ᠡᠷᠢᠶᠡᠨ ᠬᠣᠲᠠ᠎ᠶ᠋ᠢᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠡᠷ ᠮᠣᠩᠭᠣᠯ ᠤᠯᠤᠰ᠎ᠤᠨ ᠠᠳᠤᠭᠤᠨ᠎ᠤ ᠠᠷᠠᠰᠤ ᠤᠷᠤᠭᠤᠯᠵᠦ ᠪᠤᠢ
2026-05-21 10:20:18
ᠵᠣᠬᠢᠶᠠᠭ᠍ᠴᠢ᠄
ᠪᠢᠯᠢᠭ᠌ᠪᠠᠭᠠᠲᠤᠷ
ᠣᠩᠱᠢᠭ᠍ᠰᠠᠨ ᠣᠳᠠᠭ᠎ᠠ᠄
★★★☆☆

ᠡᠨᠡ ᠵᠢᠯ᠎ᠡᠴᠡ ᠡᠷᠢᠶᠡᠨ ᠬᠣᠲᠠ᠎ᠶ᠋ᠢᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠡᠷ ᠨᠡᠢᠲᠡ 1628.89 ᠲᠣᠨ ᠮᠣᠩᠭᠣᠯ ᠤᠯᠤᠰ᠎ᠤᠨ ᠠᠳᠤᠭᠤᠨ᠎ᠤ ᠠᠷᠠᠰᠤ᠎ᠶ᠋ᠢ ᠤᠷᠤᠭᠤᠯᠤᠭᠠᠳ᠂ ᠤᠯᠤᠰ᠎ᠤᠨ ᠳᠣᠲᠣᠭᠠᠳᠤ᠎ᠶ᠋ᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠶ᠋ᠯᠡᠰ᠎ᠦᠨ ᠲᠦᠭᠦᠬᠡᠶ ᠮᠠᠲ᠋ᠧᠷᠢᠶᠠᠯ᠎ᠤᠨ ᠬᠡᠷᠡᠭ᠌ᠴᠡᠭᠡ᠎ᠶ᠋ᠢ ᠬᠠᠡᠭᠭᠠᠭᠰᠠᠨ᠎ᠢᠶᠠᠷ ᠪᠠᠷᠠᠬᠤ ᠥᠬᠡᠶ ᠪᠠᠰᠠ ᠳᠤᠮᠳᠠᠳᠤ ᠮᠣᠩᠭᠣᠯ ᠬᠣᠶᠠᠷ ᠤᠯᠤᠰ᠎ᠤᠨ ᠮᠠᠯ᠎ᠤᠨ ᠠᠱᠢᠭ ᠱᠢᠮ᠎ᠡ᠎ᠶ᠋ᠢᠨ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠡᠢ᠃

ᠣᠢᠯᠠᠭᠠᠭ᠍ᠰᠠᠨ᠎ᠢᠶᠠᠷ᠂ ᠡᠷᠢᠶᠡᠨ ᠬᠣᠲᠠ᠎ᠶ᠋ᠢᠨ ᠬᠢᠯᠢ᠎ᠶ᠋ᠢᠨ ᠪᠣᠭᠣᠮᠲᠠ᠎ᠪᠠᠷ ᠣᠷᠣᠭᠤᠯᠤᠭ᠍ᠰᠠᠨ ᠮᠣᠩᠭᠣᠯ ᠤᠯᠤᠰ᠎ᠤᠨ ᠠᠳᠤᠭᠤᠨ᠎ᠤ ᠠᠷᠠᠰᠤ᠎ᠶ᠋ᠢ ᠴᠥᠮ ᠮᠣᠩᠭᠣᠯ ᠤᠯᠤᠰ᠎ᠤᠨ ᠲᠣᠭ᠍ᠲᠠᠭᠠᠯ᠎ᠳᠤ ᠨᠡᠢᠴᠡᠭᠰᠡᠨ ᠠᠵᠤ ᠠᠬᠤᠢᠯᠠᠯ᠎ᠠᠴᠠ ᠣᠷᠣᠭᠤᠯᠵᠤ᠂ ᠬᠢᠵᠢᠭ᠎ᠤᠨ ᠪᠠᠢᠴᠠᠭᠠᠯᠳᠠ ᠵᠢ ᠦᠡᠭᠭᠡᠷᠡᠭᠦᠯᠦᠭᠰᠡᠨ᠎ᠤ ᠳᠠᠷᠠᠭ᠎ᠠ ᠤᠯᠤᠰ᠎ᠤᠨ ᠳᠣᠲᠣᠭᠠᠳᠤ᠎ᠶ᠋ᠢᠨ ᠲᠤᠰᠬᠠᠢ ᠡᠳ᠋ᠰᠢᠭᠦᠯᠦᠨ ᠪᠣᠯᠪᠠᠰᠤᠷᠠᠭᠤᠯᠬᠤ ᠦᠶ᠋ᠯᠡᠳᠪᠦᠷᠢ᠎ᠳᠦ ᠲᠡᠭᠡᠭᠡᠪᠦᠷᠢᠯᠡᠨ ᠬᠦᠷᠭᠡᠭᠡᠳ ᠨᠠᠷᠢᠯᠢᠭ ᠡᠳ᠋ᠱᠢᠭᠦᠯᠵᠦ ᠪᠤᠢ᠃

ᠠᠳᠤᠭᠤᠨ᠎ᠤ ᠠᠷᠠᠰᠤ ᠪᠣᠯ ᠢᠳᠡᠭᠡᠨ᠎ᠦ ᠪᠤᠰᠤ ᠠᠮᠢᠲᠤ ᠪᠤᠳᠠᠰ᠎ᠤᠨ ᠭᠠᠷᠤᠯᠳᠠ᠎ᠳᠤ ᠬᠠᠷᠢᠶᠠᠯᠠᠭ᠍ᠳᠠᠵᠤ᠂ ᠠᠷᠠᠰᠤᠨ ᠡᠳ᠋ᠯᠡᠯ᠂ ᠬᠤᠪᠴᠠᠰᠤ ᠵᠠᠰᠠᠯ ᠵᠡᠷᠭᠡ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠳᠦ ᠥᠷᠭᠡᠨ᠎ᠢᠶᠡᠷ ᠬᠡᠷᠡᠭ᠌ᠯᠡᠭ᠌ᠳᠡᠵᠦ᠍᠂ ᠮᠠᠨ᠎ᠤ ᠤᠯᠤᠰ᠎ᠤᠨ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠳᠤ ᠲᠤᠬᠢᠷᠠᠳᠠᠬ᠃ ᠡᠷᠢᠶᠡᠨ ᠬᠢᠯᠢ᠎ᠶ᠋ᠢᠨ ᠪᠣᠭᠣᠮᠲᠠ ᠳᠤᠮᠳᠠᠳᠤ ᠮᠣᠩᠭᠣᠯ᠎ᠤᠨ ᠬᠢᠯᠢ᠎ᠶ᠋ᠢᠨ ᠪᠦᠰᠡ ᠵᠢᠨ ᠣᠷᠣᠨ ᠪᠠᠢᠷᠢ᠎ᠶ᠋ᠢᠨ ᠳᠠᠪᠠᠭᠤᠯᠢᠭ ᠵᠢᠡᠨ ᠠᠰᠢᠬᠯᠠᠨ᠂ ᠣᠯᠠᠨ ᠵᠢᠯ᠎ᠦᠨ ᠲᠤᠷᠰᠢ ᠮᠣᠩᠭᠣᠯ ᠤᠯᠤᠰ᠎ᠤᠨ ᠠᠳᠤᠭᠤᠨ᠎ᠤ ᠠᠷᠠᠰᠤ᠎ᠶ᠋ᠢ ᠭᠠᠳᠠᠭᠠᠳᠤ᠎ᠠᠴᠠ ᠣᠷᠣᠭᠤᠯᠬᠤ ᠴᠢᠬᠤᠯᠠ ᠵᠠᠮ ᠪᠣᠯᠤᠭ᠍ᠰᠠᠭᠠᠷ ᠢᠷᠡᠭᠰᠡᠨ ᠶᠤᠮ᠃ ᠲᠤᠰ ᠤᠳᠠᠭ᠎ᠠ ᠶᠡᠬᠡ ᠬᠡᠮᠵᠢᠶ᠎ᠡ᠎ᠪᠡᠷ ᠤᠷᠤᠭᠤᠯᠤᠭᠰᠠᠨ ᠨᠢ ᠤᠯᠤᠰ᠎ᠤᠨ ᠳᠣᠲᠣᠭᠠᠳᠤ᠎ᠶ᠋ᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ᠎ᠤᠨ ᠲᠦᠭᠦᠬᠡᠶ ᠮᠠᠲ᠋ᠧᠷᠢᠶᠠᠯ᠎ᠤᠨ ᠳᠤᠲᠠᠭᠤᠳᠠᠯ᠎ᠢ ᠪᠦᠲᠦᠮᠵᠢᠲᠡᠶ ᠨᠥᠬᠥᠪᠥᠷᠢᠯᠡᠵᠦ᠍᠂ ᠠᠵᠤ ᠠᠬᠤᠢᠯᠠᠯ᠎ᠤᠨ ᠦᠶ᠋ᠯᠡᠳᠪᠦᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠬᠤ ᠪᠣᠯᠤᠨ᠎ᠠ᠃

ᠠᠳᠤᠭᠤᠨ᠎ᠤ ᠠᠷᠠᠰᠤ ᠵᠢ ᠢᠯᠭᠤᠮ ᠤᠷᠤᠭᠰᠢᠳᠠᠢ ᠪᠣᠭᠣᠮᠲᠠ ᠥᠩᠭᠡᠷᠡᠭᠦᠯᠬᠦ᠎ᠶ᠋ᠢᠨ ᠲᠥᠯᠥᠭᠡ᠂ ᠡᠷᠢᠶᠡᠨ ᠪᠣᠭᠣᠮᠲᠠ ᠬᠢᠯᠢ᠎ᠪᠡᠷ ᠣᠷᠣᠭᠤᠯᠬᠤ ᠢᠳᠡᠭᠡᠨ᠎ᠦ ᠪᠤᠰᠤ ᠠᠮᠢᠲᠠᠨ᠎ᠤ ᠠᠱᠢᠭ ᠱᠢᠮ᠎ᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠭᠠᠳᠠᠭᠠᠳᠤ᠎ᠠᠴᠠ ᠣᠷᠣᠭᠤᠯᠬᠤ ᠠᠵᠤ ᠠᠬᠤᠢᠯᠠᠯ᠎ᠢ ᠤᠷᠢᠳᠴᠢᠯᠠᠨ ᠵᠣᠯᠭᠠᠭᠤᠯᠵᠤ᠂ ᠲᠡᠭᠡᠭᠡᠪᠦᠷᠢᠯᠡᠬᠦ᠌ ᠲᠥᠯᠥᠪᠯᠡᠭᠡ᠂ ᠬᠠᠭᠤᠳᠠᠰᠤ ᠪᠠᠷᠢᠮᠲᠠ᠎ᠶ᠋ᠢᠨ ᠮᠡᠳᠡᠭᠡ ᠵᠠᠩᠭᠢ᠎ᠶ᠋ᠢ ᠬᠢᠨᠠᠨ ᠬᠠᠷᠭᠤᠭᠤᠯᠵᠤ᠂ ᠠᠵᠤ ᠠᠬᠤᠢᠯᠠᠯ᠎ᠢ ᠵᠢᠯᠣᠭᠣᠳᠤᠨ᠂ ᠬᠢᠯᠢ᠎ᠪᠡᠷ ᠣᠷᠣᠭᠤᠯᠬᠤ ᠠᠮᠢᠲᠠᠨ ᠤᠷᠭᠤᠮᠠᠯ᠎ᠤᠨ ᠬᠢᠵᠢᠭ᠎ᠢ ᠪᠠᠢᠴᠠᠭᠠᠵᠤ ᠬᠢᠨᠠᠨ ᠵᠥᠪᠱᠢᠶᠡᠷᠡᠬᠦ᠌ ᠵᠡᠷᠭᠡ ᠬᠠᠮᠢᠶ᠎ᠠ ᠪᠥᠬᠥᠶ ᠭᠠᠷᠳᠠᠮ᠎ᠢ ᠤᠷᠢᠳᠴᠢᠯᠠᠨ ᠭᠦᠶ᠋ᠴᠡᠳᠭᠡᠪᠡ᠃

ᠡᠷᠢᠶᠡᠨ ᠪᠣᠭᠣᠮᠲᠠ᠎ᠶ᠋ᠢᠨ ᠵᠠᠰᠠᠮᠠᠯ ᠵᠠᠮ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ ᠯᠢ ᠨᠢᠩ᠎ᠤᠨ ᠬᠡᠯᠡᠬᠦ᠌᠎ᠪᠡᠷ᠂ ᠭᠠᠳᠠᠭᠠᠳᠤ᠎ᠠᠴᠠ ᠣᠷᠣᠭᠤᠯᠬᠤ ᠣᠨᠴᠠᠭᠠᠶ ᠪᠠᠢᠳᠠᠯ᠎ᠳᠤ ᠴᠢᠭ᠌ᠯᠡᠭᠦᠯᠦᠨ᠂ ᠡᠷᠢᠶᠡᠨ ᠪᠣᠭᠣᠮᠲᠠ ᠲᠤᠰᠭᠠᠶ ᠪᠠᠢᠴᠠᠭᠠᠨ ᠱᠢᠯᠭᠠᠬᠤ ᠲᠥᠰᠦᠯ᠎ᠢ ᠤᠷᠢᠳᠴᠢᠯᠠᠨ ᠲᠣᠭ᠍ᠲᠠᠭᠠᠵᠤ᠂ ᠲᠤᠰᠭᠠᠶ ᠬᠥᠮᠦᠨ ᠲᠣᠬᠢᠷᠠᠭᠤᠯᠤᠨ ᠵᠣᠯᠭᠠᠭᠤᠯᠵᠤ᠂ ᠪᠣᠭᠣᠮᠲᠠ ᠥᠩᠭᠡᠷᠡᠬᠦ᠌ ᠪᠥᠬᠥ᠌ ᠶᠠᠪᠤᠴᠠ᠎ᠶ᠋ᠢ ᠱᠢᠯᠢᠳᠡᠭ᠌ᠵᠢᠭᠦᠯᠦᠨ᠂ ᠬᠢᠵᠢᠭ ᠪᠠᠢᠴᠠᠭᠠᠵᠤ ᠬᠢᠨᠠᠨ ᠬᠠᠮᠢᠶᠠᠷᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠠᠷᠠᠭᠠᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠭ᠍ᠰᠠᠨ ᠤᠷᠢᠲᠠᠯ ᠳᠤᠤᠷ᠎ᠠ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠶᠡᠬᠡ ᠪᠡᠷ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠴᠠᠭ ᠪᠠ ᠪᠠᠷᠠᠭᠠᠨ᠎ᠤ ᠭᠦᠶ᠋ᠯᠭᠡᠭᠡ᠎ᠶ᠋ᠢᠨ ᠥᠪᠡᠷ᠎ᠦᠨ ᠥᠷᠲᠡᠭ᠎ᠢ ᠠᠷᠪᠢᠯᠠᠨ ᠦᠭᠴᠦ᠂ ᠳᠤᠮᠳᠠᠳᠤ ᠮᠣᠩᠭᠣᠯ᠎ᠤᠨ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠦ ᠠᠷᠠᠯᠵᠢᠶᠠᠨ᠎ᠤ ᠤᠷᠤᠭ᠍ᠰᠢᠲᠠᠶ ᠶᠠᠪᠤᠭ᠍ᠳᠠᠬᠤ᠎ᠳᠤ ᠬᠦᠴᠦᠨ ᠨᠡᠮᠡᠷᠢᠯᠡᠭᠰᠡᠨ ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号