ᠬᠦᠬᠡᠬᠤᠳᠠ ᠵᠠᠯᠠᠭᠤᠴᠤᠳ᠎ᠤᠨ ᠠᠵᠢᠯ ᠡᠷᠢᠵᠦ ᠦᠢᠯᠡᠰ ᠪᠤᠰᠬᠠᠬᠤ ᠳ᠋ᠤ ᠠᠮᠤᠷ ᠠᠮᠤᠭᠤᠯᠠᠩ ᠣᠷᠣᠨ ᠰᠠᠭᠤᠴᠠ᠎ᠶ᠋ᠢᠨ ᠪᠠᠲᠤᠯᠠᠭ᠎ᠠ ᠬᠠᠩᠭᠠᠵᠤ ᠪᠠᠢᠨ᠎ᠠ
2026-05-21 10:12:31
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠠᠵᠢᠯ ᠡᠷᠢᠬᠦ᠌᠂ ᠠᠵᠢᠯ ᠤᠯᠬᠤ᠂ ᠦᠶ᠋ᠯᠡᠰ ᠪᠤᠰᠬᠠᠬᠤ ᠳ᠋ᠤ ᠣᠷᠣᠨ ᠰᠠᠭᠤᠴᠠ᠎ᠶ᠋ᠢᠨ ᠪᠡᠷᠬᠡ ᠰᠡᠳᠦᠪ᠎ᠢ ᠬᠡᠷᠬᠢᠨ ᠱᠢᠶ᠋ᠳᠪᠦᠷᠢᠯᠡᠵᠦ ᠦᠭᠬᠦ᠌ ᠪᠣᠶ? ᠬᠥᠬᠡᠬᠣᠲᠠ ᠵᠠᠯᠠᠭᠤᠴᠤᠳ᠎ᠤᠨ ᠣᠷᠣᠨ ᠰᠠᠭᠤᠴᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠨᠢᠭᠡ ᠣᠷᠣ᠂ ᠨᠢᠭᠡ ᠲᠠᠰᠤᠯᠭ᠎ᠠ ᠦᠷᠦᠭᠡ᠂ ᠨᠢᠭᠡ ᠢᠵᠢ ᠬᠡᠷ》 ᠣᠯᠠᠨ ᠲᠠᠰ ᠳᠠᠪᠬᠤᠷᠭ᠎ᠠ᠎ᠶ᠋ᠢᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠬᠥᠬᠡᠬᠣᠲᠠ᠎ᠳᠤ ᠦᠯᠡᠳᠡᠭ᠌ᠰᠡᠨ ᠵᠠᠯᠠᠭᠤᠴᠤᠳ᠎ᠲᠤ 《ᠰᠠᠭᠤᠬᠤ᠎ᠠᠴᠠ ᠣᠷᠣᠨ ᠰᠠᠭᠤᠴᠠ᠎ᠲᠠᠶ᠂ ᠰᠠᠭᠤᠬᠤ ᠳ᠋ᠤ ᠠᠮᠤᠷ ᠠᠮᠤᠭᠤᠯᠠᠩ》 ᠨᠦᠬᠦᠴᠡᠯ᠎ᠢ ᠪᠦᠷᠢᠯᠳᠦᠬᠦᠯᠦᠨ ᠦᠭᠴᠦ ᠪᠠᠢᠨ᠎ᠠ᠃

《ᠪᠠᠭᠤᠳᠠᠯ ᠲᠠᠭᠠᠯᠠᠮᠵᠢᠲᠠᠶ ᠮᠥᠷᠲᠡᠭᠡᠨ ᠴᠡᠪᠡᠷᠭᠡᠨ᠂ ᠰᠠᠨᠠᠭ᠍ᠰᠠᠨ᠎ᠠᠴᠠ ᠬᠣᠯᠠ ᠰᠠᠢᠨ! ᠡᠨᠡ ᠤᠳᠠᠭ᠎ᠠ ᠬᠥᠬᠡᠬᠣᠲᠠ᠎ᠳᠤ ᠠᠵᠢᠯ ᠡᠷᠢᠬᠦ᠌᠎ᠳᠡᠭᠡᠨ ᠬᠣᠨᠣᠭ᠎ᠤᠨ ᠲᠥᠯᠥᠭᠡ ᠰᠠᠨᠠᠭ᠎ᠠ ᠵᠣᠪᠠᠬᠤ ᠴᠢᠬᠤᠯᠠ ᠥᠬᠡᠶ ᠪᠤᠯᠵᠠᠢ᠂ ᠪᠢᠳᠡ ᠣᠯᠠᠨ ᠭᠠᠵᠠᠷ  ᠵᠢᠡᠷ ᠲᠣᠪᠴᠢ ᠨᠠᠮᠲᠠᠷ᠎ᠢᠶᠠᠨ ᠥᠭ᠌ᠴᠦ᠂ ᠨᠢᠭᠡ ᠬᠤᠪᠢ ᠬᠠᠨᠤᠮᠵᠢᠲᠠᠶ ᠠᠵᠢᠯ ᠤᠯᠬᠤ᠎ᠶ᠋ᠢ ᠬᠦᠰᠡᠵᠦ᠍ ᠪᠠᠢᠨ᠎ᠠ》 ᠬᠡᠵᠦ ᠤᠯᠠᠭᠠᠨᠴᠠᠪ ᠬᠤᠳᠠ᠎ᠠᠴᠠ ᠬᠦᠬᠡᠬᠤᠳᠠ ᠳ᠋ᠤ ᠠᠵᠢᠯ ᠡᠷᠢᠬᠦ ᠪᠡᠷ ᠢᠷᠡᠭ᠌ᠰᠡᠨ ᠬᠣᠶᠠᠷ ᠵᠠᠯᠠᠭᠤ ᠱᠢᠨ᠎ᠡ ᠬᠤᠳᠠ ᠲᠣᠭᠣᠷᠢᠭ᠎ᠤᠨ 《ᠵᠠᠯᠠᠭᠤᠴᠤᠳ᠎ᠤᠨ ᠤᠯᠠᠭ᠎ᠠ ᠦᠷᠳᠡᠭᠡ》 ᠵᠢᠨ ᠲᠦᠷᠦᠯ ᠵᠦᠢᠯ᠎ᠦᠨ ᠪᠠᠭᠤᠳᠠᠯ᠎ᠢ ᠮᠠᠭ᠍ᠲᠠᠨ ᠰᠠᠢᠱᠢᠶᠠᠵᠤ ᠪᠠᠢᠯ᠎ᠠ᠃

《ᠵᠠᠯᠠᠭᠤᠴᠤᠳ᠎ᠤᠨ ᠤᠯᠠᠭ᠎ᠠ ᠦᠷᠳᠡᠭᠡ》 ᠪᠣᠯ ᠬᠥᠬᠡᠬᠣᠲᠠ᠎ᠶ᠋ᠢᠨ  ᠠᠵᠢᠯ ᠡᠷᠢᠬᠦ᠌᠂ ᠦᠶ᠋ᠯᠡᠰ ᠪᠤᠰᠬᠠᠬᠤ᠎ᠪᠠᠷ ᠢᠷᠡᠭ᠌ᠰᠡᠨ ᠵᠠᠯᠠᠭᠤᠴᠤᠳ ᠲᠸ᠋ ᠵᠤᠷᠢᠭᠤᠯᠤᠭᠰᠠᠨ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ ᠪᠣᠯᠤᠨ᠎ᠠ᠂ ᠣᠳᠣᠬᠠᠨ᠎ᠳᠤ ᠨᠢᠭᠡᠨᠲᠡ 10 ᠥᠷᠲᠡᠭᠡ ᠴᠡᠭ᠎ᠢ ᠰᠦᠯᠵᠢᠶᠡᠨ᠎ᠳᠦ ᠭᠠᠷᠭᠠᠵᠤ᠂ ᠰᠦᠶ᠋ᠳᠭᠡᠯ ᠬᠤᠷᠢᠶᠠᠬᠤ ᠥᠬᠡᠶ ᠪᠡᠷ 200 ᠣᠷᠣ ᠪᠠ 5 ᠡᠳᠦᠷ᠎ᠦᠨ ᠰᠦᠶ᠋ᠳᠭᠡᠯ ᠬᠤᠷᠢᠶᠠᠬᠤ ᠥᠬᠡᠶ ᠬᠣᠨᠣᠭ ᠬᠠᠩᠭᠠᠵᠤ᠂ ᠠᠵᠢᠯ ᠣᠯᠭᠣᠯᠲᠠ᠎ᠶ᠋ᠢᠨ ᠵᠢᠯᠣᠭᠣᠳᠣᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠯᠲᠠ᠂ ᠨᠡᠢᠭᠡᠮ᠎ᠦᠨ ᠠᠭᠤᠰᠤᠯᠴᠠᠯ ᠵᠡᠷᠭᠡ ᠠᠵᠢᠯ ᠣᠯᠭᠣᠯᠲᠠ᠎ᠶ᠋ᠢᠨ ᠦᠶ᠋ᠯᠡᠴᠢᠯᠡᠭᠡ᠎ᠶ᠋ᠢ ᠢᠵᠢ ᠪᠥᠷᠢᠳᠦᠭᠦᠯᠦᠨ ᠬᠠᠩᠭᠠᠵᠤ᠂ ᠨᠢᠭᠡᠨᠲᠡ 1452 ᠬᠥᠮᠦᠨ ᠤᠳᠠᠭ᠎ᠠ᠎ᠳᠤ ᠦᠶ᠋ᠯᠡᠴᠢᠯᠡᠵᠦ᠍᠂ ᠵᠠᠯᠠᠭᠤᠴᠤᠳ᠎ᠤᠨ ᠠᠵᠢᠯ ᠡᠷᠢᠵᠦ᠍ ᠬᠥᠯ ᠲᠣᠭ᠍ᠲᠠᠬᠤ ᠪᠠᠴᠢᠮ ᠪᠠᠢᠳᠠᠯ᠎ᠢ ᠱᠢᠶ᠋ᠳᠪᠦᠷᠢᠯᠡᠪᠡ᠃

ᠡᠨᠡ ᠬᠦ᠌ ᠰᠠᠭᠤᠷᠢᠨ ᠳᠡᠭᠡᠷ᠎ᠡ᠂ ᠬᠥᠬᠡᠬᠣᠲᠠ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ  ᠪᠣᠭᠣᠮᠲᠠ᠎ᠶ᠋ᠢ ᠤᠷᠤᠭ᠍ᠰᠢ ᠱᠢᠯᠵᠢᠭᠦᠯᠬᠦ᠌᠎ᠶ᠋ᠢ ᠶᠡᠬᠡ᠎ᠪᠡᠷ ᠠᠬᠢᠭᠤᠯᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ 6 ᠶᠡᠬᠡ ᠳᠡᠭᠡᠳᠦ ᠰᠤᠷᠭᠠᠭᠤᠯᠢ ᠲᠠᠶ ᠬᠠᠮᠲᠤᠷᠠᠨ ᠲᠡᠭᠦᠰᠭᠦ ᠤᠶᠤᠲᠠᠳ᠎ᠤᠨ ᠬᠥᠬᠡᠬᠣᠲᠠ᠎ᠳᠤ ᠦᠯᠡᠳᠡᠵᠦ᠍ ᠠᠵᠢᠯ ᠤᠯᠬᠤ ᠦᠶ᠋ᠯᠡᠴᠢᠯᠡᠭᠡᠨ᠎ᠦ ᠥᠷᠲᠡᠭᠡ ᠵᠢ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠥᠭ᠌ᠬᠦ᠂ ᠠᠵᠢᠯ᠎ᠤᠨ ᠪᠠᠢᠷᠢ᠎ᠶ᠋ᠢᠨ ᠲᠠᠨᠢᠯᠴᠠᠭᠤᠯᠭ᠎ᠠ ᠬᠢᠬᠦ᠌᠂ ᠠᠵᠢᠯ ᠡᠷᠢᠬᠦ᠌ ᠵᠢᠯᠣᠭᠣᠳᠣᠯᠭ᠎ᠠ ᠬᠢᠬᠦ᠌ ᠵᠡᠷᠭᠡ 《ᠨᠢᠭᠡ ᠥᠷᠲᠡᠭᠡᠴᠢᠯᠡᠭᠰᠡᠨ ᠮᠠᠶᠢᠬ》᠎ᠤᠨ ᠦᠶ᠋ᠯᠡᠴᠢᠯᠡᠭᠡ ᠬᠠᠩᠭᠠᠵᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠲᠠᠰᠤᠷᠠᠯᠲᠠ ᠥᠬᠡᠶ ᠪᠡᠬᠢᠵᠢᠭᠦᠯᠦᠨ᠂ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃

ᠵᠠᠯᠠᠭᠤᠴᠤᠳ᠎ᠢ ᠦᠨᠡᠨ ᠬᠦ᠌ ᠥᠪᠡᠷᠲᠡᠭᠡᠨ ᠵᠠᠰᠠᠬᠤ ᠣᠷᠣᠨ᠎ᠤ ᠲᠥᠪ᠎ᠲᠦ ᠨᠤᠲᠤᠭ᠍ᠰᠢᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ᠎ᠬᠢᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠣᠢᠷ᠎ᠠ᠎ᠶ᠋ᠢᠨ ᠵᠢᠯ᠎ᠳᠦ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠶ᠋ᠢ ᠨᠡᠢᠲᠡ 1.94 ᠲᠦᠮᠡᠨ ᠢᠵᠢ ᠴᠤᠭ᠍ᠯᠠᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠲᠦᠷᠢᠶᠡᠰᠦᠨ ᠮᠥᠩᠭᠥ᠎ᠶ᠋ᠢ ᠬᠠᠰᠤᠵᠤ ᠬᠡᠯᠲᠦᠷᠢᠭᠦᠯᠬᠦ᠌᠂ ᠨᠥᠬᠥᠪᠥᠷᠢ ᠥᠭ᠌ᠬᠦ ᠵᠡᠷᠭᠡ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠨᠡᠢᠲᠡ 6323 ᠬᠥᠮᠦᠨ᠎ᠳᠦ ᠠᠱᠢᠭ ᠬᠦᠷᠲᠡᠭᠡᠪᠡ᠃ ᠣᠳᠣᠬᠠᠨ᠎ᠪᠠᠰᠠ ᠬᠥᠬᠡᠬᠣᠲᠠ᠎ᠳᠤ ᠦᠯᠡᠳᠡᠭ᠌ᠰᠡᠨ ᠵᠠᠯᠠᠭᠤᠴᠤᠳ᠎ᠲᠤ ᠵᠣᠷᠢᠭᠤᠯᠤᠭ᠍ᠰᠠᠨ ᠦᠨ᠎ᠡ ᠬᠠᠩᠰᠢ ᠬᠢᠮᠳᠠ ᠴᠢᠨᠠᠷ ᠰᠠᠢᠲᠠᠶ 《ᠵᠠᠯᠠᠭᠤᠴᠤᠳ᠎ᠤᠨ ᠨᠡᠢᠭᠡᠮ ᠲᠣᠭᠣᠷᠢᠭ》 ᠤ᠋ᠨ ᠲᠥᠷᠥᠯ ᠵᠦᠶ᠋ᠯ᠎ᠢ ᠲᠦᠷᠭᠡᠳᠭᠡᠨ ᠠᠬᠢᠭᠤᠯᠵᠤ ᠪᠤᠢ᠂ ᠵᠢᠱ᠌ᠢᠯᠲᠡ᠎ᠪᠡᠷ 2026 ᠣᠨ᠎ᠤ 9 ᠰᠠᠷ᠎ᠠ᠎ᠳᠤ 2300 ᠢᠵᠢ ᠣᠷᠣᠨ ᠰᠠᠭᠤᠴᠠ ᠵᠢ ᠠᠰᠢᠬᠯᠠᠯᠳᠠ ᠳ᠋ᠤ ᠤᠷᠤᠭᠤᠯᠵᠤ᠂ ᠵᠠᠯᠠᠭᠤᠴᠤᠳ᠎ᠤᠨ ᠠᠵᠢᠯ ᠤᠯᠵᠤ ᠦᠢᠯᠡᠰ ᠪᠤᠰᠬᠠᠬᠤ ᠳ᠋ᠤ ᠠᠮᠤᠷ ᠠᠮᠤᠭᠤᠯᠠᠩ ᠣᠷᠣᠨ ᠰᠠᠭᠤᠴᠠ᠎ᠶ᠋ᠢᠨ ᠨᠠᠩ ᠶᠡᠭᠡ ᠪᠠᠲᠤᠯᠠᠭ᠎ᠠ᠎ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号