5 ᠰᠠᠷ᠎ᠠ᠎ᠶ᠋ᠢᠨ 20 ᠤ᠋ ᠤᠷᠤᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠤᠷᠤᠰ ᠤᠨ ᠶᠡᠷᠦᠩᠬᠡᠢᠯᠡᠭ᠌ᠴᠢ ᠫᠦᠲ᠋ᠢᠨ ᠪᠡᠭᠡᠵᠢᠩ ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 《ᠳᠤᠮᠳᠠᠳᠤ ᠣᠷᠣᠰ᠎ᠤᠨ ᠦᠶᠡᠤᠯᠠᠷᠢᠬᠰᠠᠨ ᠨᠦᠬᠦᠷᠯᠡᠯ ᠢ᠋ ᠵᠠᠯᠭᠠᠮᠵᠢᠯᠠᠵᠤ ᠲᠣᠮᠣ ᠤᠯᠤᠰ᠎ᠤᠨ ᠬᠠᠷᠢᠯᠴᠠᠭᠠᠨ ᠤ ᠬᠡᠪ ᠳᠠᠭᠤᠷᠢᠶᠠᠯ᠎ᠢ ᠪᠣᠶ ᠪᠣᠯᠭᠠᠪᠠ》 ᠭᠡᠬᠦ ᠭᠡᠷᠡᠯ ᠵᠢᠷᠤᠭ᠎ᠤᠨ ᠦᠵᠡᠰᠭᠦᠯᠡᠩ ᠢ᠋ ᠬᠠᠮᠲᠤ᠎ᠪᠠᠷ ᠲᠣᠭᠣᠷᠢᠨ ᠦᠵᠡᠪᠡ᠃
ᠰᠢ ᠵᠢᠨ ᠫᠢᠩ ᠪᠣᠯᠤᠨ ᠫᠦᠲ᠋ᠢᠨ ᠪᠠᠢᠨ ᠪᠠᠢᠨ ᠵᠣᠭ᠍ᠰᠣᠰᠭᠢᠵᠤ ᠨᠠᠷᠢᠨ ᠬᠢᠨᠠᠮᠠᠭᠠᠢ ᠦᠵᠡᠵᠦ᠍᠂ ᠲᠠᠢᠯᠤᠮᠵᠢ᠎ᠶ᠋ᠢ ᠰᠣᠨᠣᠰᠤᠭ᠍ᠰᠠᠨ ᠪᠥᠭᠡᠳ ᠳᠤᠮᠳᠠᠳᠤ ᠤᠷᠤᠰ ᠬᠣᠶᠠᠷ ᠤᠯᠤᠰ᠎ᠤᠨ ᠤᠢ᠍ᠢᠷ᠎ᠠ ᠶ᠋ᠢᠨ ᠵᠢᠯ᠎ᠦᠨ ᠨᠥᠬᠥᠷᠰᠡᠭ ᠶᠠᠪᠤᠯᠴᠠᠭ᠎ᠠ ᠬᠠᠮᠲᠤᠷᠠᠯᠴᠠᠭ᠎ᠠ᠎ᠶ᠋ᠢᠨ ᠬᠢᠯᠠᠰ ᠬᠤᠷᠤᠮ ᠢ᠋ ᠪᠠᠶᠠᠷᠲᠠᠶ ᠪᠡᠷ ᠡᠷᠭᠢᠴᠡᠭᠦᠯᠪᠡ᠃ ᠬᠣᠶᠠᠷ ᠤᠯᠤᠰ᠎ᠤᠨ ᠲᠡᠷᠢᠭᠦᠨ᠂ ᠳᠤᠮᠳᠠᠳᠤ ᠤᠷᠤᠰ᠎ᠤᠨ ᠨᠥᠬᠥᠷᠯᠡᠯ᠎ᠦᠨ ᠠᠭᠤᠤ ᠶᠡᠬᠡ ᠦᠢᠯᠡᠰ ᠲᠡᠦᠬᠡ᠎ᠶ᠋ᠢᠨ ᠶᠡᠬᠡ ᠬᠠᠨᠳᠤᠰᠢ ᠪᠣᠯᠤᠨ ᠴᠠᠭ ᠦᠶ᠎ᠡ᠎ᠶ᠋ᠢᠨ ᠤᠷᠤᠰᠭᠠᠯ᠎ᠳᠤ ᠵᠣᠬᠢᠴᠠᠵᠤ᠂ ᠡᠪᠳᠡᠷᠡᠰᠢ ᠦᠭᠡᠢ ᠪᠠᠲᠤ ᠪᠡᠬᠢ ᠪᠠᠢᠵᠤ᠂ ᠯᠠᠪᠲᠠᠢ ᠯᠠᠪᠳᠠᠭᠤᠨ᠎ᠢᠶᠠᠷ ᠬᠤᠯᠠ ᠠᠶᠠᠯᠠᠵᠤ᠂ ᠴᠤᠴᠠᠯᠲᠠ ᠦᠭᠡᠢ ᠤᠷᠤᠭ᠍ᠰᠢᠯᠠᠵᠤ᠂ ᠱᠢᠨ᠎ᠡ ᠭᠣᠢᠳᠠ ᠰᠠᠢᠬᠠᠨ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭ᠌ᠯᠡᠬᠦ᠌ ᠪᠣᠯᠤᠨ᠎ᠠ ᠭᠡᠵᠦ᠍ ᠵᠢᠭᠠᠵᠤ ᠭᠠᠷᠭᠠᠪᠠ᠃
ᠭᠡᠷᠡᠯ ᠵᠢᠷᠤᠭ᠎ᠤᠨ ᠦᠵᠡᠰᠭᠦᠯᠡᠩ ᠢ ᠱᠢᠨᠬᠤᠸᠠ ᠬᠣᠷᠢᠶ᠎ᠠ ᠪᠣᠯᠤᠨ ᠤᠷᠤᠰ᠎ᠤᠨ ᠲᠠᠰᠰ ᠬᠣᠷᠢᠶ᠎ᠠ ᠬᠠᠮᠲᠤᠷᠠᠨ ᠡᠷᠬᠢᠯᠡᠵᠦ᠍᠂ ᠱᠢᠨ᠎ᠡ ᠴᠠᠭ ᠦᠶ᠎ᠡ᠎ᠡᠴᠡ ᠨᠠᠭᠠᠱᠢᠬᠢ ᠬᠣᠶᠠᠷ ᠤᠯᠤᠰ᠎ᠤᠨ ᠲᠡᠷᠢᠭᠦᠨ᠎ᠦ ᠬᠣᠭᠣᠷᠣᠨᠳᠣᠬᠢ ᠨᠢᠭ᠍ᠲᠠ ᠶᠠᠪᠤᠯᠴᠠᠭ᠎ᠠ ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠳᠤᠮᠳᠠᠳᠤ ᠤᠷᠤᠰ᠎ᠤᠨ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠢᠳᠡᠷᠡᠭᠦᠨ ᠠᠯᠬᠤᠭ᠎ᠠ᠎ᠶ᠋ᠢ ᠪᠦᠬᠦ᠌ ᠲᠠᠯ᠎ᠠ᠎ᠪᠠᠷ ᠢᠯᠡᠷᠡᠭᠦᠯᠪᠡ᠃
ᠼᠠᠢ ᠴᠢ᠂ ᠳ᠋ᠢᠩ ᠱᠢᠤᠸᠠᠢ ᠱᠢᠶᠠᠩ᠂ ᠸᠠᠩ ᠢ ᠣᠷᠣᠯᠴᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ)