ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠵᠢᠯᠣᠭᠣᠳᠣᠯᠭ᠎ᠠ ᠬᠢᠭᠡᠳ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠤᠮᠳᠠᠳᠤ ᠤᠯᠤᠰ》 ᠦ᠋ᠨ ᠥᠪᠥᠷ ᠮᠣᠩᠭᠣᠯ᠎ᠤᠨ ᠬᠠᠮᠵᠢᠯᠴᠠᠨ ᠱᠢᠨ᠎ᠡ᠎ᠶ᠋ᠢ ᠡᠭᠦᠳᠬᠦ᠌ ᠶᠡᠷᠦᠩᠬᠡᠶ ᠬᠡᠯᠲᠡᠰ᠎ᠦᠨ ᠳᠡᠮᠵᠢᠯᠭᠡ ᠳᠤᠤᠷ᠎ᠠ ᠲᠦᠷᠦᠬᠦᠭᠡᠨ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠡᠴᠡ ᠠᠵᠤ ᠦᠶ᠋ᠯᠡᠰ ᠪᠠ ᠴᠢᠳᠠᠪᠤᠷᠢᠲᠠᠨ᠎ᠢ ᠨᠠᠷᠢᠯᠢᠭ ᠣᠨᠣᠴᠠᠳᠠᠢ ᠥᠨᠳᠥᠷ ᠪᠦᠲᠦᠮᠵᠢᠲᠡᠶ ᠪᠡᠷ ᠠᠭᠤᠰᠤᠯᠴᠠᠭᠤᠯᠤᠨ ᠵᠣᠯᠭᠠᠭᠤᠯᠬᠤ ᠬᠤᠷᠠᠯ᠎ᠢ ᠠᠮᠵᠢᠯᠲᠠ ᠲᠠᠶ ᠡᠷᠭᠢᠯᠡᠪᠡ᠃
ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠠᠵᠢᠯᠯᠠᠭ᠎ᠠ᠎ᠨᠢ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠧᠩ ᠨᠠᠶ ᠴᠠᠬᠢᠯᠭᠠᠨ ᠬᠡᠢ ᠵᠢᠨ ᠬᠤᠪᠢᠴᠠᠭᠠᠳᠤ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠰᠣᠯᠢᠯᠴᠠᠭ᠎ᠠ ᠬᠠᠮᠲᠤᠷᠠᠯᠴᠠᠭᠠᠨ᠎ᠤ ᠬᠥᠭᠥᠷᠭᠡ᠎ᠶ᠋ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠱᠢᠰᠲ᠋ᠧᠮ᠎ᠦᠨ 《ᠳᠥᠷᠪᠡᠨ ᠦᠶ᠋ᠯᠡᠴᠢᠯᠡᠭᠡ》 ᠶ᠋ᠢ ᠭᠦᠨᠵᠡᠭᠡᠢᠷᠡᠭᠦᠯᠵᠦ᠍᠂ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠠᠭᠤᠰᠤᠯᠴᠠᠯ᠎ᠢ ᠠᠬᠢᠭᠤᠯᠬᠤ ᠪᠠᠰᠠ ᠨᠢᠭᠡᠨ ᠪᠣᠳᠠᠲᠠᠶ ᠦᠶ᠋ᠯᠡᠳᠦᠯᠭᠡ ᠪᠤᠯᠵᠠᠢ᠃
ᠲᠤᠰ ᠤᠳᠠᠭᠠᠨ᠎ᠤ ᠬᠤᠷᠠᠯ᠎ᠨᠢ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠳᠤᠮᠳᠠᠬᠢ ᠵᠠᠩᠭᠢᠯᠠᠭ᠎ᠠ᠎ᠶ᠋ᠢᠨ ᠮᠡᠷᠭᠡᠵᠢᠯ ᠬᠢᠭᠡᠳ ᠴᠢᠳᠠᠪᠤᠷᠢᠲᠠᠨ᠎ᠤ ᠪᠣᠭᠣᠮᠢ᠎ᠶ᠋ᠢ ᠰᠢᠪᠳᠤᠯᠬᠤ ᠪᠠᠷ ᠵᠣᠷᠢᠯᠭ᠎ᠠ ᠪᠣᠯᠭᠠᠵᠤ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠡᠨᠧᠷᠭᠢ ᠬᠢᠭᠡᠳ ᠬᠥᠳᠡᠯᠭᠡᠬᠦ᠌ ᠬᠦᠴᠦᠨ᠎ᠦ ᠢᠨᠵᠧᠨᠧᠷᠢᠩ᠎ᠦᠨ ᠳᠡᠭᠡᠳᠦ ᠰᠤᠷᠭᠠᠭᠤᠯᠢ᠂ ᠮᠧᠬᠠᠨᠢᠭ᠎ᠤᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠬᠣᠶᠠᠷ ᠳ᠋ᠣᠺᠲ᠋ᠣᠷ ᠲᠤᠰᠭᠠᠶ ᠮᠡᠷᠭᠡᠵᠢᠯᠲᠡᠨ᠎ᠢ ᠤᠷᠢᠵᠤ ᠤᠷᠤᠯᠴᠠᠭᠤᠯᠪᠠ᠃ ᠬᠤᠷᠠᠯ ᠳᠡᠭᠡᠷ᠎ᠡ᠂ ᠠᠵᠤ ᠠᠬᠤᠢᠯᠠᠯ᠎ᠤᠨ ᠲᠠᠯ᠎ᠠ᠎ᠶ᠋ᠢᠨ᠎ᠬᠢᠨ ᠳ᠋ᠣᠺᠲ᠋ᠣᠷ ᠴᠢᠳᠠᠪᠤᠷᠢᠲᠠᠨ᠎ᠢ ᠤᠶᠠᠨ ᠬᠠᠲᠠᠨ᠎ᠢᠶᠠᠷ ᠣᠷᠣᠭᠤᠯᠤᠨ ᠠᠪᠴᠢᠷᠠᠬᠤ ᠵᠢᠴᠢ ᠮᠡᠷᠭᠡᠵᠢᠯ᠎ᠦᠨ ᠪᠣᠭᠣᠮᠲᠠ ᠱᠢᠪᠲᠤᠯᠬᠤ ᠲᠠᠯ᠎ᠠ᠎ᠶ᠋ᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠨ ᠲᠣᠳᠣᠷᠬᠠᠢᠯᠠᠪᠠ᠃ ᠡᠨᠧᠷᠭᠢ ᠬᠢᠭᠡᠳ ᠬᠥᠳᠡᠯᠭᠡᠭ᠌ᠴᠢ ᠬᠦᠴᠦᠨ᠎ᠦ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠯᠢ ᠶᠤᠸᠠᠨ ᠳ᠋ᠣᠺᠲ᠋ᠣᠷ ᠠᠵᠤ ᠠᠬᠤᠢᠯᠠᠯ᠎ᠤᠨ ᠠᠯᠤᠰ ᠬᠡᠲᠦ᠍᠎ᠶ᠋ᠢᠨ ᠬᠥᠭ᠌ᠵᠢᠯᠲᠡ᠎ᠶ᠋ᠢᠨ ᠱᠠᠭᠠᠷᠳᠠᠯᠭ᠎ᠠ ᠳ᠋ᠤ ᠵᠤᠬᠢᠴᠠᠭᠤᠯᠤᠨ ᠱᠢᠰᠲ᠋ᠧᠮ᠎ᠲᠡᠶ ᠪᠡᠷ ᠴᠢᠳᠠᠪᠤᠷᠢᠲᠠᠨ᠎ᠢ ᠬᠥᠮᠦᠵᠢᠭᠦᠯᠬᠦ᠌ ᠪᠠ ᠦᠶ᠋ᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ᠎ᠤ ᠲᠠᠯ᠎ᠠ ᠪᠡᠷ ᠬᠠᠮᠲᠤᠷᠠᠨ ᠠᠵᠢᠯᠯᠠᠬᠤ ᠰᠡᠳᠭᠢᠴᠡ ᠪᠡᠨ ᠲᠤᠷᠠᠳᠪᠠ; ᠮᠧᠬᠠᠨᠢᠭ᠎ᠤᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠮᠠᠱᠢᠨ ᠴᠠᠬᠢᠯᠭᠠᠨ᠎ᠤ ᠰᠠᠯᠪᠤᠷᠢ᠎ᠶ᠋ᠢᠨ ᠱᠢᠶᠤᠤ ᠸᠸᠨ ᠳ᠋ᠣᠺᠲ᠋ᠣᠷ ᠠᠵᠤ ᠠᠬᠤᠢᠯᠠᠯ᠎ᠤᠨ ᠳᠤᠷᠠᠳᠤᠭ᠍ᠰᠠᠨ ᠪᠣᠳᠠᠲᠠᠶ ᠮᠡᠷᠭᠡᠵᠢᠯ᠎ᠦᠨ ᠬᠦᠴᠢᠷ ᠠᠰᠠᠭᠤᠳᠠᠯ᠎ᠳᠤ ᠴᠢᠭ᠌ᠯᠡᠭᠦᠯᠦᠨ ᠲᠤᠰᠬᠠᠢ ᠮᠡᠷᠭᠡᠵᠢᠯ᠎ᠤᠨ ᠲᠠᠯ᠎ᠠ ᠡᠴᠡ ᠬᠡᠷᠡᠭ᠌ᠵᠢᠭᠦᠯᠵᠦ᠍ ᠪᠣᠯᠬᠤᠢᠴᠠ ᠰᠤᠳᠤᠯᠤᠨ ᠨᠡᠭᠡᠭᠡᠬᠦ᠌ ᠰᠡᠳᠭᠢᠴᠡ ᠪᠠ ᠰᠠᠨᠠᠭᠤᠯᠭ᠎ᠠ ᠬᠠᠩᠭᠠᠭ᠍ᠰᠠᠨ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠤᠯᠠᠨ ᠴᠢᠭ᠌ᠯᠡᠯ ᠵᠢᠡᠷ ᠠᠩᠬ᠎ᠠ ᠠᠯᠬᠤᠮ᠎ᠤᠨ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ ᠲᠠᠶ ᠪᠤᠯᠵᠤ᠂ ᠴᠢᠳᠠᠪᠤᠷᠢᠲᠠᠨ᠎ᠤ ᠡᠬᠢ ᠪᠠᠶᠠᠯᠢᠭ ᠪᠣᠯᠤᠨ ᠠᠵᠤ ᠦᠢᠯᠡᠰ᠎ᠦᠨ ᠬᠡᠷᠡᠭ᠌ᠴᠡᠭᠡ᠎ᠶ᠋ᠢ ᠣᠨᠣᠴᠠᠳᠠᠢ ᠵᠣᠬᠢᠴᠠᠭᠤᠯᠬᠤ᠎ᠶ᠋ᠢ ᠪᠡᠶᠡᠯᠡᠭᠦᠯᠪᠡ᠃