ᠡᠨᠡ ᠵᠢᠯ ᠮᠡᠳᠡᠭᠡ ᠵᠠᠩᠭᠢ ᠴᠢᠮᠡᠭᠡ ᠬᠣᠯᠪᠣᠭᠠᠨ᠎ᠤ ᠠᠵᠢᠯ ᠲᠥᠷᠥᠯ ᠠᠷᠪᠠᠨ ᠵᠦᠢᠯ᠎ᠦᠨ ᠪᠣᠳᠠᠲᠤ ᠶᠠᠪᠤᠳᠠᠯ᠎ᠢ ᠰᠠᠢᠲᠤᠷ ᠬᠢᠨ᠎ᠡ
2026-05-21 10:14:03
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠵᠧᠦ ᠶᠤᠸᠠᠨ ᠭᠤᠤ ᠺᠠᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 17 ᠎ᠤ᠋ ᠡᠳᠦᠷ ᠪᠣᠯ ᠳᠡᠯᠡᠬᠡᠢ᠎ᠶᠢᠨ ᠴᠠᠬᠢᠯᠭᠠᠨ ᠬᠣᠯᠪᠣᠭ᠎ᠠ ᠪᠠ ᠮᠡᠳᠡᠭᠡ ᠵᠠᠩᠭᠢ᠎ᠶᠢᠨ ᠨᠡᠢᠭᠡᠮ᠎ᠦᠨ ᠡᠳᠦᠷ ᠪᠣᠯᠣᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ ᠲᠤᠬᠠᠢ᠎ᠶᠢᠨ ᠡᠳᠦᠷ 《2026 ᠣᠨ᠎ᠤ ᠮᠡᠳᠡᠭᠡ ᠵᠠᠩᠭᠢ ᠴᠢᠮᠡᠭᠡ ᠬᠣᠯᠪᠣᠭᠠᠨ᠎ᠤ ᠰᠡᠳᠬᠢᠯ᠎ᠢ ᠳᠤᠯᠠᠭᠠᠴᠠᠭᠤᠯᠬᠤ ᠠᠷᠪᠠᠨ ᠵᠦᠢᠯ᠎ᠦᠨ ᠪᠣᠳᠠᠲᠤ ᠶᠠᠪᠤᠳᠠᠯ》 ᠢ᠋ ᠨᠡᠢᠲᠡᠯᠡᠵᠦ᠂ ᠣᠯᠠᠨ ᠲᠦᠮᠡᠨ᠎ᠦ ᠴᠠᠬᠢᠯᠭᠠᠨ ᠬᠣᠯᠪᠣᠭᠠᠨ᠎ᠤ ᠲᠤᠬᠠᠢᠯᠠᠭᠰᠠᠨ ᠠᠵᠢᠯ᠎ᠢ ᠭᠦᠢᠴᠡᠳᠬᠡᠬᠦ᠂ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ᠂ ᠦᠢᠮᠡᠭᠦᠯᠬᠦ᠎ᠶᠢ ᠰᠡᠷᠭᠡᠢᠯᠡᠬᠦ ᠦᠢᠯᠡᠴᠢᠯᠡᠭᠡ ᠵᠡᠷᠭᠡ ᠲᠠᠯ᠎ᠠ᠎ᠪᠠᠷ ᠬᠢ ᠬᠦᠰᠡᠯ ᠡᠷᠡᠮᠡᠯᠵᠡᠯ᠎ᠲᠠᠢ ᠨᠢᠭ᠍ᠲᠠ ᠤᠶᠠᠯᠳᠤᠭᠤᠯᠵᠤ᠂ ᠦᠢᠯᠡᠴᠢᠯᠡᠭᠡᠨ᠎ᠦ ᠬᠠᠩᠭᠠᠯᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠤ᠂ ᠲᠥᠬᠥᠮ ᠳᠥᠲᠡ ᠪᠤᠯᠭᠠᠨ ᠰᠡᠳᠬᠢᠯ᠎ᠢ ᠳᠤᠯᠠᠭᠠᠴᠠᠭᠤᠯᠬᠤ ᠵᠢ ᠠᠬᠢᠭᠤᠯᠪᠠ᠃

《ᠠᠷᠪᠠᠨ ᠵᠦᠢᠯ᠎ᠦᠨ ᠪᠣᠳᠠᠲᠤ ᠶᠠᠪᠤᠳᠠᠯ》 ᠳ᠋ᠤ ᠭᠣᠣᠯᠳᠠᠭᠤ ᠵᠠᠷᠤᠳᠠᠯ ᠰᠦᠢᠳᠬᠡᠯ᠎ᠢ ᠢᠯᠡ ᠨᠡᠢᠲᠡᠯᠡᠬᠦ ᠬᠦᠴᠦᠨ ᠵᠦᠢᠯ᠎ᠦᠨ ᠪᠦᠷᠢᠨ ᠭᠦᠢᠴᠡᠳ ᠪᠠᠢᠬᠤ᠎ᠶᠢ ᠦᠨᠡᠨ ᠬᠦ᠌ ᠪᠠᠲᠤᠯᠠᠵᠤ᠂ ᠴᠠᠬᠢᠯᠭᠠᠨ ᠬᠣᠯᠪᠣᠭᠠᠨ᠎ᠤ ᠵᠠᠷᠤᠳᠠᠯ ᠰᠦᠢᠳᠬᠡᠯ᠎ᠢ ᠢᠯᠡ ᠨᠡᠢᠲᠡᠯᠡᠬᠦ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠎ᠡ; ᠦᠢᠯᠡᠳᠬᠦᠨ᠎ᠦ ᠳᠦᠷᠢᠮ᠎ᠢ ᠰᠢᠯᠢᠳᠡᠭᠵᠢᠭᠦᠯᠵᠦ᠂ ᠰᠦᠢᠳᠬᠡᠯ᠎ᠦᠨ ᠲᠥᠰᠥᠯ᠎ᠢ ᠴᠣᠮᠬᠠᠳᠬᠠᠨ᠎ᠠ; ᠦᠢᠯᠡᠴᠢᠯᠡᠭᠡᠨ᠎ᠦ ᠲᠥᠬᠥᠮ ᠦᠵᠡᠭᠦᠯᠬᠦ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠵᠦ᠂ ᠠᠯᠪᠠᠨ᠎ᠤ ᠲᠠᠯ᠎ᠠ᠎ᠶᠢᠨ App᠎ᠵᠢᠨ ᠢᠯᠡᠷᠬᠡᠢ ᠪᠠᠢᠷᠢᠨ᠎ᠳᠤ ᠵᠠᠷᠤᠳᠠᠯ᠎ᠤᠨ ᠲᠥᠰᠥᠯ᠎ᠢ ᠭᠦᠢᠴᠡᠳᠬᠡᠬᠦ ᠡᠭᠦᠳᠡ ᠬᠠᠩᠭᠠᠵᠤ᠂ ᠠᠯᠪᠠᠨ᠎ᠤ ᠲᠠᠯ᠎ᠠ᠎ᠶᠢᠨ App᠂ ᠰᠦᠯᠵᠢᠶᠡᠨ ᠳᠡᠭᠡᠷᠡᠬᠢ ᠡᠵᠡᠩᠨᠡᠯᠲᠡ᠎ᠶᠢᠨ ᠲᠢᠩᠬᠢᠮ᠎ᠦᠨ ᠨᠠᠰᠤᠲᠠᠢᠴᠤᠳ᠎ᠲᠤ ᠲᠣᠬᠢᠷᠠᠬᠤ ᠦᠢᠯᠡᠴᠢᠯᠡᠭᠡ᠎ᠶᠢ ᠰᠢᠯᠢᠳᠡᠭᠵᠢᠭᠦᠯᠦᠨ᠎ᠡ; ᠠᠷᠭ᠎ᠠ ᠵᠠᠮ᠎ᠤᠨ ᠬᠠᠮᠢᠶᠠᠷᠤᠯᠲᠠ᠎ᠶᠢ ᠵᠢᠷᠤᠮᠵᠢᠭᠤᠯᠵᠤ᠂ ᠵᠦᠢ ᠶᠣᠰᠣᠨ᠎ᠤ ᠰᠢᠯᠲᠠᠭᠠᠨ ᠦᠭᠡᠢ᠎ᠪᠡᠷ ᠬᠡᠷᠡᠭᠯᠡᠭᠴᠢ᠎ᠶᠢᠨ ᠭᠦᠢᠴᠡᠳᠬᠡᠬᠦ᠂ ᠦᠢᠯᠡᠴᠢᠯᠡᠭᠡ ᠪᠡᠨ ᠬᠤᠪᠢᠷᠠᠭᠤᠯᠬᠤ ᠵᠢ ᠬᠢᠵᠠᠭᠠᠷᠯᠠᠵᠤ ᠪᠣᠯᠬᠤ ᠦᠭᠡᠢ ᠪᠠ ᠢᠯᠭᠠᠭ᠎ᠠ᠎ᠲᠠᠢ ᠬᠠᠨᠳᠤᠵᠤ ᠪᠤᠯᠬᠤ ᠦᠭᠡᠢ; ᠦᠢᠯᠡᠴᠢᠯᠡᠭᠡ ᠵᠢᠨ ᠭᠦᠢᠴᠡᠳᠬᠡᠯ᠎ᠦᠨ《ᠬᠣᠶᠠᠳᠠᠭᠢ ᠤᠳᠠᠭ᠎ᠠ ᠨᠤᠲᠠᠯᠠᠬᠤ》 ᠶ᠋ᠢ ᠭᠦᠨᠵᠡᠭᠡᠢᠷᠡᠭᠦᠯᠦᠨ᠎ᠡ᠃

ᠡᠭᠦᠨ᠎ᠡᠴᠡ ᠭᠠᠳᠠᠨ᠎ᠠ᠂ ᠬᠡᠷᠡᠭᠯᠡᠭᠴᠢᠳ᠎ᠤᠨ ᠦᠢᠯᠡᠴᠢᠯᠡᠭᠡᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠴᠢᠩᠭᠠᠳᠬᠠᠵᠤ᠂ ᠬᠥᠮᠥᠨ᠎ᠦ ᠬᠦᠴᠦᠨ᠎ᠦ ᠦᠢᠯᠡᠴᠢᠯᠡᠭᠡᠨ᠎ᠦ ᠤᠲᠠᠰᠦ ᠨᠡᠪᠳᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ; ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠲᠦᠪᠰᠢᠨ᠎ᠢ ᠳᠡᠭᠡᠭᠰᠢᠯᠡᠭᠦᠯᠵᠦ᠂ ᠰᠢᠯᠵᠢᠮᠡᠯ ᠣᠶᠤᠨᠲᠤ ᠦᠵᠦᠭᠦᠷᠯᠢᠭ᠎ᠤᠨ ᠡᠷᠬᠡ᠎ᠶᠢᠨ ᠬᠢᠵᠠᠭᠠᠷ᠎ᠢ ᠲᠣᠬᠢᠷᠠᠭᠤᠯᠤᠨ ᠬᠠᠮᠢᠶᠠᠷᠬᠤ ᠵᠡᠷᠭᠡ ᠴᠢᠬᠤᠯᠠ ᠪᠦᠬᠦᠢ ᠴᠢᠳᠠᠮᠵᠢ᠎ᠶᠢ ᠲᠡᠭᠦᠯᠳᠡᠷᠵᠢᠭᠦᠯᠦᠨ᠎ᠡ; ᠦᠢᠮᠡᠭᠦᠯᠬᠦ᠎ᠶᠢ ᠶᠡᠷᠦᠩᠬᠡᠢᠯᠡᠨ ᠰᠡᠷᠭᠡᠢᠯᠡᠬᠦ ᠦᠢᠯᠡᠴᠢᠯᠡᠭᠡᠨ᠎ᠦ ᠲᠣᠭᠲᠡᠴᠡ᠎ᠶᠢ ᠪᠦᠷᠢᠨᠰᠢᠭᠦᠯᠵᠦ᠂ ᠬᠡᠷᠡᠭᠯᠡᠭᠴᠢᠳ᠎ᠦᠨ《ᠤᠲᠠᠰᠤ ᠴᠢᠮᠡᠭᠡ ᠢᠷᠡᠬᠦ᠎ᠳᠦ ᠦᠢᠮᠡᠭᠦᠯᠬᠦ ᠦᠭᠡᠢ》ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠦᠨ᠎ᠡ; 《ᠬᠣᠶᠠᠳᠠᠭᠢ ᠳ᠋ᠤᠭᠠᠷ᠎ᠢ ᠰᠢᠨᠡᠳᠬᠡᠬᠦ》 ᠦᠢᠯᠡᠴᠢᠯᠡᠭᠡᠨ᠎ᠦ ᠬᠡᠪᠴᠢᠶ᠎ᠡ᠎ᠶᠢ ᠥᠷᠭᠡᠳᠬᠡᠵᠦ᠂ ᠰᠠᠭᠤᠷᠢ ᠴᠠᠬᠢᠯᠭᠠᠨ ᠬᠣᠯᠪᠣᠭᠠᠨ᠎ᠤ ᠠᠵᠤ ᠠᠬᠤᠢᠯᠠᠯ ᠨᠢ ᠬᠡᠷᠡᠭᠯᠡᠭᠴᠢ᠎ᠳᠦ ᠰᠢᠨ᠎ᠡ᠎ᠳᠤᠭᠠᠷ ᠳᠠᠨᠭᠰᠠᠯᠠᠬᠤ᠎ᠳᠠᠭᠠᠨ 《ᠬᠣᠶᠠᠳᠠᠭᠢ ᠳ᠋ᠤᠭᠠᠷ》 ᠮᠥᠨ ᠡᠰᠡᠬᠦ᠎ᠶᠢ ᠲᠣᠳᠣᠷᠬᠠᠢ ᠮᠡᠳᠡᠭᠳᠡᠨ᠎ᠡ; ᠪᠠᠴᠢᠮ ᠪᠠᠢᠳᠠᠯ᠎ᠢ ᠠᠷᠭᠠᠴᠡᠭᠠᠬᠤ ᠴᠢᠮᠡᠭᠡ ᠬᠣᠯᠪᠣᠭᠠᠨ᠎ᠤ ᠪᠠᠲᠤᠯᠠᠭ᠎ᠠ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠣᠯᠠᠨ ᠨᠡᠶ᠋ᠢᠲᠡ᠎ᠶᠢᠨ ᠰᠡᠷᠡᠮᠵᠢᠯᠡᠭᠦᠯᠤᠯ᠎ᠤᠨ ᠣᠬᠣᠷ ᠮᠡᠳᠡᠭᠡ᠎ᠶᠢ ᠴᠠᠭ ᠲᠤᠬᠠᠢ᠎ᠳᠤᠨᠢ ᠢᠯᠡᠭᠡᠬᠦ ᠵᠡᠷᠭᠡ ᠪᠠᠭᠳᠠᠨ᠎ᠠ᠃

ᠣᠢᠯᠠᠭᠠᠭᠰᠠᠨ᠎ᠢᠶᠠᠷ᠂ 《ᠠᠷᠪᠠᠨ ᠵᠦᠢᠯ᠎ᠦᠨ ᠪᠣᠳᠠᠲᠤ ᠶᠠᠪᠤᠳᠠᠯ》 ᠢ᠋ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠵᠢᠯᠣᠭᠣᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠮᠡᠳᠡᠭᠡ ᠬᠣᠯᠪᠣᠭᠠᠨ᠎ᠤ ᠠᠵᠤ ᠠᠬᠤᠢᠯᠠᠯ᠎ᠤᠨ ᠨᠡᠢᠭᠡᠮᠯᠢᠭ᠂ ᠳᠤᠮᠳᠠᠳᠤ ᠤᠯᠤᠰ᠎ᠤᠨ ᠢᠨᠲᠧᠷ ᠰᠦᠯᠵᠢᠶᠡᠨ᠎ᠦ ᠨᠡᠢᠭᠡᠮᠯᠢᠭ᠎ᠦᠨ ᠵᠣᠬᠢᠶᠠᠨ ᠪᠠᠢᠭᠤᠯᠤᠯᠲᠠ᠎ᠶᠢᠨ ᠰᠠᠭᠤᠷᠢ ᠴᠠᠬᠢᠯᠭᠠᠨ ᠬᠣᠯᠪᠣᠭᠠᠨ᠎ᠤ ᠠᠵᠤ ᠠᠬᠤᠢᠯᠠᠯ ᠪᠠ ᠬᠣᠯᠪᠣᠭᠳᠠᠯ ᠪᠦᠬᠦᠢ ᠦᠵᠦᠭᠦᠷᠯᠢᠭ᠂ ᠢᠨᠲᠧᠷ ᠰᠦᠯᠵᠢᠶᠡᠨ᠎ᠦ ᠠᠵᠤ ᠠᠬᠤᠢᠯᠠᠯ ᠬᠠᠮᠲᠤ᠎ᠪᠠᠷ ᠳᠤᠷᠠᠳᠤᠨ ᠭᠠᠷᠭᠠᠭᠰᠠᠨ ᠪᠥᠭᠡᠳ ᠬᠤᠪᠧᠢ ᠵᠢᠨ ᠦᠬᠠᠨ᠎ᠳᠤ ᠬᠤᠷᠠᠯᠳᠤᠭᠤᠯᠤᠭᠰᠠᠨ 2026 ᠳᠡᠯᠡᠬᠡᠢ᠎ᠶᠢᠨ ᠴᠠᠬᠢᠯᠭᠠᠨ ᠬᠣᠯᠪᠣᠭ᠎ᠠ ᠪᠠ ᠮᠡᠳᠡᠭᠡ ᠵᠠᠩᠭᠢ᠎ᠶᠢᠨ ᠨᠡᠢᠭᠡᠮ᠎ᠦᠨ ᠡᠳᠦᠷ᠎ᠦᠨ ᠶᠡᠬᠡ ᠬᠤᠷᠠᠯ ᠳᠡᠭᠡᠷ᠎ᠡ ᠠᠯᠪᠠᠨ ᠶᠣᠰᠣᠭᠠᠷ ᠨᠡᠢᠲᠡᠯᠡᠭᠰᠡᠨ ᠪᠠᠢᠨ᠎ᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号