨ ᠲᠤᠰᠠᠯᠠᠬᠤ ᠪᠠᠭᠠᠵᠢ ᠬᠡᠷᠡᠭᠰᠡᠯ᠎ᠤᠨ ᠦᠵᠡᠭᠦᠯᠭᠡ᠂ ᠠᠵᠢᠯ ᠣᠯᠭᠣᠯᠲᠠ ᠪᠠ ᠪᠤᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠯ᠎ᠦᠨ ᠦᠵᠡᠭᠦᠯᠭᠡ᠎ᠵᠢ ᠪᠠᠬᠳᠠᠭᠠᠵᠦ᠂ ᠵᠡᠮᠳᠡᠭ᠌ᠴᠦᠳ᠎ᠦᠨ ᠡᠷᠬᠡ ᠠᠱᠢᠭ᠎ᠤᠨ ᠪᠠᠲᠤᠯᠠᠭ᠎ᠠ᠂ ᠠᠮᠢᠳᠤᠷᠠᠯ᠎ᠤᠨ ᠦᠶ᠋ᠯᠡᠴᠢᠯᠡᠭᠡ᠂ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠵᠡᠷᠭᠡ᠎ᠶ᠋ᠢ ᠬᠠᠮᠤᠷᠤᠭ᠍ᠰᠠᠨ ᠪᠠᠢᠨ᠎ᠠ᠃ ᠲᠤᠬᠠᠶ᠎ᠶ᠋ᠢᠨ ᠲᠠᠯᠠᠪᠠᠶ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ ᠡᠴᠡ ᠲᠡᠮᠦᠷᠯᠢᠭ ᠤᠲᠠᠰᠤᠨ ᠭᠦᠷᠦᠮᠡᠯ ᠦᠨ ᠭᠠᠷ ᠤᠷᠠᠯᠠᠯ᠎ᠢ ᠳᠡᠯᠭᠡᠨ ᠦᠵᠡᠭᠦᠯᠵᠦ᠍᠂ ᠵᠡᠮᠳᠡᠭ᠌ᠴᠦᠳ᠎ᠦᠨ ᠲᠥᠯᠥᠭᠡᠯᠡᠭ᠌ᠴᠢ ᠭᠠᠷ ᠤᠷᠠᠯᠠᠯ ᠤᠨ ᠪᠦᠲᠦᠭᠡᠭ᠌ᠳᠡᠬᠦᠨ ᠦᠢᠯᠡᠳᠬᠦ᠂ ᠺᠤᠹᠸ ᠦᠶ᠋ᠯᠡᠳᠬᠦ᠎ᠵᠢ ᠪᠠᠶᠡᠴᠢᠯᠠᠨ ᠤᠢᠯᠠᠭᠠᠪᠠ᠃ ᠠᠵᠢᠯᠯᠠᠭ᠎ᠠ ᠵᠢᠨ ᠲᠤᠬᠠᠢ᠎ᠶ᠋ᠢᠨ ᠡᠳᠦᠷ ᠶᠠᠳᠠᠭᠤ ᠬᠦᠴᠢᠷᠳᠡᠯᠲᠡᠢ ᠵᠡᠮᠳᠡᠭ᠌ᠴᠦᠳ᠎ᠢ ᠪᠣᠯᠭᠣᠭᠠᠨ ᠲᠣᠬᠣᠨᠢᠭᠤᠯᠬᠤ ᠠᠵᠢᠯ ᠢ ᠢᠵᠢᠯᠢ ᠠᠯᠬᠤᠮ᠎ᠢᠶᠠᠷ ᠥᠷᠨᠢᠭᠦᠯᠵᠦ᠍᠂ ᠤᠯᠠᠨ ᠲᠦᠮᠡᠨ᠎ᠳᠦ ᠵᠡᠮᠳᠡᠭ᠌ᠴᠦᠳ ᠢ ᠬᠠᠷᠠᠭᠠᠯᠵᠠᠬᠤ ᠲᠦᠷᠦ᠍᠎ᠶ᠋ᠢᠨ ᠪᠤᠳᠤᠯᠭ᠎ᠠ᠎ᠶ᠋ᠢ ᠲᠠᠢᠯᠪᠤᠷᠢᠯᠠᠨ ᠥᠭ᠌ᠴᠦ᠂ ᠬᠠᠪᠰᠤᠷᠤᠨ ᠲᠡᠳᠬᠦᠬᠦ᠌ ᠦᠢᠯᠡᠴᠢᠯᠡᠭᠡ ᠶ᠋ᠢ ᠪᠣᠳᠠᠲᠠᠢ᠎ᠳᠤ ᠨᠠᠢᠳᠠᠪᠤᠷᠢᠵᠢᠭᠤᠯᠪᠠ᠃
ᠲᠣᠰ ᠤᠳᠠᠭᠠᠨ᠎ᠤ ᠠᠵᠢᠯᠯᠠᠭ᠎ᠠ᠎ᠨᠢ ᠵᠡᠮᠳᠡᠭ ᠤᠯᠠᠨ ᠲᠦᠮᠡᠨ᠎ᠳᠤ ᠦᠨᠡᠨ ᠬᠦ᠌ ᠲᠥᠬᠥᠮ ᠦᠵᠡᠭᠦᠯᠦᠭ᠌ᠰᠡᠨ ᠪᠥᠭᠡᠳ ᠨᠡᠢᠭᠡᠮ ᠳᠠᠶᠠᠭᠠᠷ᠎ᠲᠤ ᠵᠡᠮᠳᠡᠭ᠌ᠴᠦᠳ᠎ᠢ ᠲᠡᠳᠬᠦᠨ ᠲᠤᠰᠠᠯᠠᠬᠤ ᠪᠣᠯᠪᠠᠰᠤᠨ᠎ᠤ ᠣᠢᠯᠠᠭᠠᠭ᠍ᠳᠠᠬᠤᠨ ᠢ ᠳᠠᠮᠵᠢᠭᠤᠯᠤᠭ᠍ᠰᠠᠨ ᠪᠠᠢᠨ᠎ᠠ᠃ ᠭᠤᠤᠯᠯᠠᠨ ᠡᠷᠭᠢᠯᠡᠬᠦ᠌ ᠲᠠᠯ᠎ᠠ᠎ᠶ᠋ᠢᠨ ᠬᠢᠨ᠂ ᠲᠠᠷᠠᠭᠠᠴᠢ᠎ᠶ᠋ᠢᠨ ᠠᠯᠬᠤᠮ᠎ᠳᠤ ᠲᠣᠰ ᠤᠳᠠᠭᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠨ᠂ ᠣᠷᠣᠨ ᠪᠦᠰᠡ᠎ᠶ᠋ᠢᠨ ᠰᠠᠭᠠᠳ ᠥᠬᠡᠶ ᠣᠷᠴᠢᠨ ᠨᠥᠬᠥᠴᠡᠯ᠎ᠦᠨ ᠪᠥᠲᠥᠭᠡᠨ ᠪᠠᠢᠭᠤᠯᠤᠯᠲᠠ᠎ᠶ᠋ᠢᠨ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠵᠡᠮᠳᠡᠭ᠌ᠴᠦᠳ᠎ᠦᠨ ᠨᠡᠢᠭᠡᠮ ᠦᠨ ᠠᠮᠢᠳᠤᠷᠠᠯ ᠳᠤ ᠡᠷᠬᠡ ᠲᠡᠭ᠌ᠰᠢ ᠪᠡᠷ ᠣᠷᠣᠯᠴᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢ ᠳᠡᠮᠵᠢᠨ᠎ᠡ ᠭᠡᠵᠡᠶ᠃