ᠠᠵᠤ ᠠᠬᠤᠢᠯᠠᠯ᠎ᠳᠤ 3721 ᠲᠦᠮᠡᠨ ᠲᠥᠭᠥᠷᠢᠭ᠎ᠦᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠪᠠᠯᠠ ᠮᠦᠡᠭᠬᠦ ᠲᠠᠷᠬᠠᠭᠠᠪᠠ
2026-05-21 16:35:12
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ᠡ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ ᠶ᠋ᠢᠡᠷ᠂ ᠡᠨᠡ ᠵᠢᠯ᠎ᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ᠂ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ ᠵᠢᠨᠷ  ᠭᠠᠷᠳᠠᠴᠠ ᠪᠣᠯᠭᠠᠵᠤ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠨ᠎ᠡ᠎ᠶ᠋ᠢ ᠡᠭᠦᠳᠦᠨ ᠨᠠᠢᠳᠠᠪᠤᠷᠢᠵᠢᠭᠤᠯᠵᠤ᠂ ᠲᠣᠮᠣ ᠳ᠋ᠠᠢᠲ᠋ᠠ᠎ᠳᠤ ᠲᠦᠱᠢᠭ᠌ᠯᠡᠨ ᠠᠵᠢᠯ ᠠᠯᠳᠠᠯᠲᠠ ᠎ᠶ᠋ᠢᠨ ᠳᠠᠭᠠᠳᠭᠠᠯ ᠎ᠤᠨ ᠰᠦᠶ᠋ᠳᠭᠡᠯ᠎ᠢ ᠪᠠᠭᠤᠷᠠᠭᠤᠯᠬᠤ ᠵᠡᠷᠭᠡ ᠲᠥᠷᠥ᠎ᠶ᠋ᠢᠨ ᠪᠣᠳᠣᠯᠭ᠎ᠠ ᠎ᠶ᠋ᠢ ᠭᠤᠶᠤᠴᠢᠯᠠᠨ ᠮᠡᠳᠡᠭᠦᠯᠵᠤ᠂ ᠪᠥᠬᠥ᠌ ᠠᠢᠮᠠᠭ᠎ᠲᠸ᠋ ᠨᠡᠢᠲᠡ 3721.27 ᠲᠦᠮᠡᠨ ᠲᠥᠭᠥᠷᠢᠭ ᠤ᠋ᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠪᠠᠯᠠ ᠮᠦᠡᠭᠬᠦ ᠲᠠᠷᠬᠠᠭᠠᠪᠠ᠃

ᠤᠢᠯᠠᠭᠠᠭᠰᠠᠨ ᠶ᠋ᠢᠡᠷ᠂ ᠰᠢᠯᠢ ᠵᠢᠨ ᠭᠤᠤᠯ ᠠᠢᠮᠠᠬ 《ᠠᠵᠤ ᠠᠬᠤᠢᠯᠠᠯ᠎ᠳᠤ ᠣᠷᠣᠵᠤ ᠠᠵᠢᠯ᠎ᠤᠨ ᠪᠠᠢᠷᠢ᠎ᠶ᠋ᠢ ᠬᠠᠢᠬᠤ》 ᠲᠤᠰᠭᠠᠶ ᠠᠵᠢᠯᠯᠠᠭ᠎ᠠ᠎ᠥᠷᠨᠢᠭᠦᠯᠵᠦ᠍᠂ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ ᠬᠢᠭᠡᠳ ᠠᠵᠢᠯ ᠡᠷᠢᠭ᠌ᠰᠡᠳ᠎ᠦᠨ ᠬᠠᠩᠭᠠᠯᠭ᠎ᠠ᠎ᠶ᠋ᠢᠨ ᠨᠠᠷᠢᠨ ᠬᠠᠭᠤᠳᠠᠰᠤ᠎ᠶ᠋ᠢ ᠪᠠᠢᠭᠤᠯᠵᠤ᠂ 4.8 ᠲᠦᠮᠡᠨ ᠵᠠᠬ᠎ᠠ ᠳᠡᠯᠭᠡᠭᠦᠷᠴᠢᠯᠡᠭ᠌ᠰᠡᠨ ᠠᠵᠢᠯ᠎ᠤᠨ ᠪᠠᠢᠷᠢ᠎ᠶ᠋ᠢ ᠴᠤᠭ᠍ᠯᠠᠭᠤᠯᠵᠠᠢ᠃ ᠲᠤᠰᠭᠠᠶ ᠲᠠᠯᠠᠪᠠᠶ ᠠᠵᠢᠯᠴᠢᠨ ᠤᠷᠢᠨ ᠡᠯᠰᠡᠬᠦ᠌᠂ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ᠂ ᠬᠦᠷᠢᠶᠡᠯᠡᠩ ᠲᠣᠭᠣᠷᠢᠭ᠎ᠢ ᠵᠣᠯᠭᠠᠭᠤᠯᠬᠤ ᠵᠡᠷᠭᠡ ᠬᠡᠯᠪᠡᠷᠢ᠎ᠪᠡᠷ 197 ᠲᠠᠯᠠᠪᠠᠶ ᠠᠵᠢᠯᠴᠢᠨ ᠤᠷᠢᠨ ᠡᠯᠰᠡᠬᠦ᠌ ᠠᠵᠢᠯᠯᠠᠭ᠎ᠠ ᠥᠷᠨᠢᠭᠦᠯᠵᠦ᠍᠂ ᠠᠵᠤ ᠠᠬᠤᠢᠯᠠᠯ᠎ᠤᠨ ᠠᠵᠢᠯᠴᠢᠨ ᠤᠷᠢᠨ ᠡᠯᠰᠡᠬᠦ᠌᠎ᠳᠦ ᠬᠦᠴᠢᠷᠲᠡᠶ᠂ ᠣᠯᠠᠨ ᠲᠦᠮᠡᠨ᠎ᠦ ᠠᠵᠢᠯ ᠤᠯᠬᠤ᠎ᠳᠤ ᠬᠦᠴᠢᠷᠲᠡᠶ ᠪᠠᠢᠬᠤ ᠠᠰᠠᠭᠤᠳᠠᠯ ᠎ᠢ ᠨᠠᠷᠢᠯᠢᠭ ᠤᠨᠤᠴᠠᠲᠠᠢ ᠱᠢᠶ᠋ᠳᠪᠦᠷᠢᠯᠡᠵᠠᠢ᠃ ᠲᠥᠷᠥ᠎ᠶ᠋ᠢᠨ ᠪᠣᠳᠣᠯᠭ᠎ᠠ ᠎ᠪᠠᠷ ᠳᠠᠷᠤᠭᠠᠰᠤ ᠎ᠶ᠋ᠢ ᠬᠥᠩᠭᠡᠷᠡᠭᠦᠯᠵᠦ᠍ ᠠᠵᠢᠯ᠎ᠤᠨ ᠪᠠᠢᠷᠢ᠎ᠶ᠋ᠢᠨ ᠬᠠᠩᠭᠠᠯᠭ᠎ᠠ᠎ᠶ᠋ᠢ ᠥᠷᠭᠡᠳᠭᠡᠨ᠂ ᠠᠵᠢᠯ ᠣᠯᠭᠣᠬᠤ ᠠᠷᠭ᠎ᠠ ᠵᠠᠮ᠎ᠢ ᠨᠠᠷᠢᠯᠢᠭ ᠤᠨᠤᠴᠠᠲᠠᠢ ᠵᠣᠯᠭᠠᠭᠤᠯᠬᠤ᠎ᠪᠠᠷ ᠳᠡᠮᠵᠢᠨ᠂ ᠪᠥᠬᠥ᠌ ᠠᠢᠮᠠᠭ᠎ᠤᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ ᠦᠨᠳᠦᠰᠦᠨ ᠪᠠᠢᠳᠠᠯ ᠎ᠢ ᠦᠷᠭᠦᠯᠵᠢᠯᠡᠨ ᠪᠡᠬᠢᠵᠢᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号