ᠰᠢ ᠵᠢᠨ ᠫᠢᠩ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠬᠡᠯᠡᠯᠴᠡᠭᠡ ᠬᠢᠪᠡ
2026-05-21 09:25:19
ᠵᠣᠬᠢᠶᠠᠭ᠍ᠴᠢ᠄
​ ᠶᠠᠩ ᠢ ᠵᠢᠶᠦ᠋ᠨ ᠸᠸᠨ ᠱᠢᠨ
ᠣᠩᠱᠢᠭ᠍ᠰᠠᠨ ᠣᠳᠠᠭ᠎ᠠ᠄
★★★☆☆

 5 ᠰᠠᠷ᠎ᠠ᠎ᠶ᠋ᠢᠨ 20 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠬᠡᠯᠡᠯᠴᠡᠭᠡ ᠬᠢᠪᠡ᠃ ᠬᠣᠶᠠᠷ ᠤᠯᠤᠰ᠎ᠤᠨ ᠲᠡᠷᠢᠭᠦᠨ 《ᠳᠤᠮᠳᠠᠳᠤ ᠤᠷᠤᠰ᠎ᠤᠨ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》ᠵᠢ ᠦᠷᠭᠦᠯᠵᠢᠯᠡᠨ ᠤᠷᠳᠤᠳᠬᠠᠬᠤ᠎ᠪᠠᠷ ᠰᠠᠨᠠᠯ ᠨᠢᠭᠡᠲᠡᠢ ᠵᠥᠪᠱᠢᠶᠡᠷᠡᠪᠡ᠃


QQ20260521-092330.png


5 ᠰᠠᠷ᠎ᠠ᠎ᠶ᠋ᠢᠨ 20 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠬᠡᠯᠡᠯᠴᠡᠭᠡ ᠬᠢᠪᠡ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠬᠤᠸᠠᠩ ᠵᠢᠩ ᠸᠸᠨ ᠰᠡᠬᠦᠳᠡᠷᠯᠡᠪᠡ


QQ20260521-092337.png


 5 ᠰᠠᠷ᠎ᠠ᠎ᠶ᠋ᠢᠨ 20 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠦ ᠭᠠᠳᠠᠨᠠᠬᠢ ᠠᠭᠤᠳᠠᠮ ᠲᠠᠯᠠᠪᠠᠢ᠎ᠳᠤ ᠫᠦᠲ᠋ᠢᠨ᠎ᠢ ᠤᠭ᠍ᠲᠤᠬᠤ ᠶᠣᠰᠣᠯᠠᠯ ᠶᠠᠪᠤᠭᠤᠯᠪᠠ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠰᠢᠶᠧ ᠬᠤᠸᠠᠨ ᡂᠢ  ᠰᠡᠬᠦᠳᠡᠷᠯᠡᠪᠡ


QQ20260521-092347.png


5 ᠰᠠᠷ᠎ᠠ᠎ᠶ᠋ᠢᠨ 20 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠬᠡᠯᠡᠯᠴᠡᠭᠡ ᠬᠢᠭᠰᠡᠨ᠎ᠤ ᠲᠠᠷᠠᠭ᠎ᠠ ᠬᠠᠮᠲᠤ᠎ᠪᠠᠷ ᠰᠤᠷᠪᠤᠯᠵᠢᠯᠠᠭ᠍ᠴᠢᠳ᠎ᠲᠠᠶ ᠠᠭᠤᠯᠵᠠᠪᠠ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠯᠢ ᠰᠢᠶᠠᠩ ᠰᠡᠬᠦᠳᠡᠷᠯᠡᠪᠡ


ᠬᠣᠶᠠᠷ ᠤᠯᠤᠰ᠎ᠤᠨ ᠲᠡᠷᠢᠭᠦᠨ ᠤᠷᠢᠳ ᠬᠣᠵᠢᠳ ᠪᠠᠭ᠎ᠠ ᠬᠡᠪᠴᠢᠶ᠎ᠠ᠂ ᠶᠡᠬᠡ ᠬᠡᠪᠴᠢᠶᠡᠨ᠎ᠦ ᠬᠡᠯᠡᠯᠴᠡᠭᠡ ᠬᠢᠪᠡ᠃

ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠷᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠠᠢᠭᠤᠯᠤᠭ᠍ᠰᠠᠨ 30 ᠵᠢᠯ᠎ᠦᠨ ᠤᠢ ᠪᠠ 《ᠳᠤᠮᠳᠠᠳᠤ ᠤᠷᠤᠰ᠎ᠤᠨ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠲᠣᠭ᠍ᠲᠠᠭ᠍ᠰᠠᠨ 25 ᠵᠢᠯ᠎ᠦᠨ ᠤᠢ ᠪᠣᠯᠤᠨ᠎ᠠ᠃ ᠳᠤᠮᠳᠠᠳᠤ ᠤᠷᠤᠰ ᠬᠣᠶᠠᠷ ᠤᠯᠤᠰ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ᠎ᠳᠦ ᠭᠠᠷ᠎ᠤᠨ ᠦᠰᠦᠭ ᠵᠢᠷᠤᠵᠤ᠂ ᠬᠠᠤᠯᠢ ᠴᠠᠭᠠᠵᠠ᠎ᠶ᠋ᠢᠨ ᠬᠡᠯᠪᠡᠷᠢ᠎ᠪᠡᠷ ᠤᠷᠳᠤ ᠬᠤᠭᠤᠴᠠᠭᠠᠨ᠎ᠤ ᠡᠶᠡᠯᠳᠡᠭ ᠬᠥᠷᠰᠢ᠎ᠶ᠋ᠢᠨ ᠨᠥᠬᠥᠷᠰᠡᠭ ᠬᠠᠷᠢᠯᠴᠠᠭ᠎ᠠ᠂ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠳᠦᠷᠢᠮ᠎ᠤᠨ ᠰᠠᠭᠤᠷᠢ᠎ᠶ᠋ᠢ ᠲᠣᠭ᠍ᠲᠠᠭᠠᠵᠤ᠂ ᠳᠤᠮᠳᠠᠳᠤ ᠤᠷᠤᠰ᠎ᠤᠨ ᠬᠠᠷᠢᠯᠴᠠᠭ᠎ᠠ ᠡᠭᠦᠨ᠎ᠡᠴᠡ ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢ ᠪᠡᠶᠡᠯᠡᠭᠦᠯᠪᠡ᠃ ᠳᠤᠮᠳᠠᠳᠤ ᠤᠷᠤᠰ᠎ᠤᠨ ᠬᠠᠷᠢᠯᠴᠠᠭ᠎ᠠ ᠠᠯᠬᠤᠮ ᠠᠯᠬᠤᠮ᠎ᠢᠶᠠᠷ ᠥᠨᠥᠳᠦᠷ᠎ᠦᠨ ᠡᠨᠡ ᠬᠦ᠌ ᠦᠨᠳᠦᠷᠴᠡ ᠳ᠋ᠦ᠍ ᠬᠦᠷᠦᠭ᠌ᠰᠡᠨ ᠨᠢ᠂ ᠬᠣᠶᠠᠷ ᠲᠠᠯ᠎ᠠ᠎ᠪᠠᠷ᠎ᠢᠶᠠᠨ 《ᠮᠢᠩᠭ᠎ᠠ ᠲᠦᠮᠡᠨ ᠬᠦᠴᠢᠷ ᠪᠡᠷᠬᠡᠰᠢᠶᠡᠯ ᠲᠤᠯᠭᠠᠷᠠᠭᠰᠠᠨ ᠴᠤ᠌ ᠪᠠᠳᠤ ᠪᠡᠬᠢ ᠪᠠᠢᠬᠤ》ᠬᠠᠳᠠᠨ ᠵᠣᠷᠢᠭ᠎ᠢᠶᠠᠷ ᠤᠯᠤᠰ ᠲᠦᠷᠦ᠍᠎ᠶ᠋ᠢᠨ ᠢᠲᠡᠭᠡᠯᠴᠡᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠲᠠᠰᠤᠷᠠᠯᠳᠡ ᠦᠭᠡᠢ ᠭᠦᠨᠵᠡᠭᠡᠢᠷᠡᠭᠦᠯᠵᠦ᠍᠂ 《ᠲᠠᠬᠢᠨ ᠨᠢᠭᠡ ᠳᠡᠭ᠌ᠲᠡᠷ᠎ᠲᠦ ᠭᠠᠷᠬᠤ 》 ᠵᠣᠷᠢᠭ ᠰᠠᠨᠠᠭ᠎ᠠ ᠎ᠪᠠᠷ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠥᠷᠭᠡᠳᠭᠡᠵᠦ᠍᠂ 《 ᠪᠠᠷᠠᠭᠠᠨ ᠡᠭᠦᠯᠡᠰ ᠬᠤᠢᠯᠠᠷᠠᠨ ᠪᠦᠷᠬᠦᠭᠰᠡᠨ ᠴᠤ᠌ ᠲᠣᠭ᠍ᠲᠠᠭᠤᠨ ᠪᠠᠢᠬᠤ》 ᠰᠥᠰᠥ᠍ ᠵᠣᠷᠢᠭ᠎ᠢᠶᠠᠷ ᠤᠯᠠᠨ ᠤᠯᠤᠰ᠎ᠤᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠭ᠍ᠰᠠᠨ ᠡᠴᠡ ᠪᠣᠯᠵᠠᠢ᠃ ᠣᠳᠣᠬᠠᠨ᠎ᠤ ᠳᠡᠯᠡᠬᠡᠶ᠎ᠶ᠋ᠢᠨ ᠪᠠᠢᠳᠠᠯ ᠳᠤᠤᠷ᠎ᠠ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠶᠤᠯ ᠥᠬᠡᠶ᠎ᠶ᠋ᠢᠨ ᠵᠥᠪᠯᠡᠯ᠎ᠦᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠠ ᠳᠡᠯᠡᠬᠡᠶ᠎ᠶ᠋ᠢᠨ ᠴᠢᠬᠤᠯᠠ ᠶᠡᠬᠡ ᠤᠯᠤᠰ ᠪᠣᠯᠤᠭ᠍ᠰᠠᠨ᠎ᠤ ᠬᠤᠪᠢ᠎ᠳᠤ᠂ ᠳᠤᠮᠳᠠᠳᠤ ᠣᠷᠣᠰ ᠬᠣᠶᠠᠷ ᠤᠯᠤᠰ ᠪᠠᠢᠯᠳᠤᠬᠤ ᠪᠣᠳᠣᠯᠭ᠎ᠠ᠎ᠶ᠋ᠢᠨ ᠠᠯᠤᠰ ᠬᠡᠲᠦ᠍᠎ᠶ᠋ᠢ ᠪᠣᠳᠣᠯᠬᠢᠯᠠᠨ᠂ ᠨᠠᠩ ᠴᠢᠨᠠᠷ ᠰᠠᠢᠲᠠᠶ ᠪᠥᠬᠥ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠮᠵᠢᠯᠴᠠᠭ᠎ᠠ᠎ᠪᠠᠷ ᠲᠣᠰ ᠲᠣᠰ᠎ᠤᠨ᠎ᠢᠶᠠᠨ ᠤᠯᠤᠰ ᠤ᠋ᠨ ᠬᠥᠭ᠌ᠵᠢᠯ ᠮᠠᠨᠳᠤᠯ᠎ᠳᠤ ᠬᠦᠴᠦᠨ ᠨᠡᠮᠡᠷᠢᠯᠡᠵᠦ᠍᠂ ᠨᠠᠩ ᠲᠥᠪ ᠭᠤᠤᠯᠴᠢ ᠵᠦᠶ ᠵᠣᠬᠢᠰᠲᠠᠶ ᠪᠥᠬᠥ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠤᠶ᠎ᠠ ᠭᠡᠵᠤ ᠵᠢᠭᠠᠵᠤ ᠭᠠᠷᠭᠠᠵᠠᠢ᠃

ᠰᠢ ᠵᠢᠨ ᠫᠢᠩ᠂ ᠳᠤᠮᠳᠠᠳᠤ ᠤᠷᠤᠰ ᠬᠣᠶᠠᠷ ᠤᠯᠤᠰ ᠡᠷᠬᠡ ᠲᠡᠭ᠌ᠰᠢ᠎ᠪᠡᠷ ᠬᠠᠨᠳᠤᠯᠴᠠᠬᠤ᠂ ᠬᠠᠷᠢᠯᠴᠠᠨ ᠬᠦᠨᠳᠦᠳᠭᠡᠬᠦ᠌᠂ ᠢᠲᠡᠭᠡᠮᠵᠢ ᠵᠢ ᠴᠢᠬᠤᠯᠠᠴᠢᠯᠠᠨ ᠵᠢᠷᠤᠮ᠎ᠢ ᠰᠠᠬᠢᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠰᠠᠭᠤᠷᠢᠨ ᠳᠡᠭᠡᠷ᠎ᠡ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠢᠷᠡᠵᠦ᠍᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠣᠶᠣᠯ ᠢᠷᠭᠡᠨᠱᠢᠯ᠂ ᠣᠷᠣᠨ ᠨᠤᠲᠤᠭ ᠵᠡᠷᠭᠡ᠎ᠶ᠋ᠢᠨ ᠬᠠᠮᠲᠤᠷᠠᠯᠴᠠᠭ᠎ᠠ ᠦᠷᠭᠦᠯᠵᠢᠯᠡᠨ ᠠᠬᠢᠵᠥ᠍᠂ ᠠᠷᠠᠳ᠎ᠤᠨ ᠰᠡᠳᠭᠢᠯ᠎ᠦᠨ ᠨᠡᠪᠲᠡᠷᠡᠯᠴᠡᠭᠡ ᠨᠡᠩ ᠪᠡᠬᠢᠵᠢᠪᠡ᠃ ᠳᠤᠮᠳᠠᠳᠤ ᠤᠷᠤᠰ᠎ᠤᠨ ᠬᠠᠷᠢᠯᠴᠠᠭ᠎ᠠ ᠨᠡᠩ ᠵᠢᠳᠬᠦᠯ ᠴᠢᠷᠮᠠᠢᠯᠭ᠎ᠠ ᠲᠠᠢ᠂ ᠨᠡᠩ ᠲᠦᠷᠭᠡᠨ ᠬᠥᠭ᠌ᠵᠢᠬᠦ᠌ ᠱᠢᠨ᠎ᠡ ᠱᠠᠲᠤᠨ᠎ᠳᠤ ᠣᠷᠣᠪᠠ᠃ ᠳᠤᠮᠳᠠᠳᠤ ᠤᠷᠤᠰ᠎ᠤᠨ ᠬᠠᠷᠢᠯᠴᠠᠭ᠎ᠠ᠎ᠶ᠋ᠢᠨ ᠤᠷᠳᠤ ᠬᠤᠭᠤᠴᠠᠭᠠᠨ᠎ᠤ᠂ ᠡᠷᠡᠭᠦᠯ᠂ ᠲᠣᠭ᠍ᠲᠠᠭᠤᠨ᠂ ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠬᠤ ᠪᠣᠯ ᠬᠣᠶᠠᠷ ᠲᠠᠯ᠎ᠠ ᠪᠡᠷ ᠵᠢᠡᠨ ᠬᠣᠶᠠᠷ ᠤᠯᠤᠰ᠎ᠤᠨ ᠦᠨᠳᠦᠰᠦᠨ ᠠᠱᠢᠭ ᠲᠤᠰᠠ ᠪᠣᠯᠤᠨ ᠳᠡᠯᠡᠬᠡᠢ᠎ᠶ᠋ᠢᠨ ᠬᠥᠭ᠌ᠵᠢᠯᠲᠡ᠎ᠶ᠋ᠢᠨ ᠶᠡᠬᠡ ᠬᠠᠨᠳᠤᠰᠢ ᠡᠴᠡ ᠡᠭᠦᠰᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠪᠣᠯᠤᠨ᠎ᠠ᠃ ᠬᠣᠶᠠᠷ ᠤᠯᠤᠰ᠎ᠤᠨ ᠡᠯ᠎ᠡ ᠰᠠᠯᠠᠭ᠎ᠠ ᠮᠥᠴᠢᠷ᠎ᠦᠨ ᠬᠢᠨ ᠪᠢ ᠪᠤᠯᠤᠨ ᠶᠡᠷᠦᠩᠬᠡᠢᠯᠡᠭ᠌ᠴᠢ ᠫᠦᠲ᠋ᠢᠨ ᠤ᠋ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠪᠦᠬᠦ᠌ ᠬᠦᠴᠦ᠍᠎ᠪᠡᠷ᠎ᠢᠶᠡᠨ ᠰᠠᠢᠲᠤᠷ ᠨᠠᠢᠳᠠᠪᠤᠷᠢᠵᠢᠭᠤᠯᠵᠤ᠂ ᠲᠡᠦᠬᠡ᠎ᠶ᠋ᠢᠨ ᠠᠵᠠ ᠲᠣᠬᠢᠶᠠᠯ᠎ᠢ ᠭᠦᠢᠴᠡᠳ ᠡᠵᠡᠮᠳᠡᠵᠦ᠍᠂ ᠬᠣᠶᠠᠷ ᠤᠯᠤᠰ᠎ᠤᠨ ᠢᠲᠡᠭᠡᠯᠴᠡᠭᠡ᠎ᠶ᠋ᠢᠨ ᠰᠠᠭᠤᠷᠢ ᠵᠢ ᠶᠠᠪᠤᠬᠤ ᠲᠤᠳᠤᠮ ᠪᠡᠬᠢᠵᠢᠬᠦᠯᠵᠦ᠍᠂ ᠬᠠᠮᠲᠤᠷᠠᠯᠴᠠᠭᠠᠨ᠎ᠤ ᠦᠷ᠎ᠡ ᠪᠦᠲᠦᠮᠵᠢ ᠵᠢ ᠶᠠᠪᠤᠬᠤ ᠲᠤᠳᠤᠮ ᠭᠦᠢᠴᠡᠳ ᠪᠤᠯᠭᠠᠵᠤ᠂ ᠨᠥᠬᠥᠷᠯᠡᠯ᠎ᠦᠨ ᠵᠠᠮ᠎ᠢ ᠶᠠᠪᠤᠬᠤ ᠲᠤᠳᠤᠮ ᠥᠷᠭᠡᠵᠢᠬᠦᠯᠬᠦ᠎ᠶ᠋ᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠬᠣᠶᠠᠷ ᠲᠠᠯ᠎ᠠ᠎ᠪᠠᠷ᠎ᠢᠶᠠᠨ ᠬᠣᠶᠠᠷ ᠤᠯᠤᠰ᠎ᠤᠨ ᠬᠥᠭ᠌ᠵᠢᠯ ᠮᠠᠨᠳᠤᠯ᠎ᠤᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠤᠷᠤᠰ᠎ᠤᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢᠨ ᠪᠦᠬᠦ᠌ ᠲᠠᠯ᠎ᠠ᠎ᠶ᠋ᠢᠨ᠂ ᠪᠦᠷᠢᠨ ᠲᠡᠭᠦᠯᠳᠡᠷ ᠪᠠᠢᠬᠤ ᠣᠨᠴᠠᠯᠢᠭ᠎ᠢ ᠭᠦᠢᠴᠡᠳ ᠪᠠᠳᠠᠷᠠᠭᠤᠯᠵᠤ᠂ ᠪᠦᠬᠦ᠌ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠨᠢᠭᠡᠳᠦᠯᠲᠡᠢ ᠲᠥᠯᠥᠪᠵᠢᠭᠦᠯᠦᠨ ᠵᠢᠷᠤᠵᠤ ᠲᠥᠯᠥᠪᠯᠡᠬᠦ᠌᠎ᠶ᠋ᠢ ᠴᠢᠩᠭᠠᠳᠭᠠᠵᠤ᠂ ᠠᠵᠤ ᠠᠬᠤᠢ ᠠᠷᠠᠯᠵᠢᠶᠠᠨ᠎ᠤ ᠪᠡᠯᠡ ᠣᠷᠣᠭᠤᠯᠤᠯᠲᠠ᠂ ᠡᠨᠧᠷᠭᠢ ᠵᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠵᠡᠷᠭᠡ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠬᠣᠱᠢᠭᠤᠷᠠᠯ ᠬᠦᠷᠢᠶᠡᠨ᠎ᠳᠡᠬᠢ ᠬᠠᠮᠲᠤᠷᠠᠯᠴᠠᠭ᠎ᠠ᠎ᠶ᠋ᠢ ᠢᠳᠡᠪᠬᠢᠲᠡᠢ ᠪᠠᠢᠷᠢᠱᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢᠶᠡᠷ ᠨᠡᠮᠡᠭ᠌ᠳᠡᠯ᠎ᠦᠨ ᠱᠢᠨ᠎ᠡ ᠬᠥᠳᠡᠯᠭᠡᠭᠦᠷ᠎ᠢ ᠪᠤᠢ ᠪᠣᠯᠭᠠᠶ᠎ᠠ; ᠦᠶ᠎ᠡ ᠤᠯᠠᠷᠢᠬᠰᠠᠨ᠎ᠨᠦᠬᠦᠷᠯᠡᠯ ᠢ᠋ ᠦᠷᠭᠦᠯᠵᠢᠯᠡᠭᠦᠯᠬᠦ᠎ᠳᠤ ᠰᠠᠭᠤᠷᠢᠯᠠᠵᠤ᠂ ᠰᠤᠷᠭᠠᠨ ᠬᠥᠮᠦᠵᠢᠯ᠂ ᠰᠣᠶᠣᠯ᠂ ᠺᠢᠨᠣ᠋᠂ ᠵᠢᠭᠤᠯᠴᠢᠯᠠᠯ᠂ ᠪᠡᠶ᠎ᠡ᠎ᠶ᠋ᠢᠨ ᠲᠠᠮᠢᠷ ᠵᠡᠷᠭᠡ ᠰᠣᠶᠣᠯ ᠢᠷᠭᠡᠨᠱᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠬᠣᠶᠠᠷ ᠤᠯᠤᠰ᠎ᠤᠨ ᠨᠥᠬᠥᠷᠯᠡᠯ᠎ᠦᠨ ᠨᠡᠢᠭᠡᠮ᠎ᠦᠨ ᠠᠷᠠᠳ᠎ᠤᠨ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠦᠶ᠎ᠠ; ᠤᠯᠠᠨ ᠲᠠᠯᠠᠲᠤ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠠᠯᠳᠠᠨ ᠲᠣᠭᠣᠰᠭ᠎ᠠ ᠤᠯᠤᠰ᠎ᠤᠳ᠂ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠵᠡᠷᠭᠡ ᠤᠯᠠᠨ ᠲᠠᠯᠠᠲᠤ ᠲᠠᠪᠴᠠᠩ ᠳ᠋ᠡᠬᠢ ᠵᠣᠬᠢᠴᠠᠭᠤᠯᠭ᠎ᠠ ᠪᠠ ᠬᠠᠮᠵᠢᠯᠴᠠᠭ᠎ᠠ᠎ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠳᠠᠢ᠌ᠨ᠎ᠦ ᠳᠠᠷᠠᠭᠠᠬᠢ ᠤᠯᠠᠨ ᠤᠯᠤᠰ᠎ᠤᠨ ᠡᠮᠬᠢ ᠳᠢᠭ᠌ᠯᠢᠮ ᠪᠠ ᠤᠯᠠᠨ ᠤᠯᠤᠰ᠎ᠤᠨ ᠬᠠᠤᠯᠢ᠎ᠶ᠋ᠢᠨ ᠡᠷᠬᠡ ᠰᠦᠷ᠎ᠢ ᠡᠷᠡᠰ ᠭᠤᠢᠪᠢᠰᠢ ᠦᠭᠡᠢ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠲᠠᠢ ᠪᠦᠯᠬᠦᠮᠳᠡᠵᠦ᠍᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠦᠨ ᠥᠭᠡᠷᠡᠴᠢᠯᠡᠯᠲᠡ᠎ᠶ᠋ᠢᠨ ᠵᠥᠪ ᠴᠢᠭ᠌ᠯᠡᠯ ᠎ᠢ ᠬᠦᠳᠦᠯᠥᠨ ᠳᠠᠭᠠᠭᠤᠯᠤᠶ᠎ᠠ ᠭᠡᠵᠤ ᠴᠢᠬᠤᠯᠠᠴᠢᠯᠠᠵᠠᠢ᠃

ᠫᠦᠲ᠋ᠢᠨ᠂ ᠬᠣᠶᠠᠷ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠤᠷᠤᠰ ᠳᠤᠮᠳᠠᠳᠤ᠎ᠶ᠋ᠢᠨ ᠬᠠᠷᠢᠯᠴᠠᠭ᠎ᠠ ᠤᠷᠢᠳ ᠡᠮᠦᠨ᠎ᠡ ᠪᠠᠢᠭ᠎ᠠ ᠦᠭᠡᠢ ᠥᠨᠳᠥᠷ ᠲᠦᠪᠱᠢᠨ᠎ᠳᠦ ᠬᠦᠷᠴᠡᠢ᠃ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ ᠨᠢᠭ᠍ᠲᠠᠷᠠᠵᠤ᠂ ᠤᠯᠤᠰ ᠲᠦᠷᠦ᠍᠎ᠶ᠋ᠢᠨ ᠢᠲᠡᠭᠡᠯᠴᠡᠭᠡ ᠪᠡᠬᠢᠵᠢᠪᠡ᠃ ᠬᠣᠶᠠᠷ ᠲᠠᠯ᠎ᠠ᠎ᠶ᠋ᠢᠨ ᠠᠷᠠᠯᠵᠢᠶ᠎ᠠ ᠲᠣᠭ᠍ᠲᠠᠭᠤᠨ᠎ᠢᠶᠠᠷ ᠨᠡᠮᠡᠭ᠌ᠳᠡᠵᠦ᠍᠂ ᠡᠨᠧᠷᠭᠢ᠎ᠶ᠋ᠢᠨ ᠬᠠᠩᠭᠠᠯᠭ᠎ᠠ ᠬᠡᠷᠡᠭ᠌ᠴᠡᠭᠡ ᠬᠠᠷᠢᠯᠴᠠᠨ ᠠᠱᠢᠭᠳᠠᠢ ᠬᠠᠮᠳᠤ ᠪᠡᠷ ᠠᠰᠢᠭ ᠬᠦᠷᠲᠡᠬᠦ᠌᠎ᠶ᠋ᠢ ᠪᠡᠶᠡᠯᠡᠭᠦᠯᠵᠦ᠍᠂ ᠵᠠᠮ ᠬᠠᠷᠢᠯᠴᠠᠭ᠎ᠠ᠂ ᠪᠠᠷᠠᠭᠠᠨ᠎ᠤ ᠭᠦᠢᠯᠭᠡᠭᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ ᠡᠳᠦᠷ ᠢᠷᠡᠬᠦᠶ᠎ᠡ ᠭᠦᠨᠵᠡᠭᠡᠢᠷᠡᠪᠡ᠃ ᠰᠣᠶᠣᠯ ᠢᠷᠭᠡᠨᠱᠢᠯ᠎ᠦᠨ ᠰᠣᠯᠢᠯᠴᠠᠭ᠎ᠠ᠎ᠶ᠋ᠢᠨ ᠪᠠᠢᠳᠠᠯ ᠰᠠᠢ᠌ᠨ ᠪᠠᠢᠵᠤ᠂ 《ᠤᠷᠤᠰ ᠳᠤᠮᠳᠠᠳᠤ᠎ᠶ᠋ᠢᠨ ᠰᠣᠶᠣᠯ᠎ᠤᠨ ᠣᠨ》 ᠢ᠋ ᠠᠮᠵᠢᠯᠲᠠᠲᠠᠶ ᠡᠷᠬᠢᠯᠡᠭ᠌ᠰᠡᠨ᠎ᠦ ᠲᠠᠷᠠᠭ᠎ᠠ᠂ 《ᠤᠷᠤᠰ ᠳᠤᠮᠳᠠᠳᠤ᠎ᠶ᠋ᠢᠨ ᠰᠤᠷᠭᠠᠨ ᠬᠥᠮᠦᠵᠢᠯ᠎ᠦᠨ ᠣᠨ》 ᠢ᠋ ᠡᠬᠢᠯᠡᠬᠦᠯᠬᠦ ᠪᠣᠯᠤᠯ᠎ᠠ᠃ ᠤᠷᠤᠰ ᠳᠤᠮᠳᠠᠳᠤ᠎ᠶ᠋ᠢᠨ ᠬᠠᠷᠢᠯᠴᠠᠭ᠎ᠠ ᠱᠢᠯᠭᠠᠯᠲᠠ᠎ᠶ᠋ᠢ ᠳᠠᠭᠠᠭᠠᠵᠤ᠂ ᠶᠠᠪᠤᠬᠤ ᠲᠤᠳᠤᠮ ᠪᠡᠬᠢᠵᠢᠵᠦ᠍᠂ ᠨᠢᠭᠡᠨᠲᠡ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠡᠪ ᠳᠠᠭᠤᠷᠢᠶᠠᠯ ᠪᠣᠯᠵᠠᠢ᠃ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ ᠨᠢ ᠬᠣᠶᠠᠷ ᠤᠯᠤᠰ᠎ᠤᠨ ᠬᠠᠷᠢᠯᠴᠠᠭᠠᠨ᠎ᠳᠤ ᠪᠠᠲᠤ ᠪᠡᠬᠢ ᠬᠠᠤᠯᠢ ᠴᠠᠭᠠᠵᠠ᠎ᠶ᠋ᠢᠨ ᠰᠠᠭᠤᠷᠢ᠎ᠶ᠋ᠢ ᠲᠠᠯᠪᠢᠵᠤ᠂ ᠣᠳᠣᠬᠠᠨ᠎ᠤ ᠪᠠᠢᠳᠠᠯ ᠳᠣᠣᠷ᠎ᠠ ᠨᠡᠩ ᠴᠢᠬᠤᠯᠠ ᠠᠬᠤᠢᠴᠢ ᠠᠴᠢ ᠬᠣᠯᠪᠣᠭ᠍ᠳᠠᠯ᠎ᠲᠠᠶ ᠶᠤᠮ᠃ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤ᠎ᠪᠠᠷ ᠭᠡᠷ᠎ᠡ᠎ᠶ᠋ᠢᠨ ᠵᠣᠷᠢᠭ ᠰᠠᠨᠠᠭ᠎ᠠ᠎ᠶ᠋ᠢ ᠬᠢᠴᠢᠶᠡᠩᠭᠦᠢᠯᠡᠨ ᠵᠢᠷᠤᠮᠯᠠᠵᠤ᠂ ᠪᠠᠢᠯᠳᠤᠬᠤ ᠪᠤᠳᠤᠯᠭ᠎ᠠ᠎ᠶ᠋ᠢᠨ ᠵᠣᠬᠢᠴᠠᠭᠤᠯᠭ᠎ᠠ ᠪᠣᠯᠤᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠨᠡᠩ ᠥᠨᠳᠥᠷ ᠲᠦᠪᠱᠢᠨ᠎ᠳᠦ ᠭᠠᠷᠬᠤ᠎ᠶ᠋ᠢ ᠠᠬᠢᠭᠤᠯᠤᠨ᠎ᠠ᠃ ᠤᠷᠤᠰ ᠳᠤᠮᠳᠠᠳᠤ᠎ᠶ᠋ᠢᠨ ᠬᠠᠮᠲᠤᠷᠠᠯᠴᠠᠭ᠎ᠠ ᠪᠣᠯ ᠲᠣᠭ᠍ᠲᠠᠭᠤᠨ ᠪᠤᠰᠤ ᠳᠡᠯᠡᠬᠡᠢ᠎ᠶ᠋ᠢᠨ ᠪᠠᠢᠳᠠᠯ᠎ᠳᠠᠬᠢ ᠴᠢᠬᠤᠯᠠ ᠲᠣᠭ᠍ᠲᠠᠭᠤᠨ ᠡᠯᠧᠮᠧᠨ᠋ᠲ ᠪᠣᠯᠤᠨ᠎ᠠ᠃ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠲᠠᠯ᠎ᠠ᠎ᠶ᠋ᠢᠨ ᠬᠠᠮᠵᠢᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠳᠤᠮᠳᠠᠳᠤ ᠤᠯᠤᠰ᠎ᠤᠨ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠰᠠᠢᠲᠤᠷ ᠡᠷᠬᠢᠯᠡᠬᠦ᠌᠎ᠶ᠋ᠢ ᠳᠡᠮᠵᠢᠵᠦ᠍᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠠᠢᠷᠢ ᠰᠠᠭᠤᠷᠢ ᠪᠣᠯᠤᠨ ᠨᠥᠯᠥᠭᠡ᠎ᠶ᠋ᠢ ᠬᠠᠮᠲᠤ᠎ᠪᠠᠷ ᠴᠢᠩᠭᠠᠳᠭᠠᠵᠤ᠂ ᠠᠯᠳᠠᠨ ᠲᠣᠭᠣᠰᠭ᠎ᠠ ᠤᠯᠤᠰ᠎ᠤᠳ᠎ᠤᠨ ᠲᠣᠭ᠍ᠲᠠᠴᠠ᠎ᠶ᠋ᠢᠨ ᠪᠦᠯᠬᠦᠮᠳᠡᠯ ᠬᠠᠮᠵᠢᠯᠴᠠᠭ᠎ᠠ᠎ᠶ᠋ᠢ ᠴᠢᠩᠭᠠᠳᠭᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠷᠬᠡ ᠰᠦᠷ᠎ᠢ ᠬᠠᠮᠠᠭᠠᠯᠠᠵᠤ᠂ ᠪᠣᠯᠪᠠᠰᠤᠨ᠎ᠤ ᠤᠯᠠᠨ ᠶᠠᠩᠵᠤᠲᠤ ᠴᠢᠨᠠᠷ᠎ᠢ ᠰᠠᠨᠠᠭᠠᠴᠢᠯᠠᠵᠤ᠂ ᠤᠯᠠᠨ ᠤᠯᠤᠰ᠎ᠤᠨ ᠡᠮᠬᠢ ᠳᠢᠭ᠌ᠯᠢᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠪᠣᠯᠬᠤ᠎ᠶ᠋ᠢ ᠠᠬᠢᠭᠤᠯᠤᠨ᠎ᠠ ᠭᠡᠵᠤ ᠢᠯᠡᠳᠭᠡᠪᠡ᠃

ᠬᠣᠶᠠᠷ ᠤᠯᠤᠰ᠎ᠤᠨ ᠲᠡᠷᠢᠭᠦᠨ ᠳᠤᠮᠳᠠᠳᠤ ᠳᠣᠷᠣᠨᠠᠲᠤ᠎ᠶ᠋ᠢᠨ ᠪᠠᠢᠳᠠᠯ ᠵᠡᠷᠭᠡ ᠴᠢᠬᠤᠯᠠ ᠶᠡᠬᠡ ᠳᠡᠯᠡᠬᠡᠢ᠎ᠶ᠋ᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ᠎ᠢᠶᠠᠨ ᠰᠣᠯᠢᠯᠴᠠᠪᠠ᠃

ᠬᠣᠶᠠᠷ ᠤᠯᠤᠰ᠎ᠤᠨ ᠲᠡᠷᠢᠭᠦᠨ ᠳᠤᠮᠳᠠᠳᠤ ᠤᠷᠤᠰ᠎ᠤᠨ ᠶᠡᠷᠦᠩᠬᠡᠢ ᠰᠠᠢᠳ᠎ᠤᠨ ᠲᠣᠭ᠍ᠲᠠᠮᠠᠯ ᠬᠤᠭᠤᠴᠠᠭᠠᠲᠤ ᠠᠭᠤᠯᠵᠠᠯᠲᠠ᠎ᠶ᠋ᠢᠨ ᠲᠣᠭ᠍ᠲᠠᠴᠠ᠎ᠶ᠋ᠢᠨ ᠪᠣᠷᠣ ᠲᠥᠯᠥᠪ᠎ᠦᠨ ᠳᠣᠣᠷᠠᠬᠢ ᠳᠡᠳ᠋ ᠶᠡᠷᠦᠩᠬᠡᠢ ᠰᠠᠢᠳ᠎ᠤᠨ ᠳᠡᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠬᠣᠶᠠᠷ ᠲᠠᠯ᠎ᠠ᠎ᠶ᠋ᠢᠨ ᠲᠡᠷᠢᠭᠦᠯᠡᠭ᠌ᠴᠢ᠎ᠶ᠋ᠢᠨ ᠪᠠᠯᠡ ᠤᠷᠤᠭᠤᠯᠤᠯᠳᠠ᠂ ᠡᠨ᠋ᠸᠷᠬᠢ᠂ ᠠᠵᠤ ᠠᠬᠤᠢ ᠠᠷᠠᠯᠵᠢᠶ᠎ᠠ᠂ ᠵᠡᠬᠦᠨ ᠬᠤᠢᠳᠤ — ᠠᠯᠤᠰ ᠲᠤᠷᠤᠨᠠᠳᠤ᠂ ᠰᠤᠶᠤᠯ ᠢᠷᠭᠡᠨᠰᠢᠯ ᠵᠡᠷᠭᠡ ᠬᠦᠷᠢᠶᠠᠨ ᠳ᠋ᠡᠬᠢ ᠬᠠᠮᠳᠤᠷᠠᠯᠴᠠᠭᠠᠨ ᠤ᠋ ᠠᠬᠢᠴᠠ ᠵᠢᠨ ᠪᠠᠢᠳᠠᠯ ᠤ᠋ᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠬᠣᠶᠠᠷ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠳᠤᠮᠳᠠᠳᠤ ᠤᠷᠤᠰ᠎ᠤᠨ ᠳᠡᠯᠡᠬᠡᠢ᠎ᠶ᠋ᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠵᠣᠬᠢᠴᠠᠭᠤᠯᠭ᠎ᠠ ᠬᠠᠮᠲᠤᠷᠠᠯᠴᠠᠭ᠎ᠠ᠎ᠶ᠋ᠢᠨ ᠪᠠᠢᠳᠠᠯ᠎ᠢ ᠬᠠᠷᠢᠭᠤ ᠮᠡᠳᠡᠭᠦᠯᠪᠡ᠃

ᠬᠡᠯᠡᠯᠴᠡᠭᠡ ᠲᠡᠭᠦᠰᠦᠭ᠌ᠰᠡᠨ᠎ᠦ ᠲᠠᠷᠠᠭ᠎ᠠ᠂ ᠬᠣᠶᠠᠷ ᠤᠯᠤᠰ᠎ᠤᠨ ᠲᠡᠷᠢᠭᠦᠨ《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠤᠷᠤᠰ᠎ᠤᠨ ᠬᠣᠯᠪᠣᠭᠠᠨ᠎ᠤ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠤᠯᠠᠨ ᠨᠢᠭᠡ ᠠᠯᠬᠤᠮ ᠴᠢᠩᠭᠠᠳᠭᠠᠵᠤ᠂ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠲᠤᠬᠠᠢ ᠬᠠᠮᠲᠤᠷᠠᠭ᠍ᠰᠠᠨ ᠢᠯᠡᠷᠬᠡᠢᠯᠡᠯᠲᠡ》 ᠳ᠋ᠤ ᠭᠠᠷ᠎ᠤᠨ ᠦᠰᠦᠭ ᠵᠢᠷᠤᠬᠰᠡᠨ ᠪᠦᠭᠡᠳ ᠨᠡᠢᠲᠡᠯᠡᠵᠦ᠍᠂ ᠠᠵᠤ ᠠᠬᠤᠢ ᠠᠷᠠᠯᠵᠢᠶ᠎ᠠ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ ᠳ᠋ᠡᠬᠢ 20 ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ᠎ᠶ᠋ᠢ ᠭᠡᠷᠡᠴᠢᠯᠡᠪᠡ᠃

ᠠᠢᠯᠴᠢᠯᠠᠯᠲᠠ᠎ᠶ᠋ᠢᠨ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠤᠷᠤᠰ᠎ᠤᠨ ᠬᠣᠯᠪᠣᠭᠠᠨ᠎ᠤ ᠳᠡᠯᠡᠬᠡᠢ᠎ᠶ᠋ᠢᠨ ᠤᠯᠠᠨ ᠲᠤᠢ᠌ᠯᠵᠢᠯᠳᠠ ᠪᠣᠯᠤᠨ ᠱᠢᠨ᠎ᠡ ᠬᠡᠯᠪᠡᠷᠢ᠎ᠶ᠋ᠢᠨ ᠤᠯᠠᠨ ᠤᠯᠤᠰ᠎ᠤᠨ ᠬᠠᠷᠢᠯᠴᠠᠭ᠎ᠠ᠎ᠶ᠋ᠢ ᠰᠠᠨᠠᠭᠠᠴᠢᠯᠠᠬᠤ ᠲᠤᠬᠠᠢ ᠬᠠᠮᠲᠤᠷᠠᠭ᠍ᠰᠠᠨ ᠢᠯᠡᠷᠬᠡᠢᠯᠡᠯᠲᠡ》 ᠵᠢ ᠨᠡᠢᠲᠡᠯᠡᠭ᠌ᠰᠡᠨ ᠪᠥᠭᠡᠳ ᠪᠤᠰᠤᠳ ᠬᠦᠷᠢᠶᠡᠨ ᠳ᠋ᠡᠬᠢ 20 ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ ᠲᠤᠬᠢᠷᠠᠯᠴᠠᠵᠠᠢ᠃

ᠬᠣᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠰᠤᠷᠪᠤᠯᠵᠢᠯᠠᠭ᠍ᠴᠢᠳ᠎ᠲᠠᠶ ᠠᠭᠤᠯᠵᠠᠪᠠ᠃

ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠦ ᠭᠠᠳᠠᠨᠠᠬᠢ ᠠᠭᠤᠳᠠᠮ ᠲᠠᠯᠠᠪᠠᠢ᠎ᠳᠤ ᠫᠦᠲ᠋ᠢᠨ᠎ᠢ ᠤᠭ᠍ᠲᠤᠬᠤ ᠶᠣᠰᠣᠯᠠᠯ ᠶᠠᠪᠤᠭᠤᠯᠪᠠ᠃

ᠫᠦᠲ᠋ᠢᠨ ᠬᠦᠷᠴᠦ᠍ ᠢᠷᠡᠬᠦ᠌ ᠦᠶ᠎ᠡ᠎ᠳᠦ᠂ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠪᠦᠯᠬᠦᠮ ᠳᠤᠮᠳᠠᠳᠤ ᠤᠷᠤᠰ ᠬᠣᠶᠠᠷ ᠤᠯᠤᠰ᠎ᠤᠨ ᠤᠯᠤᠰ ᠤ᠋ᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠤᠳᠠᠭ᠎ᠠ ᠳᠤᠤᠭᠠᠷᠭᠠᠪᠠ᠃ ᠫᠦᠲ᠋ᠢᠨ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ ᠎ᠢ ᠰᠣᠨᠢᠷᠬᠠᠪᠠ᠃

ᠲᠤᠰ ᠤᠷᠤᠢ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠲᠢᠩᠬᠢᠮ᠎ᠳᠦ ᠫᠦᠲ᠋ᠢᠨ ᠎ᠢ ᠤᠭ᠍ᠲᠤᠬᠤ ᠳᠠᠢᠯᠠᠯᠭ᠎ᠠ ᠬᠢᠪᠡ᠃

ᠼᠠᠢ ᠴᠢ᠂ ᠳ᠋ᠢᠩ ᠱᠢᠤᠸᠠᠢ ᠱᠢᠶᠠᠩ᠂ ᠸᠠᠩ ᠢ᠂ ᠾᠧ ᠯᠢ ᠹᠸᠩ᠂ ᠵᠠᠩ ᠭᠦᠸᠧ ᠴᠢᠩ᠂ ᠱᠸᠨ ᠢ ᠴᠢᠨ᠎ᠨᠡᠷ ᠳᠡᠭᠡᠷᠡᠬᠢ ᠠᠵᠢᠯᠯᠠᠭ᠎ᠠ ᠎ᠳᠤ ᠣᠷᠣᠯᠴᠠᠵᠠᠢ᠃


ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号