ᠰᠢ ᠵᠢᠨ ᠫᠢᠩ ᠪᠣᠯᠤᠨ ᠣᠷᠣᠰ᠎ᠤᠨ ᠶᠡᠷᠦᠩᠬᠡᠢᠯᠡᠭ᠌ᠴᠢ ᠫᠦᠲ᠋ᠢᠨ 《ᠳᠤᠮᠳᠠᠳᠤ ᠣᠷᠣᠰ᠎ᠤᠨ ᠰᠤᠷᠭᠠᠨ ᠬᠥᠮᠦᠵᠢᠯ᠎ᠦᠨ ᠣᠨ》 ᠤ᠋ ᠡᠬᠢᠯᠡᠯᠲᠡ᠎ᠶ᠋ᠢᠨ ᠶᠣᠰᠣᠯᠠᠯ᠎ᠳᠤ ᠬᠠᠮᠳᠤ ᠪᠡᠷ ᠣᠷᠣᠯᠴᠠᠬᠰᠡᠨ ᠪᠦᠭᠡᠳ ᠪᠠᠶᠠᠷ᠎ᠤᠨ ᠦᠭᠡ ᠬᠡᠯᠡᠪᠡ
2026-05-21 09:40:51
ᠵᠣᠬᠢᠶᠠᠭ᠍ᠴᠢ᠄
​ᠶᠠᠩ ᠢ ᠵᠢᠶᠦ᠋ᠨ ᠸᠸᠨ ᠱᠢᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 20 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》ᠤ᠋ ᠡᠬᠢᠯᠡᠯᠲᠡ᠎ᠶ᠋ᠢᠨ ᠶᠣᠰᠣᠯᠠᠯ᠎ᠳᠤ ᠬᠠᠮᠳᠤ ᠪᠡᠷ ᠣᠷᠣᠯᠴᠠᠪᠠ᠃


QQ20260521-092403.png


5 ᠰᠠᠷ᠎ᠠ᠎ᠶ᠋ᠢᠨ 20 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》ᠤ᠋ ᠡᠬᠢᠯᠡᠯᠲᠡ᠎ᠶ᠋ᠢᠨ ᠶᠣᠰᠣᠯᠠᠯ᠎ᠳᠤ ᠬᠠᠮᠳᠤ ᠪᠡᠷ ᠣᠷᠣᠯᠴᠠᠪᠠ

ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᡂᠢ ᠰᠡᠭᠦᠳᠡᠷᠯᠡᠪᠡ 


ᠬᠣᠶᠠᠷ ᠤᠯᠤᠰ᠎ᠤᠨ ᠲᠡᠷᠢᠭᠦᠨ ᠬᠠᠯᠠᠭᠤᠨ ᠠᠯᠠᠭ᠎ᠠ ᠲᠠᠱᠢᠯᠳᠠ᠎ᠶ᠋ᠢᠨ ᠳᠤᠮᠳᠠ ᠬᠠᠮᠲᠤ᠎ᠪᠠᠷ ᠬᠤᠷᠠᠯ᠎ᠤᠨ ᠲᠠᠯᠠᠪᠠᠢ᠎ᠳᠤ ᠠᠯᠬᠤᠨ ᠣᠷᠣᠪᠠ᠃

ᠰᠢ ᠵᠢᠨ ᠫᠢᠩ ᠡᠩ ᠲᠡᠷᠢᠭᠦᠨ᠎ᠳᠦ ᠪᠠᠶᠠᠷ᠎ᠤᠨ ᠦᠭᠡ ᠬᠡᠯᠡᠪᠡ᠃ ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠷᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠠᠢᠭᠤᠯᠤᠭ᠍ᠰᠠᠨ 30 ᠵᠢᠯ᠎ᠦᠨ ᠤᠢ ᠪᠠ 《ᠳᠤᠮᠳᠠᠳᠤ ᠤᠷᠤᠰ᠎ᠤᠨ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠲᠣᠭ᠍ᠲᠠᠭ᠍ᠰᠠᠨ 25 ᠵᠢᠯ᠎ᠦᠨ ᠤᠢ ᠪᠣᠯᠤᠨ᠎ᠠ᠃ ᠡᠢᠮᠦ᠍ ᠨᠢᠭᠡᠨ ᠣᠨᠴᠠᠭᠠᠶ ᠠᠴᠢ ᠬᠣᠯᠪᠣᠭ᠍ᠳᠠᠯ᠎ᠲᠠᠶ ᠵᠢᠯ᠎ᠳᠦ 《ᠳᠤᠮᠳᠠᠳᠤ ᠣᠷᠣᠰ᠎ᠤᠨ ᠰᠤᠷᠭᠠᠨ ᠬᠥᠮᠦᠵᠢᠯ᠎ᠦᠨ ᠣᠨ》 ᠢ᠋ ᠡᠬᠢᠯᠡᠭᠦᠯᠦᠭ᠌ᠰᠡᠨ ᠶᠠᠪᠤᠳᠠᠯ ᠪᠣᠯ ᠪᠢ ᠪᠤᠯᠤᠨ ᠶᠡᠷᠦᠩᠬᠡᠢᠯᠡᠭ᠌ᠴᠢ ᠫᠦᠲ᠋ᠢᠨ ᠬᠠᠮᠳᠤ ᠪᠡᠷ ᠳᠤᠮᠳᠠᠳᠤ ᠣᠷᠣᠰ᠎ᠤᠨ ᠬᠠᠷᠢᠯᠴᠠᠭᠠᠨ᠎ᠤ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠬᠠᠨᠳᠤᠭᠤᠯᠵᠤ ᠭᠠᠷᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠮᠥᠨ᠃ ᠰᠤᠷᠭᠠᠨ ᠬᠥᠮᠦᠵᠢᠯ ᠪᠣᠯ ᠤᠯᠤᠰ ᠤᠯᠤᠰ᠎ᠤᠨ ᠬᠣᠭᠣᠷᠣᠨᠳᠣᠬᠢ ᠠᠷᠠᠳ᠎ᠤᠨ ᠰᠡᠳᠭᠢᠯ᠎ᠢ ᠬᠣᠯᠪᠣᠬᠤ᠂ ᠨᠥᠬᠥᠷᠯᠡᠯ᠎ᠢ ᠵᠠᠯᠭᠠᠮᠵᠢᠯᠠᠬᠤ ᠴᠢᠬᠤᠯᠠ ᠬᠥᠭᠥᠷᠭᠡ ᠮᠥᠨ᠂ ᠤᠳᠤ ᠦᠶ᠎ᠡ᠎ᠳᠦ ᠭᠠᠪᠢᠶ᠎ᠠ ᠪᠠᠢᠭᠤᠯᠵᠤ᠂ ᠠᠯᠤᠰ ᠢᠷᠡᠭᠡᠳᠦᠢ᠎ᠳᠦ ᠠᠱᠢᠭ ᠬᠦᠷᠲᠡᠭᠡᠬᠦ᠌ ᠡᠷᠬᠢᠮ ᠳᠡᠭᠡᠳᠦ ᠦᠢᠯᠡᠰ ᠮᠥᠨ᠃ ᠤᠷᠳᠤ ᠬᠤᠭᠤᠴᠠᠭᠠᠨ᠎ᠤ ᠲᠤᠷᠰᠢ᠂ ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠢᠷᠡᠵᠦ᠍᠂ ᠢᠯᠡᠳᠲᠡ ᠦᠷ᠎ᠡ ᠪᠦᠲᠦᠮᠵᠢ ᠣᠯᠵᠤ᠂ ᠳᠤᠮᠳᠠᠳᠤ ᠤᠷᠤᠰ᠎ᠤᠨ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠵᠠᠢ᠃ 《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》 ᠵᠢᠡᠷ ᠠᠵᠠ ᠲᠣᠬᠢᠶᠠᠯ ᠪᠣᠯᠭᠠᠵᠤ᠂ ᠬᠣᠶᠠᠷ ᠲᠠᠯ᠎ᠠ᠎ᠪᠠᠷ᠎ᠢᠶᠠᠨ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ᠎ᠪᠠᠨ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠬᠠᠮᠲᠤᠷᠠᠯᠴᠠᠭᠠᠨ᠎ᠤ ᠬᠦᠷᠢᠶ᠎ᠡ᠎ᠪᠡᠨ ᠥᠷᠭᠡᠳᠭᠡᠵᠦ᠍᠂ ᠬᠠᠮᠲᠤᠷᠠᠯᠴᠠᠭᠠᠨ᠎ᠤ ᠲᠦᠪᠱᠢᠨ᠎ᠢᠶᠡᠨ ᠳᠡᠭᠡᠭ᠌ᠰᠢᠯᠡᠭᠦᠯᠦᠶ᠎ᠡ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠰᠤᠷᠭᠠᠨ ᠬᠥᠮᠦᠵᠢᠯ ᠮᠠᠨᠳᠤᠪᠠᠯ ᠤᠯᠤᠰ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭ᠌ᠵᠢᠪᠡᠯ ᠤᠯᠤᠰ ᠬᠦᠴᠦᠷᠬᠡᠭ᠌ᠵᠢᠨ᠎ᠡ᠃ ᠳᠤᠮᠳᠠᠳᠤ ᠤᠷᠤᠰ ᠴᠢᠳᠠᠪᠤᠷᠢᠲᠠᠨ ᠬᠥᠮᠦᠵᠢᠭᠦᠯᠬᠦ᠌ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠤᠯᠠᠨ ᠤᠯᠤᠰ᠎ᠤᠨ ᠣᠷᠣᠢᠯᠠᠭ᠍ᠰᠠᠨ ᠴᠢᠳᠠᠪᠤᠷᠢᠲᠠᠨ᠎ᠤ ᠡᠩᠨᠡᠭᠡ ᠪᠣᠯᠤᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠢ ᠬᠠᠮᠲᠤ᠎ᠪᠠᠷ ᠪᠣᠢᠵᠢᠭᠤᠯᠵᠤ᠂ ᠬᠣᠱᠢᠭᠤᠷᠠᠯ ᠱᠢᠨᠵᠢᠯᠡᠬᠦ᠌ ᠤᠬᠠᠭᠠᠨ᠎ᠤ ᠬᠦᠴᠢᠷ ᠠᠰᠠᠭᠤᠳᠠᠯ᠎ᠢ ᠭᠠᠷ ᠬᠣᠯᠪᠣᠨ ᠱᠢᠪᠲᠤᠯᠵᠤ᠂ ᠬᠣᠶᠠᠷ ᠤᠯᠤᠰ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠬᠦᠴᠦᠨ ᠨᠡᠮᠡᠷᠢᠯᠡᠶ᠎ᠡ; ᠪᠣᠯᠪᠠᠰᠤᠨ᠎ᠢᠶᠠᠨ ᠬᠠᠷᠢᠯᠴᠠᠨ ᠲᠣᠯᠢᠯᠠᠬᠤ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠵᠦ᠍᠂ ᠪᠣᠯᠪᠠᠰᠤᠨ᠎ᠤ ᠤᠯᠠᠮᠵᠢᠯᠠᠯ ᠪᠠ ᠰᠤᠷᠭᠠᠨ ᠬᠥᠮᠦᠵᠢᠯ᠎ᠦᠨ ᠵᠠᠰᠠᠯᠲᠠ᠎ᠶ᠋ᠢᠨ ᠲᠤᠷᠱᠢᠯᠭ᠎ᠠ᠎ᠪᠠᠨ ᠰᠣᠯᠢᠯᠴᠠᠬᠤ᠎ᠶ᠋ᠢ ᠠᠬᠢᠭᠤᠯᠵᠤ᠂ ᠠᠵᠢᠯ᠎ᠤᠨ ᠲᠦᠪᠱᠢᠨ᠎ᠢᠶᠡᠨ ᠬᠠᠮᠲᠤ᠎ᠪᠠᠷ ᠳᠡᠭᠡᠭ᠌ᠰᠢᠯᠡᠭᠦᠯᠦᠶ᠎ᠡ; ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠰᠤᠷᠭᠠᠨ ᠬᠥᠮᠦᠵᠢᠯ᠎ᠦᠨ ᠬᠠᠮᠲᠤᠷᠠᠯᠴᠠᠭᠠᠨ᠎ᠤ ᠳᠠᠯᠳᠠ ᠬᠦᠴᠦᠨ᠎ᠢ   ᠤᠯᠠᠮ ᠨᠢᠭᠡ ᠠᠯᠬᠤᠮ ᠪᠠᠳᠠᠷᠠᠭᠤᠯᠵᠤ᠂ ᠬᠣᠶᠠᠷ ᠤᠯᠤᠰ᠎ᠤᠨ ᠠᠷᠠᠳ ᠤᠯᠠᠨ᠎ᠤ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣ ᠪᠠᠢᠬᠤ᠎ᠶ᠋ᠢ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠭᠦᠨᠵᠡᠭᠡᠢ ᠰᠣᠯᠢᠯᠴᠠᠬᠤ ᠳᠤᠮᠳᠠ ᠨᠥᠬᠥᠷᠯᠡᠯ᠎ᠢᠶᠡᠨ ᠵᠤᠵᠠᠭᠠᠳᠭᠠᠵᠤ᠂ ᠳᠤᠮᠳᠠᠳᠤ ᠤᠷᠤᠰ᠎ᠤᠨ ᠦᠶ᠎ᠡ᠎ᠶ᠋ᠢᠨ ᠦᠶ᠎ᠡ᠎ᠳᠡᠭᠡᠨ ᠨᠥᠬᠥᠷᠰᠡᠭ ᠪᠠᠢᠬᠤ ᠵᠠᠯᠭᠠᠮᠵᠢᠯᠠᠭ᠍ᠴᠢ᠎ᠶ᠋ᠢ ᠬᠥᠮᠦᠵᠢᠭᠦᠯᠦᠶ᠎ᠡ᠃ ᠬᠣᠶᠠᠷ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ 《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》 ᠯᠠᠪᠲᠠᠢ ᠲᠡᠭᠦᠰ ᠠᠮᠵᠢᠯᠲᠠ ᠤᠯᠬᠤ᠎ᠶ᠋ᠢ ᠢᠲᠡᠭᠡᠵᠦ᠍ ᠪᠠᠢᠨ᠎ᠠ ᠭᠡᠵᠤ ᠴᠢᠬᠤᠯᠠᠴᠢᠯᠠᠪᠠ᠃

ᠫᠦᠲ᠋ᠢᠨ᠂ ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ ᠪᠣᠯ ᠬᠣᠶᠠᠷ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠳᠤᠲᠠᠭ᠍ᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠮᠥᠨ᠂ 《ᠤᠷᠤᠰ ᠳᠤᠮᠳᠠᠳᠤ᠎ᠶ᠋ᠢᠨ ᠰᠤᠷᠭᠠᠨ ᠬᠥᠮᠦᠵᠢᠯ᠎ᠦᠨ ᠣᠨ》 ᠢ᠋ ᠡᠬᠢᠯᠡᠭᠦᠯᠬᠦ᠌ ᠨᠢ ᠬᠥᠱᠢᠢ᠎ᠡ ᠳᠡᠮᠳᠡᠭ᠎ᠤᠨ ᠠᠴᠢ ᠬᠣᠯᠪᠣᠭ᠍ᠳᠠᠯ᠎ᠲᠠᠶ ᠶᠤᠮ᠃ ᠤᠷᠤᠰ ᠳᠤᠮᠳᠠᠳᠤ ᠬᠣᠶᠠᠷ ᠤᠯᠤᠰ ᠪᠦᠷ ᠰᠤᠷᠭᠠᠨ ᠬᠥᠮᠦᠵᠢᠯ᠎ᠢ ᠴᠢᠬᠤᠯᠠᠴᠢᠯᠠᠵᠤ ᠪᠤᠢ᠂ ᠰᠤᠷᠭᠠᠨ ᠬᠥᠮᠦᠵᠢᠯ ᠨᠢ ᠬᠤᠪᠢ ᠬᠥᠮᠦᠨ᠎ᠦ ᠬᠥᠭ᠌ᠵᠢᠯᠲᠡ᠎ᠳᠦ ᠲᠤᠢᠯ᠎ᠤᠨ ᠴᠢᠬᠤᠯᠠ᠎ᠪᠠᠷ ᠪᠠᠷᠠᠬᠤ ᠦᠭᠡᠢ᠂ ᠨᠡᠩ ᠴᠤ᠌ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠰᠠᠭᠤᠷᠢ ᠪᠣᠯᠤᠨ᠎ᠠ᠃ 《ᠣᠷᠣᠰ ᠳᠤᠮᠳᠠᠳᠤ᠎ᠶ᠋ᠢᠨ ᠰᠤᠷᠭᠠᠨ ᠬᠥᠮᠦᠵᠢᠯ᠎ᠦᠨ ᠣᠨ》 ᠤ᠋ ᠠᠵᠢᠯᠯᠠᠭ᠎ᠠ᠎ᠶ᠋ᠢᠨ ᠠᠭᠤᠯᠭ᠎ᠠ ᠨᠢ ᠪᠠᠶᠠᠯᠢᠭ᠂ ᠬᠡᠪᠴᠢᠶ᠎ᠡ ᠨᠢ ᠠᠤᠭ᠎ᠠ ᠶᠡᠬᠡ ᠶᠤᠮ᠃ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ᠂ ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ᠎ᠶ᠋ᠢ ᠴᠢᠩᠭᠠᠳᠭᠠᠬᠤ᠎ᠪᠠᠷ ᠲᠠᠮᠵᠢᠨ ᠵᠠᠯᠠᠭᠤ ᠨᠢᠭᠡ ᠦᠶ᠎ᠡ᠎ᠶ᠋ᠢᠨ ᠬᠢᠨ᠎ᠦ ᠣᠢᠯᠠᠭᠠᠯᠴᠠᠭ᠎ᠠ᠎ᠶ᠋ᠢ ᠨᠡᠮᠡᠭ᠌ᠳᠡᠭᠦᠯᠵᠦ᠍᠂ ᠤᠷᠤᠰ ᠳᠤᠮᠳᠠᠳᠤ᠎ᠶ᠋ᠢᠨ ᠨᠥᠬᠥᠷᠯᠡᠯ᠎ᠦᠨ ᠦᠢᠯᠡᠰ᠎ᠲᠦ ᠵᠠᠯᠭᠠᠮᠵᠢᠯᠠᠭ᠍ᠴᠢ᠎ᠲᠠᠶ ᠪᠣᠯᠭᠠᠵᠤ᠂ ᠤᠷᠤᠰ ᠳᠤᠮᠳᠠᠳᠤ᠎ᠶ᠋ᠢᠨ ᠬᠠᠷᠢᠯᠴᠠᠭ᠎ᠠ᠎ᠶ᠋ᠢᠨ ᠨᠡᠩ ᠶᠡᠬᠡ ᠬᠥᠭ᠌ᠵᠢᠯᠲᠡ᠎ᠲᠡᠶ ᠪᠣᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠬᠣᠶᠠᠷ ᠤᠯᠤᠰ᠎ᠤᠨ ᠲᠡᠷᠢᠭᠦᠨ ᠬᠠᠮᠲᠤ᠎ᠪᠠᠷ 《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》  ᠤ᠋ ᠰᠦᠯᠳᠡ ᠲᠡᠮᠳᠡᠭ᠎ᠢ ᠰᠡᠬᠦᠪᠡ᠃

ᠼᠠᠢ ᠴᠢ᠂ ᠳ᠋ᠢᠩ ᠱᠢᠤᠸᠠᠢ ᠱᠢᠶᠠᠩ᠂ ᠸᠠᠩ ᠢ᠂ ᠾᠧ ᠯᠢ ᠹᠸᠩ᠂ ᠵᠠᠩ ᠭᠦᠸᠧ ᠴᠢᠩ᠂ ᠱᠸᠨ ᠢ ᠴᠢᠨ᠎ᠨᠡᠷ ᠣᠷᠣᠯᠴᠠᠵᠠᠢ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号