ᠶᠡᠷᠦᠩᠬᠡᠢ ᠱᠦᠵᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠰᠢᠨ᠎ᠡ ᠱᠠᠭᠠᠷᠳᠠᠯᠭ᠎ᠠ ᠳᠤᠷᠠᠳᠪᠠ
2026-05-21 09:27:35
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠸᠠᠩ ᠽᠢ ᠮᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ᠂ ᠡᠨᠡ ᠬᠦ᠌ ᠦᠢᠯᠡᠰ᠎ᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢᠨ ᠪᠥᠬᠥ ᠲᠠᠯ᠎ᠠ᠎ᠶᠢᠨ ᠥᠨᠳᠥᠷᠴᠡ᠎ᠳᠤ ᠲᠠᠯᠪᠢᠵᠤ ᠰᠢᠰᠲᠧᠮ᠎ᠲᠠᠢ ᠤᠬᠠᠭᠠᠯᠠᠨ ᠲᠦᠯᠦᠪᠯᠡᠪᠡ᠃

ᠴᠢᠨᠠᠷ ᠰᠠᠢᠲᠠᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠡᠨᠡ ᠨᠢ ᠵᠥᠪᠬᠡᠨ ᠠᠵᠤ ᠠᠬᠤᠢ᠎ᠶᠢᠨ ᠱᠠᠭᠠᠷᠳᠠᠯᠭ᠎ᠠ ᠪᠢᠰᠢ᠂ ᠬᠠᠷᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ᠎ᠳᠤ ᠲᠠᠯᠪᠢᠬᠤ ᠶᠡᠷᠦᠩᠬᠡᠢ ᠱᠠᠭᠠᠷᠳᠠᠯᠭ᠎ᠠ ᠮᠥᠨ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ ᠴᠤ᠌ ᠠᠳᠠᠯᠢᠬᠠᠨ ᠶᠤᠮ᠃

ᠨᠢᠭᠡᠨ ᠲᠣᠮᠣ᠌ ᠤᠯᠤᠰ᠎ᠲᠤ ᠬᠡᠷᠪᠡ ᠪᠡᠶ᠎ᠡ᠎ᠪᠡᠨ ᠳᠠᠭᠠᠭᠠᠭᠰᠠᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠰᠢᠰᠲᠧᠮ ᠪᠠᠢᠬᠤ ᠦᠭᠡᠢ ᠪᠣᠯ᠂ ᠶᠠᠭ ᠨᠢᠭᠡᠨ ᠠᠪᠤᠷᠭᠤ ᠬᠥᠮᠥᠨ ᠬᠡᠳᠦᠢ ᠪᠡᠷ ᠡᠷᠡᠭᠦᠯ ᠴᠢᠭᠢᠷᠠᠭ ᠪᠤᠯᠴᠢᠩ᠎ᠲᠠᠢ ᠪᠣᠯᠪᠠᠴᠤ ᠶᠡᠬᠡ ᠲᠠᠷᠢᠬᠢ ᠨᠢ ᠬᠠᠷᠢᠨ ᠪᠤᠰᠤᠳ᠎ᠤᠨ ᠲᠥᠪ ᠮᠡᠳᠡᠷᠡᠯ᠎ᠲᠠᠢ ᠬᠣᠯᠪᠣᠯᠳᠤᠵᠤ᠂ ᠦᠵᠡᠯ ᠰᠠᠨᠠᠭᠠᠨ᠎ᠤ ᠮᠥᠷᠭᠥᠯᠳᠦᠭᠡᠨ᠂ ᠦᠷᠳᠡᠭ᠎ᠦᠨ ᠮᠥᠷᠭᠥᠯᠳᠦᠭᠡᠨ ᠡᠭᠦᠰᠦᠮᠡᠭᠴᠡ᠂ ᠬᠥᠳᠡᠯᠭᠡᠭᠡᠨ ᠨᠢ ᠲᠡᠩᠴᠡᠭᠦᠷᠢ᠎ᠪᠡᠨ ᠠᠯᠳᠠᠵᠤ᠂ ᠲᠤᠰᠬᠠᠯ ᠨᠢ ᠤᠳᠠᠭᠠᠨ ᠪᠣᠯᠳᠠᠭ᠎ᠲᠠᠢ ᠠᠳᠠᠯᠢ ᠪᠠᠢᠳᠠᠭ᠃

ᠡᠭᠦᠨ᠎ᠦ ᠲᠤᠬᠠᠢ᠂ ᠠᠯᠢ ᠡᠷᠲᠡ 2016 ᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠢ ᠲᠦᠷᠭᠡᠳᠬᠡᠨ ᠪᠠᠶ᠋ᠢᠭᠤᠯᠬᠤ  ᠡᠭᠦᠷᠭᠡ ᠬᠠᠷᠢᠭᠤᠴᠠᠯᠭ᠎ᠠ᠎ᠶᠢ ᠳᠤᠷᠠᠳᠤᠨ ᠭᠠᠷᠭᠠᠭᠰᠠᠨ ᠶᠤᠮ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ ᠪᠣᠯ ᠣᠷᠣᠯᠠᠭᠤᠯᠵᠤ ᠪᠣᠯᠣᠰᠢ ᠦᠭᠡᠢ ᠴᠢᠬᠤᠯᠠ ᠪᠠᠢᠷᠢ ᠰᠠᠭᠤᠷᠢ᠎ᠲᠠᠢ ᠭᠡᠳᠡᠭ᠎ᠢ ᠲᠣᠳᠣᠷᠬᠠᠢᠯᠠᠭᠰᠠᠨ᠎ᠡᠴᠡ ᠠᠪᠤᠭᠠᠳ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠠᠵᠢᠯ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠂ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠵᠡᠷᠭᠡ ᠴᠢᠬᠤᠯᠠ ᠬᠤᠷᠠᠯ᠎ᠳᠤ ᠣᠷᠣᠯᠴᠠᠬᠤ ᠬᠦᠷᠲᠡᠯ᠎ᠡ᠂ ᠶᠡᠷᠦᠩᠬᠡᠢ ᠱᠦᠵᠢ ᠰᠢ᠎ᠶᠢᠨ ᠫᠢᠩ ᠡᠨᠡ ᠬᠦ᠌ ᠦᠢᠯᠡᠰ᠎ᠢ ᠢᠮᠠᠭᠲᠠ ᠴᠢᠬᠤᠯᠠᠴᠢᠯᠠᠭᠰᠠᠭᠠᠷ ᠢᠷᠡᠵᠠᠢ᠃

ᠡᠨᠡ ᠤᠳᠠᠭ᠎ᠠ᠂ ᠶᠡᠷᠦᠩᠬᠡᠢ ᠱᠦᠵᠢ ᠴᠢᠬᠤᠯᠠ ᠵᠢᠭᠠᠪᠤᠷᠢ᠎ᠳᠠᠭᠠᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠳᠤ 《ᠴᠢᠨᠠᠷ ᠰᠠᠢᠲᠠᠢ ᠬᠥᠭᠵᠢᠯᠲᠡ》 ᠵᠢᠨ ᠰᠢᠨ᠎ᠡ ᠠᠭᠤᠯᠤᠭᠳᠠᠬᠤᠨ᠎ᠢ ᠨᠡᠮᠡᠷᠢᠯᠡᠪᠡ᠂ ᠡᠭᠦᠨ᠎ᠦ ᠠᠷᠤ᠎ᠳᠠᠬᠢ ᠭᠦᠨ ᠭᠦᠨᠵᠡᠭᠡᠢ ᠪᠣᠳᠣᠯᠬᠢᠯᠠᠯ᠎ᠢ ᠪᠢᠳᠠ ᠤᠯᠠᠮ ᠵᠢᠡᠷ ᠣᠢᠯᠠᠭᠠᠪᠠ᠄

ᠤᠯᠤᠰ᠎ᠤᠨ ᠳᠣᠲᠣᠭᠠᠳᠤ᠎ᠶᠢᠨ ᠪᠠᠢᠳᠠᠯ᠎ᠡᠴᠡ ᠦᠵᠡᠪᠡᠯ᠂ ᠣᠳᠣᠬᠠᠨ᠎ᠤ ᠥᠭᠡᠷᠡᠴᠢᠯᠡᠯᠲᠡ ᠬᠥᠭᠵᠢᠯᠳᠡ ᠲᠣᠭᠲᠠᠭᠤᠨ᠎ᠤ ᠡᠭᠦᠷᠭᠡ ᠬᠦᠨᠳᠦ᠂ ᠵᠥᠷᠢᠴᠡᠯ ᠠᠶᠤᠯ ᠲᠦᠭᠰᠢᠭᠦᠷᠢ ᠥᠷᠢᠰᠦᠯᠳᠦᠭᠡᠨ ᠤᠯᠠᠨ᠂ ᠲᠦᠷᠦ᠎ᠶᠢ ᠵᠠᠰᠠᠬᠤ ᠰᠢᠯᠭᠠᠯᠲᠠ ᠤᠷᠢᠳ ᠡᠮᠦᠨ᠎ᠡ ᠪᠠᠢᠭ᠎ᠠ ᠦᠭᠡᠢ ᠶᠡᠬᠡ ᠪᠠᠢᠵᠤ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠤᠨᠤᠯ᠎ᠤᠨ ᠲᠤᠯᠭᠠᠭᠤᠷᠢᠯᠠᠯ ᠬᠠᠩᠭᠠᠬᠤ᠎ᠶᠢ ᠲᠤᠯᠭᠠᠮ ᠱᠠᠭᠠᠷᠳᠠᠵᠤ ᠪᠤᠢ;

ᠳᠡᠯᠡᠬᠡᠢ᠎ᠶᠢᠨ ᠣᠷᠴᠢᠨ ᠨᠦᠭᠦᠴᠡᠯ᠎ᠡᠴᠡ ᠦᠵᠡᠪᠡᠯ᠂ ᠥᠷᠥᠨᠡᠳᠠᠬᠢᠨ᠎ᠤ ᠦᠭᠡ ᠶᠠᠷᠢᠶᠠᠨ᠎ᠤ ᠡᠵᠡᠷᠬᠡᠭᠯᠡᠯ᠎ᠢ ᠡᠪᠳᠡᠵᠦ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ ᠪᠣᠯᠣᠨ ᠳᠤᠮᠳᠠᠳᠤ᠎ᠶᠢᠨ ᠰᠣᠶᠣᠯ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠦᠵᠡᠯ ᠰᠠᠨᠠᠭ᠎ᠠ ᠤᠶᠤᠨ ᠤᠬᠠᠭᠠᠨ᠎ᠢᠶᠠᠨ ᠡᠷᠭᠦᠬᠦ᠎ᠶᠢ ᠤᠷᠢᠶᠠᠯᠠᠪᠠ;

ᠡᠷᠳᠡᠮ ᠰᠢᠨᠵᠢᠯᠡᠭᠡᠨ᠎ᠦ ᠬᠥᠭᠵᠢᠯᠲᠡ᠎ᠡᠴᠡ ᠦᠵᠡᠪᠡᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠦᠳᠲᠡᠷ ᠲᠦᠷᠭᠡᠨ ᠬᠥᠭᠵᠢᠵᠦ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠮᠡᠷᠭᠡᠵᠢᠯ᠎ᠦᠨ ᠬᠤᠪᠢᠰᠤᠭ᠍ᠴᠢ ᠬᠡᠮᠵᠢᠭᠳᠡᠬᠦᠨ᠎ᠢ ᠪᠦᠲᠦᠮᠵᠢᠲᠡᠢ᠎ᠪᠡᠷ ᠡᠷᠳᠡᠮ ᠰᠢᠨᠵᠢᠯᠡᠭᠡᠨ᠎ᠦ ᠨᠡᠮᠡᠭᠳᠡᠯ ᠪᠣᠯᠭᠠᠨ ᠬᠤᠪᠢᠷᠠᠭᠤᠯᠬᠤ᠎ᠶᠢ ᠱᠠᠭᠠᠷᠳᠠᠵᠤ ᠪᠠᠢᠨ᠎ᠠ᠃

ᠡᠲᠡᠭᠡᠷ ᠰᠢᠨ᠎ᠡ ᠪᠠᠢᠳᠠᠯ᠂ ᠰᠢᠨ᠎ᠡ ᠥᠷᠢᠰᠦᠯᠳᠦᠭᠡᠨ ᠨᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ 《ᠪᠠᠢᠬᠤ ᠡᠰᠡᠬᠦ》 ᠡᠴᠡ᠎ᠪᠠᠨ 《ᠰᠠᠢᠨ ᠡᠰᠡᠬᠦ》 ᠪᠣᠯᠵᠤ ᠬᠤᠪᠢᠷᠠᠬᠤ᠎ᠶᠢ ᠤᠯᠠᠮ ᠨᠢᠭᠡ ᠠᠯᠬᠤᠮ ᠪᠡᠶᠡᠯᠡᠭᠦᠯᠬᠦ᠎ᠶᠢ ᠲᠤᠯᠭᠠᠮ᠎ᠱᠠᠭᠠᠷᠳᠠᠵᠤ ᠪᠣᠶ︱ᠡᠨᠡ ᠪᠣᠯ ᠶᠠᠭ ᠴᠢᠨᠠᠷ ᠰᠠᠢᠲᠠᠢ ᠬᠥᠭᠵᠢᠯᠲᠡ᠎ᠶᠢᠨ ᠰᠡᠳᠦᠪ᠎ᠦᠨ ᠤᠳᠭ᠎ᠠ ᠰᠠᠨᠠᠭ᠎ᠠ ᠮᠥᠨ᠃

ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠢᠨᠠᠷ ᠰᠠᠢᠲᠠᠢ ᠬᠥᠭᠵᠢᠯᠲᠡ᠎ᠶᠢᠨ 《ᠴᠢᠨᠠᠷ ᠰᠠᠢᠲᠠᠢ》 ᠨᠢ ᠬᠠᠮᠢᠭ᠎ᠠ ᠢᠯᠡᠷᠡᠵᠦ ᠪᠠᠢᠬᠤ ᠪᠣᠶ?

ᠤᠯᠤᠰ ᠲᠥᠷᠥ᠎ᠶᠢᠨ ᠵᠣᠭᠰᠣᠴᠠ ᠳᠡᠭᠡᠷ᠎ᠡ ᠢᠯᠡᠷᠡᠵᠦ ᠪᠠᠢᠳᠠᠭ᠃ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ ᠭᠠᠭᠴᠠ ᠬᠦ᠌ ᠮᠠᠷᠺᠰ᠎ᠤᠨ ᠦᠵᠡᠯ᠎ᠦᠨ ᠵᠢᠯᠤᠭᠣᠳᠬᠤ ᠪᠠᠢᠷᠢ ᠰᠠᠭᠤᠷᠢ᠎ᠶᠢ ᠢᠮᠠᠭᠲᠠ ᠪᠠᠷᠢᠮᠲᠠᠯᠠᠵᠤ᠂ ᠵᠥᠪ ᠤᠯᠤᠰ ᠲᠦᠷᠦ᠎ᠶᠢᠨ ᠴᠢᠭᠯᠡᠯ᠎ᠢ ᠪᠠᠲᠤ ᠰᠠᠬᠢᠪᠠᠯ ᠰᠠᠶᠢ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠦᠭ ᠰᠦᠨᠡᠰᠦ᠎ᠶᠢ ᠱᠤᠭᠤᠵᠤ ᠴᠢᠳᠠᠨ᠎ᠠ᠃

ᠤᠤᠭᠠᠯ ᠡᠭᠦᠳᠦᠯᠲᠡ᠎ᠶᠢᠨ ᠲᠦᠪᠰᠢᠨ ᠳᠡᠭᠡᠷ᠎ᠡ ᠢᠯᠡᠷᠡᠵᠤ ᠪᠠᠢᠳᠠᠭ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠨᠢ 《ᠣᠳᠣᠬᠢᠴᠢᠯᠠᠯᠲᠠ = ᠥᠷᠥᠨᠡᠴᠢᠯᠡᠯᠲᠡ》 ᠵᠢᠨ ᠲᠥᠭᠡᠷᠢᠭᠳᠡᠯ᠎ᠢ ᠡᠪᠳᠡᠵᠦ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ ᠨᠢ ᠪᠠᠰᠠ 《ᠥᠷᠥᠨᠡᠳᠠᠬᠢᠨ ᠵᠢᠡᠷ ᠭᠣᠣᠯᠯᠠᠬᠤ ᠦᠵᠡᠯ》 ᠦ᠋ᠨ ᠡᠷᠳᠡᠮ ᠰᠢᠨᠵᠢᠯᠡᠭᠡᠨ᠎ᠦ ᠲᠦᠰᠢᠭᠯᠡᠯ᠎ᠢ ᠡᠪᠳᠡᠬᠦ᠎ᠪᠡᠷ ᠬᠦᠴᠦᠯᠡᠨ ᠴᠢᠷᠮᠠᠢᠬᠤ ᠬᠡᠷᠡᠭᠲᠡᠢ᠃

ᠦᠢᠯᠡᠳᠦᠯᠭᠡ᠎ᠶᠢᠨ ᠥᠷᠲᠡᠭ ᠳᠡᠭᠡᠷ᠎ᠡ ᠢᠯᠡᠷᠡᠵᠦ ᠪᠠᠢᠳᠠᠭ᠃ ᠨᠠᠮ ᠪᠣᠯᠣᠨ ᠤᠯᠤᠰ᠎ᠤᠨ ᠪᠦᠬᠦ ᠲᠠᠯ᠎ᠠ᠎ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠵᠠᠩᠭᠢᠯᠠᠭ᠎ᠠ᠎ᠶᠢᠨ ᠴᠢᠨᠠᠷᠲᠠᠢ ᠴᠢᠬᠤᠯᠠ ᠶᠡᠬᠡ ᠠᠰᠠᠭᠤᠳᠠᠯ᠎ᠢ ᠰᠤᠳᠤᠯᠤᠨ ᠰᠢᠢᠳᠪᠦᠷᠢᠯᠡᠬᠦ ᠲᠠᠯ᠎ᠠ᠎ᠪᠠᠷ ᠦᠨᠡᠨ ᠮᠡᠳᠡᠯᠭᠡ ᠨᠡᠪᠲᠡᠷᠬᠡᠢ ᠦᠵᠡᠯᠲᠡ᠎ᠲᠠᠢ ᠪᠠᠢᠬᠤ ᠬᠡᠷᠡᠭᠲᠡᠢ᠃

ᠳᠡᠯᠡᠬᠡᠶ᠎ᠶ᠋ᠢᠨ ᠪᠠᠢᠷᠢᠱᠢᠯ ᠳᠡᠭᠡᠷ᠎ᠡ ᠢᠯᠡᠷᠡᠵᠤ ᠪᠠᠢᠳᠠᠭ᠃ ᠳᠤᠮᠳᠠᠳᠤ ᠤᠯᠤᠰ᠎ᠤᠨ ᠡᠷᠳᠡᠮ ᠱᠢᠨᠵᠢᠯᠡᠭᠡᠨ᠎ᠦ ᠳᠡᠯᠡᠬᠡᠢ ᠳ᠋ᠠᠬᠢᠨ᠎ᠳᠠᠬᠢ ᠨᠥᠯᠥᠭᠡᠯᠡᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠪᠣᠯᠪᠠᠰᠤᠨ᠎ᠢᠶᠠᠨ ᠬᠠᠷᠢᠯᠴᠠᠨ ᠲᠣᠯᠢ ᠪᠤᠯᠭᠠᠬᠤ ᠳᠤᠮᠳᠠ ᠳᠤᠮᠳᠠᠳᠤ ᠤᠯᠤᠰ᠎ᠤᠨ ᠤᠶᠤᠨ ᠤᠬᠠᠭᠠᠨ᠎ᠢ ᠢᠯᠡᠷᠡᠭᠦᠯᠵᠦ᠍᠂ ᠳᠤᠮᠳᠠᠳᠤ ᠤᠯᠤᠰ᠎ᠤᠨ ᠲᠥᠰᠦᠯ᠎ᠢ ᠬᠠᠨᠳᠢᠪᠯᠠᠬᠤ ᠬᠡᠷᠡᠭ᠌ᠲᠡᠢ᠃

ᠡᠭᠦᠨ ᠡᠴᠡ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ᠎ᠳᠤ ᠬᠢᠭᠰᠡᠨ ᠱᠢᠰᠲ᠋ᠧᠮ᠎ᠲᠡᠶ ᠪᠠᠢᠷᠢᠯᠠᠭᠤᠯᠤᠯᠲᠠ᠎ᠶ᠋ᠢ ᠨᠠᠩ ᠢᠯᠡᠭᠦᠦ ᠣᠢᠯᠠᠭᠠᠵᠤ ᠪᠣᠯᠤᠨ᠎ᠠ᠄

《ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ ᠬᠡᠷᠡᠭᠳᠡᠢ》᠃ ᠤᠳᠤ ᠦᠶ᠎ᠡ᠎ᠶ᠋ᠢᠨ ᠳᠤᠮᠳᠠᠳᠤ ᠤᠯᠤᠰ᠎ᠲᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠠᠷᠢᠮᠲᠠᠯᠠᠨ ᠬᠥᠭ᠌ᠵᠢᠭᠦᠯᠬᠦ᠌ ᠪᠣᠯ ᠳᠠᠷᠤᠢ ᠮᠠᠷᠺᠰ᠎ᠤᠨ ᠦᠵᠡᠯ᠎ᠢ ᠵᠢᠩᠬᠢᠨᠢ ᠪᠡᠷ ᠪᠠᠷᠢᠮᠲᠠᠯᠠᠨ ᠬᠥᠭ᠌ᠵᠢᠭᠦᠯᠵᠦ ᠪᠠᠢᠭ᠎ᠠ ᠶᠠᠪᠤᠳᠠᠯ ᠪᠣᠯᠤᠨ᠎ᠠ᠂ ᠡᠨᠡ ᠪᠣᠯ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨᠵᠢᠯᠡᠬᠦ᠌ ᠤᠬᠠᠭᠠᠨᠴᠢ ᠵᠦᠭ᠌ᠯᠡᠭᠦᠷ ᠪᠣᠯᠤᠨ᠎ᠠ᠃

《ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠬᠡᠷᠡᠭ᠌ᠲᠡᠢ》᠃ ᠨᠠᠮ᠎ᠤᠨ ᠤᠳᠤᠷᠢᠳᠤᠯᠭ᠎ᠠ ᠪᠣᠯ ᠴᠢᠨᠠᠷ ᠰᠠᠢᠲᠠᠶ ᠬᠥᠭ᠌ᠵᠢᠯᠲᠡ᠎ᠶ᠋ᠢᠨ ᠦᠨᠳᠦᠰᠦᠨ ᠪᠠᠲᠤᠯᠠᠭ᠎ᠠ ᠮᠥᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ᠌ ᠵᠦᠶ᠋ᠯ᠎ᠳᠡᠭᠡᠨ ᠣᠷᠣᠭᠤᠯᠵᠤ᠂ ᠨᠢᠭᠡᠳᠦᠯᠲᠡᠶ ᠲᠥᠯᠥᠪᠵᠢᠭᠦᠯᠬᠦ᠌᠎ᠨᠢ ᠬᠦᠴᠦᠲᠡᠶ᠂ ᠬᠠᠮᠢᠶᠠᠷᠤᠯᠲᠠ᠎ᠨᠢ ᠱᠢᠨᠵᠢᠯᠡᠬᠦ᠌ ᠤᠬᠠᠭᠠᠨᠴᠢ᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠶ᠃

《ᠨᠠᠮ᠎ᠤᠨ ᠱᠢᠨ᠎ᠡ ᠡᠭᠦᠳᠦᠯᠳᠡ᠎ᠶᠢᠨ ᠣᠨᠣᠯ᠎ᠤᠨ ᠱᠢᠰᠲ᠋ᠧᠮᠴᠢᠯᠡᠯᠳᠡ ᠶᠤᠰᠤᠴᠢᠯᠠᠯᠳᠠ᠎ᠶᠢᠨ ᠰᠤᠳᠤᠯᠭᠠᠨ ᠲᠠᠢᠯᠪᠤᠷᠢᠯᠠᠯᠲᠠ᠎ᠶ᠋ᠢ ᠭᠦᠨᠵᠡᠭᠡᠢᠷᠡᠭᠦᠯᠬᠦ ᠬᠡᠷᠡᠭᠳᠡᠢ》᠃ ᠱᠢᠰᠲ᠋ᠧᠮᠴᠢᠯᠡᠯᠳᠡ᠎ᠨᠢ ᠰᠤᠳᠤᠯᠭᠠᠨ ᠲᠠᠢᠯᠪᠤᠷᠢᠯᠠᠯᠲᠠ᠎ᠶᠢᠨ ᠥᠷᠭᠡᠴᠡ᠎ᠶ᠋ᠢ ᠲᠣᠭ᠍ᠲᠠᠭᠠᠵᠤ᠂ ᠶᠤᠰᠤᠴᠢᠯᠠᠯᠳᠠ᠎ᠨᠢ ᠰᠤᠳᠤᠯᠭᠠᠨ ᠲᠠᠢᠯᠪᠤᠷᠢᠯᠠᠯᠲᠠ᠎ᠶᠢᠨ ᠭᠦᠨᠴᠡ᠎ᠶ᠋ᠢ ᠢᠯᠡᠷᠡᠭᠦᠯᠵᠦ᠍᠂ ᠬᠣᠶᠠᠭᠤᠯᠠ᠎ᠪᠠᠨ ᠬᠠᠮᠲᠤ᠎ᠪᠠᠷ ᠰᠤᠳᠤᠯᠭᠠᠨ ᠲᠠᠢᠯᠪᠤᠷᠢᠯᠠᠯᠲᠠ᠎ᠶᠢᠨ ᠦᠨᠳᠦᠷᠴᠡ᠎ᠶ᠋ᠢ ᠲᠣᠭ᠍ᠲᠠᠭᠠᠪᠠ᠃

《ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠲᠦᠷᠭᠡᠪᠴᠢᠯᠡᠨ ᠪᠠᠢᠭᠤᠯᠬᠤ ᠬᠡᠷᠡᠭᠳᠡᠢ》᠃ ᠴᠢᠨᠠᠷ ᠰᠠᠢᠲᠠᠢ ᠬᠥᠭ᠌ᠵᠢᠯᠲᠡ ᠨᠢ ᠱᠢᠨ᠎ᠡ᠎ᠶ᠋ᠢ ᠡᠭᠦᠳᠬᠦ᠌᠎ᠪᠡᠷ ᠨᠢᠭᠡᠳᠦᠭᠡᠷ ᠬᠥᠳᠡᠯᠭᠡᠬᠦ᠌ ᠬᠦᠴᠦᠨ ᠪᠣᠯᠭᠠᠵᠤ᠂ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠪᠠᠢᠭᠤᠯᠬᠤ ᠪᠣᠯ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠨ᠎ᠳᠡᠬᠢ ᠴᠢᠬᠤᠯᠠ ᠱᠢᠨ᠎ᠡ ᠡᠭᠦᠳᠦᠯᠲᠡ ᠪᠣᠯᠤᠨ᠎ᠠ᠃ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ᠂ ᠲᠠᠢᠯᠪᠤᠷᠢᠯᠠᠬᠤ ᠬᠦᠴᠦᠨ᠂ ᠨᠥᠯᠥᠭᠡᠯᠡᠬᠦ᠌ ᠬᠦᠴᠦᠨ᠂ ᠤᠷᠢᠶᠠᠯᠠᠬᠤ ᠬᠦᠴᠦᠨ᠎ᠲᠡᠶ ᠳᠤᠮᠳᠠᠳᠤ ᠤᠯᠤᠰ᠎ᠤᠨ ᠤᠨᠤᠯ ᠪᠣᠯᠤᠨ ᠪᠡᠯᠭᠡ ᠲᠡᠮᠳᠡᠭ᠎ᠦᠨ ᠴᠢᠨᠠᠷᠲᠠᠢ ᠤᠬᠠᠭ᠍ᠳᠠᠬᠤᠨ᠎ᠢ ᠪᠣᠯᠪᠠᠰᠤᠷᠠᠭᠤᠯᠤᠨ ᠭᠠᠷᠭᠠᠵᠤ᠂ ᠳᠤᠮᠳᠠᠳᠤ ᠤᠯᠤᠰ᠎ᠤᠨ ᠵᠠᠮ ᠡᠴᠡ ᠳᠤᠮᠳᠠᠳᠤ ᠤᠯᠤᠰ᠎ᠤᠨ ᠶᠣᠰᠣ᠎ᠶ᠋ᠢ ᠡᠷᠢᠯᠬᠢᠯᠡᠬᠦ᠌ ᠬᠡᠷᠡᠭ᠌ᠲᠡᠢ᠃

《ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶ᠋ᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶ᠋ᠢᠨ ᠠᠰᠠᠭᠤᠯᠲᠠ᠎ᠶ᠋ᠢ ᠨᠡᠩ ᠰᠠᠢ᠌ᠳᠤᠷ ᠬᠠᠷᠢᠭᠤᠯᠬᠤ ᠬᠡᠷᠡᠭᠳᠡᠢ》᠃ ᠡᠭᠦᠨ᠎ᠢᠶᠡᠷ ᠪᠠᠢᠷᠢᠱᠢᠯ ᠪᠣᠯᠭᠠᠵᠤ᠂ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯᠲᠠᠳ ᠳᠤᠮᠳᠠᠳᠤ ᠤᠯᠤᠰ᠎ᠲᠤ ᠰᠠᠭᠤᠷᠢᠯᠠᠨ᠂ ᠳᠡᠯᠡᠬᠡᠶ ᠳ᠋ᠠᠬᠢᠨ᠎ᠢ ᠪᠠᠷᠠᠯᠠᠵᠤ᠂ ᠠᠷᠠᠳ ᠲᠦᠮᠡᠨ᠎ᠲᠡᠶ ᠰᠡᠳᠭᠢᠯ ᠵᠢᠷᠦᠬᠡ᠎ᠪᠡᠨ ᠬᠣᠯᠪᠣᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠥᠲᠥᠭᠡᠨ ᠪᠠᠢᠭᠤᠯᠤᠯᠲᠠ᠎ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠬᠤ ᠬᠡᠷᠡᠭᠳᠡᠢ᠃

ᠢᠷᠡᠭᠡᠳᠦᠢ ᠵᠢ ᠪᠠᠷᠠᠯᠠᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠱᠠᠭᠠᠷᠳᠠᠯᠭ᠎ᠠ᠎ᠶ᠋ᠢ ᠪᠠᠳᠤ ᠡᠵᠡᠮᠳᠡᠵᠦ᠂ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠹᠷᠣᠨᠲ᠎ᠤᠨ ᠬᠢᠨ ᠴᠥᠬᠥᠷᠡᠰᠢ ᠦᠭᠡᠢ ᠠᠵᠢᠯᠯᠠᠵᠤ᠂ ᠵᠣᠷᠢᠭ ᠱᠢᠭᠤᠳᠤᠨ ᠤᠷᠤᠭ᠍ᠰᠢᠯᠠᠵᠤ᠂ ᠱᠢᠨ᠎ᠡ ᠦᠢᠯᠡᠳᠦᠯᠭᠡ᠎ᠲᠡᠶ ᠤᠶᠠᠯᠳᠤᠭᠤᠯᠤᠨ ᠲᠠᠰᠤᠷᠠᠯᠳᠠ ᠦᠭᠡᠢ ᠱᠢᠨ᠎ᠡ ᠤᠨᠤᠯ᠎ᠤᠨ ᠡᠭᠦᠳᠦᠯᠲᠡ ᠭᠠᠷᠭᠠᠬᠤ ᠬᠡᠷᠡᠭᠳᠡᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 5 ᠰᠠᠷ᠎ᠠ᠎ᠶᠢᠨ 18᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号