ᠰᠢ ᠵᠢᠨ ᠫᠢᠩ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠴᠠᠢ ᠵᠢᠨ ᠵᠤᠭᠤᠭ ᠲᠡᠯᠭᠡᠪᠡ
2026-05-21 09:45:52
ᠵᠣᠬᠢᠶᠠᠭ᠍ᠴᠢ᠄
​ ᠰᠦᠨ ᠢ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 20 ᠎ᠤ᠋ ᠤᠷᠤᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠢᠯᠡᠭᠴᠢ ᠫᠦᠲ᠋ᠢᠨ ᠲᠠᠢ ᠴᠠᠢ ᠵᠢᠨ ᠵᠤᠭᠤᠭ ᠲᠡᠯᠭᠡᠪᠡ᠃


QQ20260521-092416.png


5 ᠰᠠᠷ᠎ᠠ᠎ᠶᠢᠨ 20 ᠎ᠤ᠋ ᠤᠷᠤᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠢᠯᠡᠭᠴᠢ ᠫᠦᠲ᠋ᠢᠨ ᠲᠠᠢ ᠴᠠᠢ ᠵᠢᠨ ᠵᠤᠭᠤᠭ ᠲᠡᠯᠭᠡᠪᠡ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠳ᠋ᠢᠩ ᠬᠠᠢ ᠲᠤᠤ ᠰᠡᠬᠦᠳᠡᠷᠯᠡᠪᠡ


ᠰᠢ ᠵᠢᠨ ᠫᠢᠩ᠂ ᠣᠯᠠᠨ ᠵᠢᠯ᠎ᠦᠨ ᠲᠤᠷᠰᠢ᠂ ᠪᠢ ᠶᠡᠷᠦᠩᠬᠡᠢᠯᠡᠭᠴᠢ ᠫᠦᠲ᠋ᠢᠨ᠎ᠲᠠᠢ ᠨᠢᠭᠲᠠ ᠶᠠᠪᠤᠯᠴᠠᠭ᠎ᠠ᠎ᠪᠠᠨ ᠪᠠᠲᠤᠯᠠᠵᠤ᠂ ᠳᠤᠮᠳᠠᠳᠤ ᠣᠷᠣᠰ᠎ᠤᠨ ᠱᠢᠨ᠎ᠡ ᠴᠠᠭ ᠦᠶ᠎ᠡ᠎ᠶᠢᠨ ᠪᠥᠬᠥ᠌ ᠲᠠᠯ᠎ᠠ᠎ᠶᠢᠨ ᠪᠠᠢᠯᠳᠤᠬᠤ ᠪᠣᠳᠣᠯᠭ᠎ᠠ ᠎ᠶᠢᠨ ᠬᠠᠮᠵᠢᠯᠴᠠᠭᠠᠨ ᠎ᠤ ᠬᠠᠨᠢᠲᠠᠨ ᠎ᠤ ᠬᠠᠷᠢᠯᠴᠠᠭ᠎ᠠ ᠎ᠶᠢᠨ ᠦᠷᠭᠦᠯᠵᠢᠯᠡᠨ ᠭᠦᠨᠵᠡᠭᠡᠢᠷᠡᠨ ᠪᠣᠳᠠᠲᠠᠢᠵᠢᠬᠤ᠎ᠶᠢ ᠬᠠᠮᠲᠤ᠎ᠪᠠᠷ ᠬᠥᠲᠥᠯᠥᠨ ᠳᠠᠭᠠᠭᠤᠯᠵᠤ᠂ ᠬᠣᠶᠠᠷ ᠤᠯᠤᠰ᠎ᠤᠨ ᠡᠶᠡᠯᠳᠡᠭ ᠬᠥᠷᠰᠢ᠎ᠶᠢᠨ ᠨᠥᠬᠥᠷᠰᠡᠭ ᠬᠠᠷᠢᠯᠴᠠᠭ᠎ᠠ᠎ᠶᠢᠨ ᠬᠥᠮᠦᠰ᠎ᠦᠨ ᠰᠡᠳᠭᠢᠯ᠎ᠳᠦ ᠨᠠᠩ ᠭᠦᠨᠵᠡᠭᠡᠢᠷᠡᠬᠦ᠌᠎ᠶᠢ ᠠᠬᠢᠭᠤᠯᠵᠤ᠂ ᠬᠠᠷᠢᠯᠴᠠᠨ ᠬᠦᠨᠳᠦᠳᠭᠡᠬᠦ᠌᠂ ᠲᠥᠪ ᠭᠤᠤᠯᠴᠢ ᠱᠢᠳᠤᠷᠭᠤ ᠶᠣᠰᠣ᠎ᠶᠢ ᠡᠷᠬᠢᠮᠯᠡᠬᠦ᠌᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠭᠥᠷᠳᠡᠬᠦ᠌ ᠱᠢᠨ᠎ᠡ ᠬᠡᠯᠪᠡᠷᠢ᠎ᠶᠢᠨ ᠲᠣᠮᠣ ᠤᠯᠤᠰ᠎ᠤᠨ ᠬᠠᠷᠢᠯᠴᠠᠭᠠᠨ᠎ᠤ ᠬᠡᠪ ᠵᠠᠭᠪᠤᠷ᠎ᠢ ᠡᠭᠦᠳᠴᠦ᠍᠂ ᠤᠷᠪᠠᠭᠠᠨ ᠬᠥᠷᠪᠡᠭᠡᠨ᠎ᠲᠡᠶ ᠳᠡᠯᠡᠬᠡᠶ ᠶᠢᠷᠲᠢᠨᠴᠦ᠍᠎ᠳᠦ ᠡᠷᠬᠢᠮ ᠨᠠᠨᠳᠢᠨ ᠲᠣᠭᠲᠠᠭᠤᠨ ᠴᠢᠨᠠᠷ᠎ᠢ ᠦᠷᠭᠦᠯᠵᠢᠯᠡᠨ ᠨᠡᠮᠡᠷᠢᠯᠡᠪᠡ᠃ ᠡᠨᠡ ᠡᠳᠦᠷ ᠪᠢ ᠶᠡᠷᠦᠩᠬᠡᠢᠯᠡᠭᠴᠢ ᠫᠦᠲ᠋ᠢᠨ ᠲᠠᠢ ᠳᠤᠮᠳᠠᠳᠤ ᠤᠷᠤᠰ᠎ᠤᠨ ᠪᠦᠬᠦ᠌ ᠲᠠᠯ᠎ᠠ᠎ᠶᠢᠨ ᠪᠠᠢᠯᠳᠤᠬᠤ ᠪᠤᠳᠤᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢ ᠠᠬᠢᠭᠤᠯᠬᠤ ᠲᠤᠬᠠᠢ ᠱᠢᠨ᠎ᠡ ᠴᠢᠬᠤᠯᠠ ᠬᠠᠮᠲᠤ᠎ᠶᠢᠨ ᠲᠠᠨᠢᠯᠲᠠ᠎ᠲᠠᠶ ᠪᠣᠯᠪᠠ᠃ ᠬᠢᠪᠡᠯ ᠪᠦᠲᠦᠵᠦ᠂ ᠵᠤᠷᠢᠪᠠᠯ ᠬᠦᠷᠳᠡᠭ᠃ ᠬᠣᠶᠠᠷ ᠲᠠᠯ᠎ᠠ᠎ᠶᠢᠨ ᠴᠥᠬᠥᠷᠡᠰᠢ ᠦᠭᠡᠢ ᠴᠢᠷᠮᠠᠢᠯᠭ᠎ᠠ᠎ᠪᠠᠷ᠂ ᠳᠤᠮᠳᠠᠳᠤ ᠤᠷᠤᠰ᠎ᠤᠨ ᠬᠠᠷᠢᠯᠴᠠᠭ᠎ᠠ ᠯᠠᠪᠲᠠᠢ ᠴᠢᠨᠠᠷ ᠰᠠᠢᠲᠠᠢ ᠬᠥᠭᠵᠢᠯᠲᠡ᠎ᠶᠢᠨ ᠪᠠᠢᠳᠠᠯ᠎ᠵᠢᠡᠨ ᠦᠷᠭᠦᠯᠵᠢᠯᠡᠭᠦᠯᠵᠦ᠍᠂ ᠠᠯᠬᠤᠮ ᠠᠯᠬᠤᠮ᠎ᠵᠢᠡᠷ ᠤᠷᠤᠭᠱᠢᠯᠠᠵᠤ᠂ ᠨᠡᠩ ᠥᠨᠳᠥᠷ ᠳᠡᠭᠲᠡᠷ᠎ᠲᠦ ᠭᠠᠷᠬᠤ᠎ᠶᠢ ᠢᠲᠡᠭᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃

ᠫᠦᠲ᠋ᠢᠨ᠂ ᠲᠤᠰ ᠤᠳᠠᠭ᠎ᠠ᠎ᠶᠢᠨ ᠠᠢᠯᠴᠢᠯᠠᠯᠲᠠ ᠪᠣᠳᠠᠲᠠᠢ᠎ᠶᠢ ᠡᠷᠬᠢᠮᠯᠡᠨ ᠥᠨᠳᠥᠷ ᠪᠦᠲᠦᠮᠵᠢᠲᠡᠢ ᠶᠠᠪᠤᠭᠳᠠᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠪᠢ ᠲᠡᠷᠢᠭᠦᠯᠡᠭᠴᠢ ᠰᠢ ᠵᠢᠨ ᠫᠢᠩ᠎ᠲᠡᠶ ᠬᠠᠮᠲᠤ᠎ᠪᠠᠷ ᠤᠷᠤᠰ ᠳᠤᠮᠳᠠᠳᠤ᠎ᠶᠢᠨ ᠬᠠᠷᠢᠯᠴᠠᠭᠠᠨ᠎ᠤ ᠬᠥᠭᠵᠢᠯᠲᠡ᠎ᠶᠢᠨ ᠲᠡᠦᠬᠡᠨ ᠶᠠᠪᠤᠴᠠ᠎ᠶᠢ ᠡᠷᠭᠢᠴᠡᠭᠦᠯᠵᠦ᠍᠂ ᠥᠷᠭᠡᠨ ᠳᠡᠯᠭᠡᠷ ᠵᠥᠪᠯᠡᠬᠦ᠌ ᠵᠦᠢᠯ᠎ᠦᠨ ᠲᠤᠬᠠᠢ ᠰᠠᠨᠠᠯ᠎ᠵᠢᠡᠨ ᠭᠦᠨᠵᠡᠭᠡᠢ ᠰᠣᠯᠢᠯᠴᠠᠵᠤ᠂ ᠲᠠᠷᠠᠭᠠᠴᠢ᠎ᠶᠢᠨ ᠠᠯᠬᠤᠮ᠎ᠤᠨ ᠬᠣᠶᠠᠷ ᠤᠯᠤᠰ᠎ᠤᠨ ᠬᠠᠮᠲᠤᠷᠠᠯᠴᠠᠭᠠᠨ᠎ᠤ ᠴᠢᠭᠯᠡᠯ ᠎ᠢ ᠲᠣᠳᠣᠷᠬᠠᠢᠯᠠᠪᠠ᠂ ᠡᠨᠡ ᠨᠢ ᠤᠷᠤᠰ ᠳᠤᠮᠳᠠᠳᠤ᠎ᠶᠢᠨ ᠬᠠᠷᠢᠯᠴᠠᠭ᠎ᠠ᠎ᠶᠢᠨ ᠢᠮᠠᠭᠲᠠ ᠥᠷᠨᠢᠨ ᠬᠥᠭᠵᠢᠬᠦ᠌ ᠬᠠᠨᠳᠤᠰᠢ᠎ᠶᠢ ᠪᠠᠲᠤᠯᠠᠬᠤ᠎ᠳᠤ ᠠᠱᠢᠭᠲᠠᠢ ᠶᠤᠮ᠃ ᠤᠷᠤᠰ ᠎ᠤᠨ ᠬᠢᠨ ᠦᠷᠭᠦᠯᠵᠢᠯᠡᠨ ᠳᠤᠮᠳᠠᠳᠤ ᠤᠯᠤᠰ᠎ᠯᠤᠭ᠎ᠠ ᠨᠢᠭᠲᠠ ᠤᠯᠤᠯᠴᠠᠭ᠎ᠠ᠎ᠪᠠᠨ ᠪᠠᠲᠤᠯᠠᠵᠤ᠂ ᠪᠠᠢᠯᠳᠤᠬᠤ ᠪᠤᠳᠤᠯᠭ᠎ᠠ᠎ᠶᠢᠨ ᠵᠣᠬᠢᠴᠠᠭᠤᠯᠭ᠎ᠠ᠎ᠪᠠᠨ ᠴᠢᠩᠭᠠᠳᠭᠠᠵᠤ᠂ ᠤᠷᠤᠰ ᠳᠤᠮᠳᠠᠳᠤ᠎ᠶᠢᠨ ᠬᠠᠷᠢᠯᠴᠠᠭᠠᠨ᠎ᠤ ᠲᠣᠭᠲᠠᠭᠠᠯᠲᠤ ᠴᠢᠨᠠᠷ᠂ ᠲᠣᠭᠲᠠᠭᠤᠨ ᠴᠢᠨᠠᠷ᠎ᠵᠢᠡᠷ ᠳᠡᠯᠡᠬᠡᠢ᠎ᠶᠢᠨ ᠡᠩᠬᠡ ᠲᠠᠢᠪᠤᠩ ᠬᠥᠭᠵᠢᠯ ᠴᠡᠴᠡᠭᠯᠡᠯ᠎ᠳᠦ ᠱᠢᠨ᠎ᠡ ᠬᠤᠪᠢ ᠨᠡᠮᠡᠷᠢ ᠦᠵᠡᠭᠦᠯᠬᠦ᠌᠎ᠶᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃

ᠬᠣᠶᠠᠷ ᠤᠯᠤᠰ ᠎ᠤᠨ ᠲᠡᠷᠢᠭᠦᠨ ᠪᠠᠰᠠ ᠦᠺᠷᠠᠢᠨ ᠎ᠤ ᠬᠢᠮᠤᠷᠠᠯ ᠵᠡᠷᠭᠡ ᠠᠰᠠᠭᠤᠳᠠᠯ᠎ᠤᠨ ᠲᠤᠬᠠᠶ ᠰᠠᠨᠠᠯ᠎ᠵᠢᠡᠨ ᠰᠣᠯᠢᠯᠴᠠᠪᠠ᠃

ᠼᠠᠢ ᠴᠢ᠂ ᠸᠠᠩ ᠢ ᠣᠷᠣᠯᠴᠠᠵᠠᠢ᠃

ᠰᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶᠢᠨ 20 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号