ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠨᠠᠶ᠋ᠮᠠᠳᠤᠭᠠᠷ ᠬᠤᠷᠠᠯ ᠡᠬᠢᠯᠡᠪᠡ
2026-05-21 10:21:37
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 20 ᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠨᠠᠶ᠋ᠮᠠᠳᠤᠭᠠᠷ ᠬᠤᠷᠠᠯ ᠡᠬᠢᠯᠡᠬᠰᠡᠨ ᠪᠦᠭᠡᠳ ᠠᠩᠬᠠᠳᠤᠭᠠᠷ ᠤᠳᠠᠭ᠎ᠠ᠎ᠶ᠋ᠢᠨ ᠪᠥᠬᠥᠳᠡ ᠬᠤᠷᠠᠯ ᠬᠢᠪᠠ᠃

ᠲᠤᠰ ᠤᠳᠠᠭ᠎ᠠ᠎ᠶ᠋ᠢᠨ ᠬᠤᠷᠠᠯ ᠎ᠳᠤ 58 ᠪᠦᠷᠢᠯᠳᠦᠬᠦᠨ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠵᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠳᠠᠢᠴᠢᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ ᠬᠤᠷᠠᠯ᠎ᠳᠤ ᠰᠤᠯᠠ ᠣᠷᠣᠯᠴᠠᠪᠠ᠃

ᠬᠤᠷᠠᠯ᠎ᠤᠨ ᠵᠥᠪᠯᠡᠬᠦ᠌ ᠵᠦᠶ᠋ᠯᠡᠰ᠎ᠢ ᠪᠠᠲᠤᠯᠠᠭ᠍ᠰᠠᠨ᠎ᠤ ᠳᠠᠷᠠᠭ᠎ᠠ᠂ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ ᠎ᠦᠨ ᠡᠷᠬᠢᠯᠡᠭ᠌ᠴᠢ ᠭᠡᠱᠢᠭᠦᠨ ᠰᠠᠷᠠᠨ᠎ᠤ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ ᠡᠯᠰᠡᠬᠦ᠌ ᠠᠵᠢᠯ᠎ᠤᠨ ᠲᠦᠷᠢᠮ (ᠵᠠᠰᠠᠪᠤᠷᠢ ᠣᠷᠣᠭᠤᠯᠤᠭ᠍ᠰᠠᠨ ᠲᠥᠰᠦᠯ)》 ᠢ᠋ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠵᠧᠩ ᠵᠢᠨ ᠴᠦᠨ᠎ᠦ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠯᠠᠨ ᠬᠠᠷ᠎ᠠ ᠠᠭᠤᠯᠠ᠎ᠶ᠋ᠢᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠲᠦᠷᠢᠮ(ᠵᠠᠰᠠᠪᠤᠷᠢ ᠣᠷᠣᠭᠤᠯᠤᠭ᠍ᠰᠠᠨ ᠲᠥᠰᠦᠯ)》 ᠢ᠋ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠵᠠᠩ ᠽᠦᠸᠧ ᠾᠧᠦ᠍᠎ᠶ᠋ᠢᠨ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠤ᠋ᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠵᠢᠨ ᠠᠭᠤᠷ ᠠᠮᠢᠰᠭᠤᠯ᠎ᠤᠨ ᠶᠠᠰᠤ ᠴᠢᠨᠠᠷ᠎ᠤᠨ ᠦᠨᠡᠯᠡᠯᠲᠡ᠎ᠶ᠋ᠢ ᠠᠬᠢᠭᠤᠯᠬᠤ ᠲᠦᠷᠢᠮ (ᠲᠥᠰᠦᠯ)》 ᠢ᠋ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠶ᠋ᠢ ᠰᠣᠨᠣᠰᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠳᠡᠳ᠋ ᠳᠠᠷᠤᠭ᠎ᠠ ᠵᠤᠤ ᠵᠢᠶᠠᠨ ᠨᠠᠨ᠎ᠤ ᠬᠢᠭ᠌ᠰᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ᠌ ᠦᠵᠡᠯ᠎ᠢ ᠡᠰᠡᠷᠭᠦᠴᠡᠬᠦ᠌ ᠬᠠᠤᠯᠢ〉 ᠵᠢ ᠬᠡᠷᠡᠭ᠌ᠵᠢᠭᠦᠯᠬᠦ᠌ ᠠᠷᠭ᠎ᠠ (ᠲᠥᠰᠦᠯ)》 ᠵᠢᠨ ᠲᠤᠬᠠᠢ ᠲᠣᠳᠣᠷᠬᠠᠢᠯᠠᠯᠲᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠨᠡᠢᠭᠡᠮ ᠤ᠋ᠨ ᠪᠦᠳᠦᠭᠡᠨ ᠪᠠᠢᠭᠤᠯᠤᠯᠳᠠ ᠵᠢᠨ ᠵᠦᠪᠯᠡᠯ ᠤ᠋ᠨ ᠳᠡᠳ᠋ ᠡᠷᠬᠢᠯᠡᠭ᠌ᠴᠢ ᠭᠡᠱᠢᠭᠦᠨ ᠯᠢ ᠶᠠᠨ ᠪᠢ᠎ᠶ᠋ᠢᠨ ᠬᠢᠭ᠌ᠰᠡᠨ  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠡᠮᠳᠡᠭ᠌ᠴᠦᠳ᠎ᠦᠨ ᠪᠠᠲᠤᠯᠠᠭ᠎ᠠ᠎ᠶ᠋ᠢᠨ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ  (ᠵᠠᠰᠠᠪᠤᠷᠢ ᠣᠷᠣᠭᠤᠯᠤᠭ᠍ᠰᠠᠨ ᠲᠥᠰᠦᠯ)》 ᠶ᠋ᠢᠨ ᠲᠤᠬᠠᠶ ᠲᠣᠳᠣᠷᠬᠠᠢᠯᠠᠯᠲᠠ; ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠳᠠᠷᠤᠭ᠎ᠠ ᠳ᠋ᠦ᠋ ᠬᠣᠶ ᠯᠢᠶᠠᠩ᠎ᠤᠨ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ 〈ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭ᠍ᠰᠢ᠎ᠶ᠋ᠢᠨ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ (ᠵᠠᠰᠠᠪᠤᠷᠢ ᠣᠷᠣᠭᠤᠯᠤᠬᠰᠠᠨ ᠲᠥᠰᠦᠯ)》 ᠶ᠋ᠢᠨ ᠲᠤᠬᠠᠶ ᠲᠣᠳᠣᠷᠬᠠᠢᠯᠠᠯᠲᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠠᠯᠪᠠᠨ ᠲᠢᠩᠬᠢᠮ᠎ᠦᠨ ᠡᠷᠬᠢᠯᠡᠭ᠌ᠴᠢ ᠭᠦᠸᠧ ᠱᠢᠨ᠎ᠦ ᠬᠢᠭ᠌ᠰᠡᠨ《ᠰᠤᠮᠤ ᠱᠢᠶᠠᠩ ᠪᠠᠯᠭᠠᠰᠤ᠂ ᠬᠣᠱᠢᠭᠤ ᠱᠢᠶᠠᠨ (ᠬᠣᠲᠠ᠂ ᠲᠣᠭᠣᠷᠢᠭ) ᠪᠣᠯᠤᠨ ᠲᠣᠭᠣᠷᠢᠭ᠎ᠪᠠᠢᠭᠤᠯᠤᠬᠰᠠᠨ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠴᠠᠭ ᠤ᠋ᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ (ᠲᠥᠰᠦᠯ)》᠂  《ᠬᠣᠱᠢᠭᠤ ᠱᠢᠶᠠᠨ (ᠬᠣᠲᠠ᠂ ᠲᠣᠭᠣᠷᠢᠭ) ᠎ᠤ᠋ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠪᠦᠷᠢᠯᠳᠦᠬᠦᠨ᠎ᠦ ᠲᠣᠭ᠎ᠠ᠎ᠶ᠋ᠢᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠲᠣᠭ᠍ᠲᠠᠭᠠᠯ (ᠲᠥᠰᠦᠯ)》᠂ 《ᠲᠣᠭᠣᠷᠢᠭ ᠪᠠᠢᠭᠤᠯᠤᠭ᠍ᠰᠠᠨ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠎ᠦ ᠲᠣᠭ᠎ᠠ ᠎ᠶ᠋ᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ (ᠲᠥᠰᠦᠯ)》 ᠤ᠋ᠨ ᠲᠣᠳᠣᠷᠬᠠᠢᠯᠠᠯᠲᠠ ᠵᠢ ᠰᠤᠨᠤᠰᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠹᠧᠩ ᠢᠦᠶ ᠵᠧᠨ᠎ᠦ ᠬᠢᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠎ᠢ ᠪᠥᠲᠥᠭᠡᠨ ᠪᠠᠢᠭᠤᠯᠬᠤ᠎ᠶ᠋ᠢ ᠠᠬᠢᠭᠤᠯᠬᠤ ᠲᠦᠷᠢᠮ》 ᠢ᠋ ᠬᠡᠷᠡᠭ᠌ᠵᠢᠭᠦᠯᠵᠦ ᠪᠠᠢᠭ᠎ᠠ ᠪᠠᠢᠳᠠᠯ ᠎ᠢ ᠪᠠᠢᠴᠠᠭᠠᠭ᠍ᠰᠠᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠡᠷᠡᠭᠦᠯ ᠬᠠᠮᠠᠭᠠᠯᠠᠯ᠎ᠤᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠤᠢ ᠬᠣᠩ ᡁᠢ᠎ᠶ᠋ᠢᠨ ᠬᠢᠭ᠌ᠰᠡᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠬᠠᠤᠯᠢ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮ ᠡᠮᠨᠡᠯᠭᠡ᠎ᠶ᠋ᠢᠨ ᠳᠦᠷᠢᠮ》 ᠢ᠋ ᠬᠡᠷᠡᠭ᠌ᠵᠢᠭᠦᠯᠵᠦ ᠪᠠᠢᠭ᠎ᠠ ᠪᠠᠢᠳᠠᠯ᠎ᠢ ᠪᠠᠢᠴᠠᠭᠠᠭ᠍ᠰᠠᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠳᠠᠷᠤᠭ᠎ᠠ ᠮᠥᠩᠬᠡ᠎ᠶ᠋ᠢᠨ ᠬᠢᠭ᠌ᠰᠡᠨ ᠠᠶᠤᠯ ᠲᠠᠶ ᠬᠢᠮᠢ᠎ᠶ᠋ᠢᠨ ᠪᠣᠳᠠᠰ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠠᠵᠢᠯ᠎ᠢ ᠴᠢᠩᠭᠠᠳᠭᠠᠭ᠍ᠰᠠᠨ ᠪᠠᠢᠳᠠᠯ᠎ᠤᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ ᠎ᠤ ᠣᠷᠣᠨ ᠨᠤᠲᠤᠭ᠎ᠤᠨ ᠮᠥᠩᠭᠥᠨ ᠭᠦᠶ᠋ᠯᠭᠡᠭᠡᠨ᠎ᠦ ᠬᠠᠮᠢᠶᠠᠷᠤᠯᠲᠠ᠎ᠶ᠋ᠢᠨ ᠲᠣᠪᠴᠢᠶ᠎ᠠ ᠵᠢᠨ ᠳᠠᠷᠤᠭ᠎ᠠ ᠯᠦᠸᠧ ᠶᠠᠨ ᠵᠢᠶᠦ᠋ᠨ᠎ᠦ ᠬᠢᠭ᠌ᠰᠡᠨ ᠲᠠᠷᠢᠶᠠᠯᠠᠩ᠎ᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠮᠥᠩᠭᠥᠨ ᠭᠦᠶ᠋ᠯᠭᠡᠭᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ ᠴᠢᠳᠠᠪᠬᠢ ᠵᠢ ᠳᠡᠭᠡᠭ᠌ᠰᠢᠯᠡᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ ᠎ᠤ ᠲᠢᠩᠬᠢᠮ᠎ᠦᠨ ᠳᠠᠷᠤᠭ᠎ᠠ ᠴᠢ ᠹᠸᠢ ᠶᠦᠨ᠎ᠤ ᠬᠢᠭ᠌ᠰᠡᠨ 2025 ᠣᠨ᠎ᠤ ᠣᠷᠴᠢᠨ ᠲᠣᠭᠣᠷᠢᠨ᠎ᠤ ᠪᠠᠢᠳᠠᠯ ᠪᠣᠯᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠭᠦᠸᠧ ᠱᠢᠨ᠎ᠦ ᠬᠢᠭ᠌ᠰᠡᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ ᠶ᠋ᠢ ᠰᠣᠨᠣᠰᠪᠠ᠃

ᠬᠤᠷᠠᠯ᠎ᠠᠴᠠ ᠪᠠᠰᠠ ᠬᠡᠰᠡᠭ ᠲᠣᠭᠣᠷᠢᠭ ᠪᠠᠢᠭᠤᠯᠤᠭ᠍ᠰᠠᠨ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠵᠥᠪᠱᠢᠶᠡᠷᠡᠭᠦᠯᠬᠦ᠌᠎ᠪᠡᠷ ᠳᠡᠪᠱᠢᠭᠦᠯᠦᠭ᠌ᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ ᠨᠢ ᠪᠠᠭᠤᠯᠭᠠᠬᠤ᠎ᠪᠠᠷ ᠳᠡᠪᠱᠢᠭᠦᠯᠦᠭ᠌ᠰᠡᠨ ᠬᠥᠮᠦᠰ᠎ᠦᠨ ᠪᠠᠢᠳᠠᠯ᠎ᠤᠨ ᠲᠤᠬᠠᠢ ᠲᠣᠳᠣᠷᠬᠠᠢᠯᠠᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠯᠪᠣᠭ᠍ᠳᠠᠯ ᠪᠦᠬᠦᠢ ᠲᠤᠰᠭᠠᠢ ᠵᠥᠪᠯᠡᠯ᠎ᠦᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠡᠴᠨ ᠬᠢᠨᠠᠨ ᠵᠥᠪᠯᠡᠭᠦᠯᠬᠦ᠌᠎ᠪᠡᠷ ᠲᠤᠱᠢᠶᠠᠭ᠍ᠰᠠᠨ 1 ᠡᠴᠡ 16 ᠳ᠋ᠤᠭᠠᠷ ᠲᠣᠭᠠᠲᠤ ᠰᠠᠨᠠᠯ ᠵᠥᠪᠯᠡᠯᠭᠡ᠎ᠶ᠋ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠲᠤᠰᠭᠠᠢ ᠵᠥᠪᠯᠡᠯ ᠎ᠦᠨ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠂ ᠪᠦᠬᠦ᠌ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠰᠡᠭ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠪᠠᠢᠭᠤᠯᠤᠮᠵᠢ ᠪᠠ ᠠᠢᠮᠠᠭ᠎ᠤᠨ ᠠᠵᠢᠯ᠎ᠤᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ᠂ ᠡᠯ᠎ᠡ ᠲᠣᠭᠣᠷᠢᠭ᠎ᠪᠠᠢᠭᠤᠯᠤᠬᠰᠠᠨ ᠬᠤᠳᠠ᠂ ᠮᠠᠨᠵᠤᠤᠷ ᠬᠤᠳᠠ᠂ ᠡᠷᠢᠶᠡᠨ ᠬᠤᠳᠠ ᠵᠢᠴᠢ ᠥᠪᠡᠷᠲᠡᠭᠡᠨ ᠵᠠᠰᠠᠬᠤ ᠬᠣᠱᠢᠭᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号