5 ᠰᠠᠷ᠎ᠠ᠎ᠶ᠋ᠢᠨ 20 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠬᠡᠯᠡᠯᠴᠡᠭᠡ ᠬᠢᠭ᠌ᠰᠡᠨ᠎ᠦ ᠳᠠᠷᠠᠭ᠎ᠠ ᠬᠠᠮᠲᠤ᠎ᠪᠠᠷ ᠰᠤᠷᠪᠤᠯᠵᠢᠯᠠᠭ᠍ᠴᠢᠳ᠎ᠲᠠᠶ ᠠᠭᠤᠯᠵᠠᠪᠠ᠃
ᠰᠢ ᠵᠢᠨ ᠫᠢᠩ᠂ ᠡᠨᠡ ᠪᠣᠯ ᠶᠡᠷᠦᠩᠬᠡᠢᠯᠡᠭ᠌ᠴᠢ ᠫᠦᠲ᠋ᠢᠨ᠎ᠤ ᠬᠣᠷᠢᠨ ᠲᠠᠪᠤᠳᠡᠬᠢ ᠤᠳᠠᠭ᠎ᠠ᠎ᠶ᠋ᠢᠨ ᠳᠤᠮᠳᠠᠳᠤ ᠤᠯᠤᠰ᠎ᠲᠠᠬᠢ ᠠᠢᠯᠴᠢᠯᠠᠯᠲᠠ ᠪᠠᠢᠵᠤ᠂ ᠳᠤᠮᠳᠠᠳᠤ ᠤᠷᠤᠰ᠎ᠤᠨ ᠬᠠᠷᠢᠯᠴᠠᠭᠠᠨ᠎ᠤ ᠥᠨᠳᠥᠷ ᠲᠦᠪᠱᠢᠨ ᠪᠠ ᠣᠨᠴᠠᠭᠠᠢ ᠴᠢᠨᠠᠷ᠎ᠢ ᠭᠦᠢᠴᠡᠳ ᠬᠠᠷᠠᠭᠤᠯᠵᠤ ᠪᠠᠢᠨ᠎ᠠ᠃ ᠪᠢ ᠰᠠᠶᠢᠬᠠᠨ ᠶᠡᠷᠦᠩᠬᠡᠢᠯᠡᠭ᠌ᠴᠢ ᠫᠦᠲ᠋ᠢᠨ ᠲᠠᠢ ᠭᠦᠨᠵᠡᠭᠡᠢ ᠨᠥᠬᠥᠷᠰᠡᠭ᠂ ᠪᠠᠶᠠᠯᠢᠭ ᠦᠷ᠎ᠡ ᠪᠦᠲᠦᠭᠡᠯᠪᠦᠬᠦᠢ ᠬᠡᠯᠡᠯᠴᠡᠭᠡ ᠬᠢᠵᠦ᠍᠂ ᠠᠯᠢ ᠤᠯᠠᠨ ᠴᠢᠬᠤᠯᠠ ᠶᠡᠬᠡ ᠠᠰᠠᠭᠤᠳᠠᠯ᠎ᠤᠨ ᠲᠤᠬᠠᠢ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ ᠬᠢᠵᠡᠢ᠃ ᠪᠢᠳᠡ ᠬᠣᠶᠠᠷ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠡᠶᠡᠯᠰᠡᠭ ᠨᠥᠬᠥᠷᠰᠡᠭ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠲᠤᠬᠠᠢ ᠬᠠᠮᠲᠤᠷᠠᠭ᠍ᠰᠠᠨ ᠢᠯᠡᠷᠬᠡᠢᠯᠡᠯᠲᠡ᠎ᠳᠦ ᠬᠠᠮᠲᠤ᠎ᠪᠠᠷ ᠭᠠᠷᠤᠨ ᠦᠰᠦᠭ ᠵᠢᠷᠤᠵᠤ᠂ ᠬᠣᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠤᠯᠠᠨ ᠬᠤᠪᠢ ᠴᠢᠬᠤᠯᠠ ᠪᠢᠴᠢᠭ ᠮᠠᠲ᠋ᠧᠷᠢᠶᠠᠯ ᠲᠤᠬᠢᠷᠠᠯᠴᠠᠬᠤ᠎ᠵᠢ ᠭᠡᠷᠡᠴᠢᠯᠡᠪᠡ᠃ ᠬᠣᠶᠠᠷ ᠤᠯᠤᠰ ᠪᠠᠰᠠ ᠳᠡᠯᠡᠬᠡᠢ᠎ᠶ᠋ᠢᠨ ᠤᠯᠠᠨ ᠲᠤᠢ᠌ᠯᠵᠢᠯ ᠪᠠ ᠱᠢᠨ᠎ᠡ ᠮᠠᠶᠢᠭ᠎ᠤᠨ ᠤᠯᠠᠨ ᠤᠯᠤᠰ ᠤᠨ ᠬᠠᠷᠢᠯᠴᠠᠭ᠎ᠠ ᠶ᠋ᠢ ᠰᠠᠨᠠᠭᠠᠴᠢᠯᠠᠬᠤ ᠲᠤᠬᠠᠢ ᠬᠠᠮᠲᠤᠷᠠᠭ᠍ᠰᠠᠨ ᠢᠯᠡᠷᠬᠡᠢᠯᠡᠯᠲᠡ ᠨᠡᠢᠲᠡᠯᠡᠨ᠎ᠡ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠷᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠠᠢᠭᠤᠯᠤᠭ᠍ᠳᠠᠭ᠍ᠰᠠᠨ 30 ᠵᠢᠯ᠎ᠦᠨ ᠤᠢ ᠪᠣᠯᠤᠨ᠎ᠠ᠃ 30 ᠵᠢᠯ᠎ᠦᠨ ᠲᠤᠷᠰᠢ᠂ ᠳᠤᠮᠳᠠᠳᠤ ᠤᠷᠤᠰ᠎ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠦ᠂ ᠴᠠᠭ ᠦᠶ᠎ᠡ᠎ᠶ᠋ᠢ ᠲᠠᠭᠠᠨ ᠪᠦᠬᠦ᠌ ᠲᠠᠯ᠎ᠠ᠎ᠪᠠᠷ ᠤᠷᠤᠭ᠍ᠰᠢᠯᠠᠵᠤ᠂ ᠬᠠᠷᠢᠯᠴᠠᠭᠠᠨ᠎ᠤ ᠪᠠᠢᠷᠢ ᠲᠣᠭ᠍ᠲᠠᠭᠠᠯᠲᠠ ᠲᠠᠰᠤᠷᠠᠯᠳᠠ ᠦᠭᠡᠢ ᠳᠡᠭᠡᠭ᠌ᠰᠢᠯᠡᠵᠦ᠍᠂ ᠱᠢᠨ᠎ᠡ ᠴᠠᠭ ᠦᠶ᠎ᠡ ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠲᠡᠦᠬᠡ᠎ᠶ᠋ᠢᠨ ᠬᠠᠮᠤᠭ᠎ᠤᠨ ᠥᠨᠳᠥᠷ ᠲᠦᠪᠱᠢᠨ᠎ᠳᠦ ᠬᠦᠷᠴᠦ᠍᠂ ᠱᠢᠨ᠎ᠡ ᠮᠠᠶᠢᠭ᠎ᠤᠨ ᠲᠤᠮᠤ ᠤᠯᠤᠰ᠎ᠤᠨ ᠬᠠᠷᠢᠯᠴᠠᠭ᠎ᠠ᠎ᠶ᠋ᠢᠨ ᠬᠡᠪ ᠳᠠᠭᠤᠷᠢᠶᠠᠯ᠎ᠢ ᠪᠤᠢ ᠪᠣᠯᠭᠠᠪᠠ᠃ ᠡᠨᠡ ᠵᠢᠯ ᠮᠦᠨᠴᠤ 《ᠳᠤᠮᠳᠠᠳᠤ ᠣᠷᠣᠰ᠎ᠤᠨ ᠡᠶᠡᠯᠰᠡᠭ ᠬᠦᠷᠰᠢ ᠵᠢᠨ ᠨᠥᠬᠥᠷᠰᠡᠭ ᠬᠠᠮᠳᠤᠷᠠᠯᠴᠠᠭᠠᠨ᠎ᠤ ᠭᠡᠷ᠎ᠡ》 ᠲᠣᠭ᠍ᠲᠠᠭ᠍ᠰᠠᠨ 25 ᠵᠢᠯ ᠦᠨ ᠣᠶ ᠪᠣᠯᠤᠨ᠎ᠠ᠃ ᠤᠯᠠᠨ ᠵᠢᠯ᠎ᠦᠨ ᠲᠤᠷᠰᠢ᠂ ᠬᠣᠶᠠᠷ ᠤᠯᠤᠰ ᠡᠨᠡ ᠬᠦ᠌ ᠭᠡᠷ᠎ᠡ ᠳᠦ ᠲᠣᠭ᠍ᠲᠠᠭᠠᠭ᠍ᠰᠠᠨ 《ᠬᠣᠯᠪᠣᠭ᠎ᠠ ᠪᠠᠢᠭᠤᠯᠬᠤ ᠦᠭᠡᠢ᠂ ᠡᠰᠡᠷᠭᠦᠴᠡᠯᠳᠦᠬᠦ᠌ ᠦᠭᠡᠢ᠂ ᠭᠤᠷᠪᠠᠳᠤᠭᠠᠷ ᠡᠲᠡᠭᠡᠳ᠎ᠲᠦ ᠴᠢᠭ᠌ᠯᠡᠭᠦᠯᠬᠦ᠌ ᠦᠭᠡᠢ》 ᠵᠠᠷᠴᠢᠮ ᠢ ᠢᠮᠠᠭ᠍ᠲᠠ ᠬᠢᠴᠢᠶᠡᠩᠭᠦᠢᠯᠡᠨ ᠵᠢᠷᠤᠮᠯᠠᠵᠤ᠂ ᠡᠷᠬᠡ ᠲᠡᠭ᠌ᠰᠢ᠎ᠪᠡᠷ ᠬᠠᠨᠳᠤᠯᠴᠠᠬᠤ᠂ ᠬᠠᠷᠢᠯᠴᠠᠨ ᠬᠦᠨᠳᠦᠳᠭᠡᠬᠦ᠌᠂ ᠢᠲᠡᠭᠡᠯ᠎ᠢ ᠴᠢᠬᠤᠯᠠᠴᠢᠯᠠᠨ ᠵᠢᠷᠤᠮ ᠢ ᠰᠠᠬᠢᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠪᠠᠷᠢᠮᠲᠠᠯᠠᠵᠤ᠂ ᠤᠯᠠᠨ ᠤᠯᠤᠰ᠎ᠤᠨ ᠡᠷᠬᠡ ᠲᠡᠭ᠌ᠰᠢ ᠲᠥᠪ ᠭᠣᠣᠯᠴᠢ ᠶ᠋ᠢ ᠬᠠᠮᠠᠭᠠᠯᠠᠬᠤ᠂ ᠱᠢᠨ᠎ᠡ ᠮᠠᠶᠢᠭ᠎ᠤᠨ ᠤᠯᠠᠨ ᠤᠯᠤᠰ᠎ᠤᠨ ᠬᠠᠷᠢᠯᠴᠠᠭ᠎ᠠ᠎ᠶ᠋ᠢ ᠪᠠᠢᠭᠤᠯᠬᠤ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠦ᠍᠂ ᠳᠡᠯᠡᠬᠡᠢ᠎ᠶ᠋ᠢᠨ ᠵᠠᠭᠤᠨ ᠵᠢᠯ᠎ᠦᠨ ᠬᠤᠪᠢᠰᠤᠯᠲᠠ ᠳᠤᠮᠳᠠᠬᠢ ᠵᠠᠩᠭᠢᠯᠠᠭ᠎ᠠ᠎ᠶ᠋ᠢᠨ ᠲᠣᠭ᠍ᠲᠠᠮᠠᠯ ᠬᠦᠴᠦᠨ ᠪᠣᠯᠪᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠪᠢ ᠪᠣᠯᠤᠨ ᠶᠡᠷᠦᠩᠬᠡᠢᠯᠡᠭ᠌ᠴᠢ ᠫᠦᠲ᠋ᠢᠨ᠎ᠤ ᠬᠠᠮᠲᠤ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠷᠤᠰ᠎ᠤᠨ ᠬᠠᠷᠢᠯᠴᠠᠭ᠎ᠠ ᠨᠢᠭᠡᠨᠲᠡ ᠱᠢᠨ᠎ᠡ ᠭᠠᠷᠤᠭ᠎ᠠ᠎ᠳᠤ ᠵᠤᠬᠰᠤᠪᠠ᠃ ᠬᠣᠶᠠᠷ ᠲᠠᠯ᠎ᠠ᠎ᠪᠠᠷ᠎ᠢᠶᠠᠨ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠳᠡᠬᠦ᠌ ᠴᠠᠭ ᠦᠶ᠎ᠡ᠎ᠶ᠋ᠢᠨ ᠤᠷᠤᠰᠭᠠᠯ᠎ᠳᠤ ᠵᠣᠬᠢᠴᠠᠵᠤ᠂ ᠳᠤᠮᠳᠠᠳᠤ ᠤᠷᠤᠰ᠎ᠤᠨ ᠬᠠᠷᠢᠯᠴᠠᠭ᠎ᠠ᠎ᠶ᠋ᠢᠨ ᠨᠡᠩ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠦᠶ᠎ᠡ᠃
ᠨᠢᠭᠡ᠎ᠳᠦ᠂ ᠨᠡᠩ ᠴᠢᠨᠠᠷ ᠰᠠᠢᠲᠠᠢ ᠤᠯᠤᠰ ᠲᠦᠷᠦ᠍᠎ᠶ᠋ᠢᠨ ᠢᠲᠡᠭᠡᠯᠴᠡᠭᠡ᠎ᠶ᠋ᠢ ᠪᠠᠲᠤ ᠴᠣᠭ᠍ᠴᠠᠯᠠᠵᠤ᠂ ᠲᠤᠰ ᠲᠤᠰ᠎ᠤᠨ᠎ᠢᠶᠠᠨ ᠪᠠᠢᠯᠳᠤᠬᠤ ᠪᠤᠳᠤᠯᠭ᠎ᠠ᠎ᠶ᠋ᠢᠨ ᠳᠡᠮᠵᠢᠯᠭᠡ᠎ᠶ᠋ᠢ ᠪᠠᠲᠤᠳᠭᠠᠶᠠ᠃ ᠤᠯᠤᠰ ᠲᠦᠷᠦ᠍᠎ᠶ᠋ᠢᠨ ᠢᠲᠡᠭᠡᠯᠴᠡᠭᠡ ᠪᠣᠯ ᠳᠤᠮᠳᠠᠳᠤ ᠤᠷᠤᠰ᠎ᠤᠨ ᠬᠠᠷᠢᠯᠴᠠᠭᠠᠨ᠎ᠤ ᠬᠠᠮᠤᠭ᠎ᠤᠨ ᠢᠯᠡ ᠲᠣᠳᠣ ᠣᠨᠴᠠᠯᠢᠭ ᠮᠥᠨ᠂ ᠪᠠᠰᠠ ᠴᠤ᠌ 《ᠳᠤᠮᠳᠠᠳᠤ ᠤᠷᠤᠰ᠎ᠤᠨ ᠡᠶᠡᠯᠳᠡᠭ ᠬᠦᠷᠰᠢ ᠵᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠶ᠋ᠢᠨ ᠵᠣᠷᠢᠯᠲᠠ ᠪᠠ ᠦᠨᠳᠦᠰᠦᠨ ᠵᠠᠷᠴᠢᠮ ᠮᠥᠨ᠃ ᠪᠢ ᠶᠡᠷᠦᠩᠬᠡᠢᠯᠡᠭ᠌ᠴᠢ ᠫᠦᠲ᠋ᠢᠨ ᠯᠤᠭᠡ ᠡᠨᠡ ᠭᠡᠷ᠎ᠡ᠎ᠶ᠋ᠢ ᠦᠷᠭᠦᠯᠵᠢᠯᠡᠨ ᠤᠷᠳᠤᠳᠬᠠᠬᠤ ᠪᠠᠷ ᠬᠠᠮᠲᠤ ᠪᠠᠷ ᠲᠣᠭ᠍ᠲᠠᠪᠠ᠃ ᠬᠣᠶᠠᠷ ᠲᠠᠯ᠎ᠠ᠎ᠪᠠᠷ᠎ᠢᠶᠠᠨ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠵᠦ᠍᠂ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠤᠯᠠᠮ ᠨᠢᠭᠡ ᠠᠯᠬᠤᠮ ᠡᠷᠡᠰ ᠲᠡᠮᠵᠢᠯᠴᠠᠵᠤ᠂ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ ᠪᠣᠯᠤᠨ ᠡᠯ᠎ᠡ ᠲᠡᠰ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠦᠷᠭᠦᠯᠵᠢᠯᠡᠨ ᠨᠢᠭ᠍ᠲᠠᠷᠠᠭᠤᠯᠵᠤ᠂ ᠬᠣᠶᠠᠷ ᠤᠯᠤᠰ᠎ᠤᠨ ᠤᠯᠤᠰ ᠲᠦᠷᠦ᠍᠎ᠶ᠋ᠢᠨ ᠢᠲᠡᠭᠡᠯᠴᠡᠭᠡ᠎ᠶ᠋ᠢᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠶ᠎ᠡ᠃
ᠬᠣᠶᠠᠷ᠎ᠲᠤ᠂ ᠨᠡᠩ ᠴᠢᠨᠠᠷ ᠰᠠᠢᠲᠠᠢ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠳᠤ ᠬᠦᠴᠦᠨ ᠤᠯᠭᠤᠵᠦ᠍᠂ ᠲᠤᠰ ᠲᠤᠰ᠎ᠤᠨ ᠬᠥᠭ᠌ᠵᠢᠯ ᠮᠠᠨᠳᠤᠯ᠎ᠢᠶᠠᠨ ᠭᠠᠷ ᠬᠣᠯᠪᠣᠨ ᠠᠬᠢᠭᠤᠯᠤᠶ᠎ᠠ᠃ ᠤᠢ᠍ᠢᠷ᠎ᠠ᠎ᠶ᠋ᠢᠨ ᠵᠢᠯ᠎ᠡᠴᠡ᠂ ᠳᠤᠮᠳᠠᠳᠤ ᠤᠷᠤᠰ ᠬᠣᠶᠠᠷ ᠤᠯᠤᠰ᠎ᠤᠨ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ ᠲᠤᠮᠤ ᠠᠯᠬᠤᠮ᠎ᠢᠶᠠᠷ ᠤᠷᠤᠭ᠍ᠰᠢᠯᠠᠵᠤ᠂ ᠮᠠᠰᠢ ᠤᠯᠠᠨ ᠢᠳᠡᠪᠬᠢ ᠦᠷ᠎ᠡ ᠪᠦᠲᠦᠭᠡᠯ ᠣᠯᠵᠠᠢ᠃ ᠬᠣᠶᠠᠷ ᠲᠠᠯ᠎ᠠ᠎ᠶ᠋ᠢᠨ ᠠᠷᠠᠯᠵᠢᠶᠠᠨ᠎ᠤ ᠬᠡᠮᠵᠢᠶ᠎ᠡ 3 ᠵᠢᠯ ᠳᠠᠷᠠᠭᠠᠯᠠᠨ 2000 ᠳ᠋ᠦᠩᠱᠢᠭᠤᠷ ᠳ᠋ᠣᠯᠯᠠᠷ᠎ᠢ ᠳᠠᠪᠠᠵᠤ᠂ ᠡᠨᠡ ᠵᠢᠯ᠎ᠦᠨ ᠲᠦᠷᠦᠭᠦᠦ 4 ᠰᠠᠷ᠎ᠠ᠎ᠳᠤ ᠬᠣᠶᠠᠷ ᠲᠠᠯ᠎ᠠ᠎ᠶ᠋ᠢᠨ ᠠᠷᠠᠯᠵᠢᠶᠠᠨ ᠤ ᠬᠡᠮᠵᠢᠶ᠎ᠡ 20% ᠱᠢᠬᠠᠮ ᠨᠡᠮᠡᠭ᠌ᠳᠡᠵᠡᠶ᠃ ᠬᠣᠶᠠᠷ ᠲᠠᠯ᠎ᠠ᠎ᠪᠠᠷ᠎ᠢᠶᠠᠨ ᠠᠱᠢᠭ᠍ᠲᠠᠢ ᠪᠠᠢᠳᠠᠯ ᠢ ᠠᠮᠵᠢᠨ ᠤᠷᠤᠭ᠍ᠰᠢᠯᠠᠵᠤ᠂ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠪᠣᠯᠤᠨ ᠤᠷᠤᠰ᠎ᠤᠨ 2030 ᠣᠨ᠎ᠡᠴᠡ ᠡᠮᠦᠨᠡᠬᠢ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠡᠯ᠎ᠡ ᠬᠦᠷᠢᠶᠡᠨ᠎ᠳᠡᠬᠢ ᠬᠠᠷᠢᠯᠴᠠᠨ ᠠᠱᠢᠭ᠍ᠲᠠᠢ ᠬᠠᠮᠲᠤᠷᠠᠯᠴᠠᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠬᠣᠶᠠᠷ ᠤᠯᠤᠰ᠎ᠤᠨ ᠲᠤᠰ ᠲᠤᠰ᠎ᠤᠨ ᠬᠥᠭ᠌ᠵᠢᠯ ᠮᠠᠨᠳᠤᠯ᠎ᠳᠤ ᠦᠢᠯᠡᠴᠢᠯᠡᠶ᠎ᠡ᠃
ᠭᠤᠷᠪᠠ᠎ᠳᠤ᠂ ᠨᠡᠩ ᠴᠢᠨᠠᠷ ᠰᠠᠢᠲᠠᠢ ᠠᠷᠠᠳ᠎ᠤᠨ ᠰᠡᠳᠭᠢᠯ᠎ᠦᠨ ᠨᠡᠪᠲᠡᠷᠡᠯᠴᠡᠭᠡ᠎ᠶ᠋ᠢ ᠠᠬᠢᠭᠤᠯᠵᠤ᠂ ᠬᠣᠶᠠᠷ ᠤᠯᠤᠰ᠎ᠤᠨ ᠦᠶ᠎ᠡ᠎ᠶ᠋ᠢᠨ ᠦᠶ᠎ᠡ᠎ᠳᠡᠭᠡᠨ ᠨᠥᠬᠥᠷᠰᠡᠭ ᠪᠠᠢᠬᠤ ᠰᠠᠭᠤᠷᠢ᠎ᠶ᠋ᠢ ᠵᠤᠵᠠᠭᠠᠳᠬᠠᠶ᠎ᠠ᠃ ᠳᠤᠮᠳᠠᠳᠤ ᠤᠷᠤᠰ᠎ᠤᠨ ᠬᠠᠷᠢᠯᠴᠠᠭ᠎ᠠ᠎ᠶ᠋ᠢᠨ ᠥᠨᠳᠥᠷ ᠲᠦᠪᠱᠢᠨ ᠪᠦᠬᠦᠢ ᠬᠥᠭ᠌ᠵᠢᠯᠲᠡ᠎ᠶ᠋ᠢ ᠳᠠᠭᠠᠯᠳᠤᠨ᠂ ᠬᠣᠶᠠᠷ ᠤᠯᠤᠰ᠎ᠤᠨ ᠰᠣᠶᠣᠯ ᠢᠷᠭᠡᠨᠱᠢᠯ᠎ᠦᠨ ᠶᠠᠪᠤᠯᠴᠠᠭ᠎ᠠ ᠳᠠᠰᠤᠷᠠᠯᠳᠠ ᠦᠭᠡᠢ ᠨᠢᠭ᠍ᠲᠠᠷᠠᠵᠤ᠂ ᠠᠷᠠᠳ᠎ᠤᠨ ᠰᠡᠳᠭᠢᠯ᠎ᠦᠨ ᠬᠣᠯᠪᠣᠭᠠᠰᠤ ᠶᠠᠪᠤᠬᠤ ᠳᠤᠳᠤᠮ ᠴᠢᠩᠭᠠᠷᠠᠵᠤ ᠪᠠᠢᠨ᠎ᠠ᠃ ᠪᠢ ᠶᠡᠷᠦᠩᠬᠡᠢᠯᠡᠭ᠌ᠴᠢ ᠫᠦᠲ᠋ᠢᠨ ᠲᠠᠢ ᠡᠨᠡ ᠵᠢᠯ ᠪᠠ ᠢᠷᠡᠬᠦ᠌ ᠵᠢᠯ᠎ᠳᠦ ᠬᠣᠶᠠᠷ ᠤᠯᠤᠰ᠎ᠤᠨ ᠠᠷᠪᠠᠳᠡᠬᠢ ᠤᠯᠤᠰ᠎ᠤᠨ ᠲᠡᠰ᠎ᠤᠨ ᠭᠣᠣᠯ ᠰᠡᠳᠦᠪᠲᠦ ᠣᠨ — 《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》 ᠢ᠋ ᠡᠷᠬᠢᠯᠡᠬᠦ᠌᠎ᠪᠡᠷ ᠲᠣᠭ᠍ᠲᠠᠪᠠ᠃ ᠬᠣᠶᠠᠷ ᠲᠠᠯ᠎ᠠ᠎ᠪᠠᠷ᠎ᠢᠶᠠᠨ 《ᠰᠤᠷᠭᠠᠨ ᠬᠥᠮᠦᠵᠢᠯ᠎ᠦᠨ ᠣᠨ》 ᠶ᠋ᠢᠡᠷ ᠠᠵᠠ ᠲᠣᠬᠢᠶᠠᠯ ᠪᠣᠯᠭᠠᠵᠤ᠂ ᠬᠤᠤᠰ ᠴᠢᠭ᠌ᠯᠡᠯ᠎ᠤᠨ ᠭᠠᠳᠠᠭᠠᠳᠤ᠎ᠳᠤ ᠰᠤᠷᠤᠯᠴᠠᠬᠤ ᠬᠡᠪᠴᠢᠶ᠎ᠡ᠎ᠪᠡᠨ ᠦᠷᠭᠦᠯᠵᠢᠯᠡᠨ ᠥᠷᠭᠡᠳᠭᠡᠵᠦ᠍᠂ ᠶᠡᠬᠡ ᠳᠡᠭᠡᠳᠦ ᠰᠤᠷᠭᠠᠭᠤᠯᠢ ᠵᠢᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠂ ᠱᠢᠯᠢᠳᠡᠭ ᠴᠢᠳᠠᠪᠤᠷᠢᠲᠠᠨ᠎ᠢ ᠬᠥᠮᠦᠵᠢᠭᠦᠯᠬᠦ᠌᠂ ᠬᠠᠮᠲᠤᠷᠠᠭ᠍ᠰᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ ᠵᠡᠷᠭᠡ ᠲᠠᠯ᠎ᠠ᠎ᠪᠠᠷ ᠨᠠᠩ ᠣᠯᠠᠨ ᠮᠡᠳᠡᠭᠳᠡᠮ᠎ᠠ ᠦᠷ᠎ᠡ ᠪᠦᠲᠦᠭᠡᠯ ᠣᠯᠵᠤ᠂ ᠳᠤᠮᠳᠠᠳᠤ ᠣᠷᠣᠰ᠎ᠤᠨ ᠬᠠᠷᠢᠯᠴᠠᠭ᠎ᠠ᠎ᠶ᠋ᠢᠨ ᠲᠠᠰᠤᠷᠠᠯᠲᠠ ᠥᠬᠡᠶ ᠬᠥᠭ᠌ᠵᠢᠬᠦ᠌᠎ᠳᠦ ᠨᠠᠩ ᠠᠱᠢᠭ᠍ᠲᠠᠶ ᠨᠥᠬᠥᠴᠡᠯ᠎ᠢ ᠪᠦᠷᠢᠯᠳᠦᠭᠦᠯᠦᠶᠠ᠃
ᠲᠦᠷᠪᠡ᠎ᠳᠦ᠂ ᠨᠡᠩ ᠴᠢᠨᠠᠷ ᠰᠠᠢᠲᠠᠢ ᠤᠯᠠᠨ ᠤᠯᠤᠰ᠎ᠤᠨ ᠬᠠᠮᠵᠢᠯᠴᠠᠭ᠎ᠠ᠎ᠶ᠋ᠢ ᠥᠷᠨᠢᠭᠦᠯᠵᠦ᠍᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠦᠶᠠ᠃ ᠣᠳᠣᠬᠠᠨ᠎ᠤ ᠳᠡᠯᠡᠬᠡᠢ ᠶᠢᠷᠲᠢᠨᠴᠦ᠍ ᠮᠠᠰᠢ ᠲᠠᠢᠪᠤᠩ ᠪᠤᠰᠤ᠂ ᠭᠠᠭ᠍ᠴᠠ ᠲᠠᠯᠠᠲᠤ ᠦᠵᠡᠯ᠂ ᠡᠵᠡᠷᠬᠡᠬᠦ᠌ ᠦᠵᠡᠯ᠎ᠦᠨ ᠬᠣᠣᠷ ᠬᠥᠨᠥᠭᠡᠯ ᠬᠦᠨᠳᠦ ᠨᠣᠴᠢᠲᠠᠢ ᠪᠠᠢᠵᠤ᠂ ᠳᠡᠯᠡᠬᠡᠢ ᠶᠢᠷᠲᠢᠨᠴᠦ᠍ ᠪᠠᠯᠠᠷ ᠤᠢ᠎ᠶ᠋ᠢᠨ ᠵᠢᠮ᠎ᠡ ᠬᠠᠤᠯᠢ᠎ᠳᠦ ᠤᠬᠤᠷᠢᠵᠤ ᠤᠷᠤᠬᠤ ᠠᠶᠤᠯ᠎ᠳᠤ ᠲᠤᠯᠭᠠᠷᠠᠵᠤ ᠪᠠᠢᠨ᠎ᠠ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠶᠤᠯ ᠦᠭᠡᠢ᠎ᠶ᠋ᠢᠨ ᠵᠥᠪᠯᠡᠯ᠎ᠦᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠷᠤᠰ ᠬᠣᠶᠠᠷ ᠤᠯᠤᠰ ᠬᠠᠷᠢᠭᠤᠴᠠᠯᠭ᠎ᠠ᠎ᠲᠠᠶ ᠲᠤᠮᠤ ᠤᠯᠤᠰ᠎ᠤᠨ ᠡᠭᠦᠷᠭᠡ ᠬᠠᠷᠢᠭᠤᠴᠠᠯᠭ᠎ᠠ᠎ᠪᠠᠨ ᠡᠷᠡᠰ ᠭᠦᠢᠴᠡᠳᠭᠡᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠷᠬᠡ ᠰᠦᠷ ᠪᠣᠯᠤᠨ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠵᠤ᠂ ᠭᠠᠭ᠍ᠴᠠ ᠲᠠᠯ᠎ᠠ᠎ᠶ᠋ᠢᠨ ᠡᠵᠡᠷᠬᠡᠭ᠌ᠯᠡᠯ ᠪᠣᠯᠤᠨ ᠲᠡᠦᠬᠡ᠎ᠶ᠋ᠢᠨ ᠤᠬᠤᠷᠢᠯᠲᠠ᠎ᠶ᠋ᠢ ᠡᠰᠡᠷᠭᠦᠴᠡᠵᠤ᠂ ᠢᠯᠠᠩᠭᠤᠶ᠎ᠠ ᠳᠡᠯᠡᠬᠡᠢ᠎ᠶ᠋ᠢᠨ ᠬᠣᠶᠠᠳᠤᠭᠠᠷ ᠲᠠᠢ᠌ᠨ᠎ᠦ ᠢᠯᠠᠯᠲᠠ᠎ᠶ᠋ᠢᠨ ᠦᠷ᠎ᠡ ᠪᠦᠲᠦᠭᠡᠯ᠎ᠢ ᠦᠭᠡᠢᠰᠭᠡᠬᠦ᠌᠂ ᠹᠠᠱ᠌ᠢᠰ ᠪᠣᠯᠤᠨ ᠴᠡᠷᠢᠭ᠌ᠯᠡᠬᠦ᠌ ᠦᠵᠡᠯ᠎ᠦᠨ《ᠬᠡᠷᠡᠭ ᠢ ᠵᠦᠪᠳᠡᠭᠡᠨ ᠰᠡᠷᠭᠦᠭᠡᠯᠲᠡ ᠬᠢᠬᠦ》ᠥᠳᠥᠭᠡᠯᠭᠡ᠎ᠶ᠋ᠢᠨ ᠠᠵᠢᠯᠯᠠᠭ᠎ᠠ ᠪᠦᠬᠦᠨ᠎ᠢ ᠡᠰᠡᠷᠭᠦᠴᠡᠵᠦ᠍᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ ᠢ ᠪᠠᠢᠭᠤᠯᠬᠤ ᠶ᠋ᠢ ᠬᠠᠮᠲᠤ᠎ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ᠃
ᠫᠦᠲ᠋ᠢᠨ᠂ ᠡᠨᠡ ᠤᠳᠠᠭ᠎ᠠ᠎ᠶ᠋ᠢᠨ ᠠᠢᠯᠴᠢᠯᠠᠯᠲᠠ ᠨᠢ 《ᠤᠷᠤᠰ ᠳᠤᠮᠳᠠᠳᠤ᠎ᠶ᠋ᠢᠨ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠲᠣᠭ᠍ᠲᠠᠭ᠍ᠰᠠᠨ 25 ᠵᠢᠯ᠎ᠦᠨ ᠤᠢ᠎ᠶ᠋ᠢᠨ ᠴᠢᠬᠤᠯᠠ ᠴᠠᠭ ᠮᠥᠴᠡ᠎ᠳᠦ ᠲᠣᠬᠢᠶᠠᠯᠳᠤᠵᠤ᠂ ᠡᠨᠡ ᠬᠦ᠌ ᠭᠡᠷ᠎ᠡ ᠨᠢ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠰᠠᠭᠤᠷᠢ᠎ᠶ᠋ᠢ ᠲᠠᠯᠪᠢᠵᠠᠢ᠃ ᠣᠳᠣᠬᠠᠨ᠎ᠳᠤ ᠤᠷᠤᠰ ᠳᠤᠮᠳᠠᠳᠤ᠎ᠶ᠋ᠢᠨ ᠬᠠᠷᠢᠯᠴᠠᠭ᠎ᠠ ᠤᠷᠢᠳ ᠡᠮᠦᠨ᠎ᠡ ᠪᠠᠢᠭ᠎ᠠ ᠦᠭᠡᠢ ᠥᠨᠳᠥᠷ ᠲᠦᠪᠱᠢᠨ᠎ᠳᠦ ᠬᠦᠷᠴᠦ᠍᠂ ᠬᠣᠶᠠᠷ ᠤᠯᠤᠰ᠎ᠢᠶᠠᠷ᠎ᠢᠶᠠᠨ ᠢᠮᠠᠭ᠍ᠲᠠ ᠬᠠᠷᠢᠯᠴᠠᠨ ᠬᠦᠨᠳᠦᠳᠭᠡᠬᠦ᠌᠂ ᠡᠷᠬᠡ ᠲᠡᠭ᠌ᠰᠢ᠎ᠪᠡᠷ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠳᠡᠮᠵᠢᠬᠦ᠌ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢᠨ ᠦᠷᠭᠦᠯᠵᠢᠯᠡᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠵᠦ ᠪᠠᠢᠨ᠎ᠠ᠃ ᠤᠷᠤᠰ ᠳᠤᠮᠳᠠᠳᠤ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ ᠬᠦᠴᠦᠷᠬᠡᠭ ᠶᠡᠬᠡ ᠳᠣᠲᠣᠭᠠᠳᠤ ᠬᠥᠳᠡᠯᠭᠡᠬᠦ᠌ ᠬᠦᠴᠦᠨ᠎ᠲᠡᠶ ᠶᠤᠮ᠂ ᠬᠣᠶᠠᠷ ᠤᠯᠤᠰ᠎ᠤᠨ ᠬᠠᠮᠲᠤᠷᠠᠯᠴᠠᠭ᠎ᠠ ᠨᠢ ᠭᠤᠷᠪᠠᠳᠤᠭᠠᠷ ᠡᠲᠡᠭᠡᠳ᠎ᠲᠦ ᠴᠢᠭ᠌ᠯᠡᠭᠦᠯᠬᠦ᠌ ᠦᠭᠡᠢ ᠪᠥᠭᠡᠳ ᠭᠠᠵᠠᠷ ᠣᠷᠣᠨ᠎ᠤ ᠤᠯᠤᠰ ᠲᠦᠷᠦ᠍᠎ᠶ᠋ᠢᠨ ᠬᠤᠪᠢᠷᠠᠯᠲᠠ᠎ᠶ᠋ᠢᠨ ᠨᠥᠯᠥᠭᠡ᠎ᠶ᠋ᠢ ᠴᠦ᠍ ᠬᠦᠷᠳᠡᠬᠦ᠌ ᠦᠭᠡᠢ ᠶᠤᠮ᠃ ᠪᠢ ᠲᠡᠷᠢᠭᠦᠯᠡᠭ᠌ᠴᠢ ᠰᠢ ᠵᠢᠨ ᠫᠢᠩ᠎ᠲᠡᠶ ᠬᠠᠯᠠᠭᠤᠮᠰᠤᠭ ᠨᠥᠬᠥᠷᠰᠡᠭ ᠠᠭᠤᠷ ᠠᠮᠢᠰᠭᠤᠯ᠎ᠤᠨ ᠳᠤᠮᠳᠠ ᠬᠣᠶᠠᠷ ᠤᠯᠤᠰ᠎ᠤᠨ ᠬᠠᠷᠢᠯᠴᠠᠭ᠎ᠠ ᠳᠠᠬᠢ ᠥᠷᠭᠡᠨ ᠳᠡᠯᠭᠡᠷ ᠴᠢᠬᠤᠯᠠ ᠵᠥᠪᠯᠡᠬᠦ᠌ ᠵᠦᠢᠯ᠎ᠦᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠢᠷᠡᠭᠡᠳᠦᠢ᠎ᠶ᠋ᠢᠨ ᠬᠠᠮᠲᠤᠷᠠᠯᠴᠠᠭᠠᠨ ᠤ ᠴᠢᠭ᠌ᠯᠡᠯ ᠢ ᠲᠣᠳᠣᠷᠬᠠᠢᠯᠠᠪᠠ᠃ ᠤᠷᠤᠰ᠎ᠤᠨ ᠬᠢᠨ ᠬᠣᠶᠠᠷ ᠤᠯᠤᠰ᠎ᠤᠨ ᠬᠠᠷᠢᠯᠴᠠᠭᠠᠨ᠎ᠤ ᠢᠷᠡᠭᠡᠳᠦᠢ᠎ᠳᠦ ᠢᠲᠡᠭᠡᠯ ᠲᠡᠭᠦᠯᠳᠡᠷ ᠪᠠᠢᠨ᠎ᠠ᠂ ᠳᠤᠮᠳᠠᠳᠤ ᠤᠯᠤᠰ᠎ᠯᠤᠭ᠎ᠠ ᠭᠠᠷ ᠬᠣᠯᠪᠣᠨ ᠬᠠᠨᠢᠲᠠᠨ᠎ᠤ ᠬᠠᠷᠢᠯᠴᠠᠭ᠎ᠠ ᠪᠣᠯᠤᠨ ᠡᠶᠡᠯᠳᠡᠭ ᠬᠥᠷᠰᠢ᠎ᠶ᠋ᠢᠨ ᠨᠥᠬᠥᠷᠯᠡᠯ᠎ᠢᠶᠡᠨ ᠭᠦᠨᠵᠡᠭᠡᠢᠷᠡᠭᠦᠯᠵᠦ᠍᠂ ᠠᠷᠠᠳ᠎ᠤᠨ ᠰᠡᠳᠭᠢᠯ᠎ᠦᠨ ᠨᠡᠪᠲᠡᠷᠡᠯᠴᠡᠭᠡ᠎ᠪᠡᠨ ᠴᠢᠩᠭᠠᠳᠭᠠᠵᠤ᠂ ᠲᠤᠰ ᠲᠤᠰ᠎ᠤᠨ᠎ᠢᠶᠠᠨ ᠬᠥᠭ᠌ᠵᠢᠯ ᠮᠠᠨᠳᠤᠯ ᠪᠣᠯᠤᠨ ᠠᠷᠠᠳ ᠲᠦᠮᠡᠨ᠎ᠦ ᠠᠵᠠ ᠵᠢᠷᠭᠠᠯ ᠳᠤ ᠬᠦᠴᠦᠨ ᠨᠡᠮᠡᠷᠢᠯᠡᠨ᠎ᠡ᠃ ᠤᠷᠤᠰ ᠳᠤᠮᠳᠠᠳᠤ ᠤᠯᠠᠨ ᠤᠯᠤᠰ᠎ᠤᠨ ᠲᠠᠪᠴᠠᠩ ᠳᠡᠭᠡᠷ᠎ᠡ ᠪᠠᠢᠯᠳᠤᠬᠤ ᠪᠤᠳᠤᠯᠭ᠎ᠠ᠎ᠶ᠋ᠢᠨ ᠨᠢᠭ᠍ᠲᠠ ᠬᠠᠮᠵᠢᠯᠴᠠᠭ᠎ᠠ᠎ᠪᠠᠨ ᠪᠠᠲᠤᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠲᠦᠷᠢᠮ ᠵᠣᠷᠢᠯᠲᠠ ᠵᠠᠷᠴᠢᠮ ᠢ ᠬᠠᠮᠲᠤ᠎ᠪᠠᠷ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ ᠲᠣᠭ᠍ᠲᠠᠭᠤᠨ᠎ᠢ ᠬᠠᠮᠲᠤ᠎ᠪᠠᠷ ᠬᠠᠮᠠᠭᠠᠯᠠᠨ᠎ᠠ ᠭᠡᠵᠦ ᠢᠯᠡᠳᠭᠡᠪᠡ᠃
ᠼᠠᠢ ᠴᠢ᠂ ᠳ᠋ᠢᠩ ᠱᠢᠤᠸᠠᠢ ᠱᠢᠶᠠᠩ᠂ ᠸᠠᠩ ᠢ᠂ ᠾᠧ ᠯᠢ ᠹᠸᠩ᠂ ᠵᠠᠩ ᠭᠦᠸᠧ ᠴᠢᠩ᠂ ᠱᠸᠨ ᠢ ᠴᠢᠨ᠎ᠨᠡᠷ ᠣᠷᠣᠯᠴᠠᠵᠠᠢ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ)