1 — 4 ᠰᠠᠷ᠎ᠠ᠎ᠳᠤ 1.76 ᠲᠦᠮᠡᠨ ᠬᠦᠮᠤᠨ ᠤ᠋ ᠲᠤᠭᠲᠠᠭᠤᠨ ᠠᠵᠢᠯ ᠣᠯᠭᠣᠯᠲᠠ ᠶ᠋ᠢ ᠪᠠᠶᠠᠯᠠᠬᠦᠯᠪᠠ
2026-05-21 11:53:22
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ ᠶ᠋ᠢᠡᠷ᠂ ᠡᠨᠡ ᠵᠢᠯ᠎ᠦᠨ 1 — 4 ᠰᠠᠷ᠎ᠠ ᠪᠣᠯᠲᠠᠯ᠎ᠠ᠂ ᠪᠤᠭᠤᠲᠤ ᠬᠣᠲᠠ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠥᠷᠭᠡᠳᠭᠡᠵᠦ᠍᠂ ᠠᠵᠢᠯ ᠣᠯᠭᠣᠯᠲᠠ᠎ᠶ᠋ᠢᠨ ᠦᠨᠳᠦᠰᠦᠨ ᠪᠠᠢᠳᠠᠯ᠎ᠢ ᠪᠥᠬᠥ᠌ ᠬᠦᠴᠦᠨ᠎ᠢᠶᠡᠷ᠎ᠢᠶᠡᠨ ᠲᠣᠭ᠍ᠲᠠᠪᠤᠷᠢᠵᠢᠭᠤᠯᠪᠠ᠃ ᠪᠥᠬᠥ᠌ ᠬᠣᠲᠠ 294 ᠠᠵᠢᠯ ᠣᠯᠭᠣᠬᠤ ᠦᠶ᠋ᠯᠡᠴᠢᠯᠡᠭᠡᠨ᠎ᠦ ᠲᠤᠰᠭᠠᠶ ᠲᠤᠱᠢᠶᠠᠯᠲᠠᠨ᠎ᠢ ᠰᠣᠩᠭᠣᠨ ᠨᠢᠭᠡᠳᠦᠭᠡᠷ ᠹᠷᠣᠨᠲ᠎ᠲᠤ ᠪᠠᠭᠤᠯᠭᠠᠵᠤ᠂ ᠭᠤᠤᠯᠳᠠᠯᠭ᠎ᠠ᠎ᠲᠠᠶ ᠠᠵᠢᠯ ᠲᠥᠷᠥᠯ᠂ ᠴᠢᠬᠤᠯᠠ ᠶᠡᠬᠡ ᠲᠥᠷᠥᠯ ᠵᠦᠶ᠋ᠯ ᠬᠢᠭᠡᠳ ᠭᠤᠤᠯᠳᠠᠯᠭ᠎ᠠ᠎ᠲᠠᠶ ᠠᠵᠤ ᠠᠬᠤᠢᠯᠠᠯ᠎ᠳᠤ ᠭᠦᠨᠵᠡᠭᠡᠢᠷᠡᠨ ᠰᠤᠷᠪᠤᠯᠵᠢᠯᠠᠨ ᠪᠠᠢᠴᠠᠭᠠᠨ ᠰᠤᠳᠤᠯᠤᠯᠲᠠ ᠬᠢᠵᠦ᠍᠂ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠯᠢᠭ ᠤᠨᠤᠴᠠᠲᠠᠢ ᠤᠢᠯᠠᠭᠠᠨ ᠵᠢᠭ᠍ᠰᠠᠭᠠᠵᠤ᠂ 1.76 ᠲᠦᠮᠡᠨ ᠬᠦᠮᠤᠨ ᠤ᠋ ᠲᠤᠭᠲᠠᠭᠤᠨ ᠠᠵᠢᠯ ᠣᠯᠭᠣᠯᠲᠠ ᠶ᠋ᠢ ᠪᠠᠶᠠᠯᠠᠬᠦᠯᠪᠠ᠃ 

ᠲᠠᠨᠢᠯᠴᠠᠭᠤᠯᠤᠭᠰᠠᠨ ᠶ᠋ᠢᠡᠷ᠂ ᠪᠤᠭᠤᠲᠤ ᠬᠤᠲᠠ ᠣᠯᠠᠨ ᠡᠱᠢᠵᠢᠭ᠌ᠰᠡᠨ ᠠᠵᠢᠯᠲᠠᠨ ᠡᠯᠰᠡᠬᠦ᠌ ᠵᠠᠭ᠍ᠪᠤᠷ᠎ᠲᠤ ᠲᠦᠱᠢᠭ᠌ᠯᠡᠨ ᠬᠠᠩᠭᠠᠯᠭ᠎ᠠ ᠬᠡᠷᠡᠭ᠌ᠴᠡᠭᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ ᠵᠢᠨ ᠠᠵᠢᠯᠲᠠᠨ ᠡᠯᠰᠡᠬᠦ᠌ ᠠᠵᠢᠯᠯᠠᠭ᠎ᠠ᠎ᠶ᠋ᠢ 234 ᠤᠳᠠᠭ᠎ᠠ ᠡᠷᠭᠢᠯᠡᠵᠦ᠍᠂ ᠱᠢᠭᠤᠳ ᠨᠡᠪᠲᠡᠷᠡᠭᠦᠯᠬᠦ᠌ ᠪᠠ ᠠᠵᠢᠯ᠎ᠤᠨ ᠪᠠᠢᠷᠢ ᠲᠠᠨᠢᠯᠴᠠᠭᠤᠯᠬᠤ ᠵᠡᠷᠭᠡ ᠠᠷᠭ᠎ᠠ ᠮᠠᠶᠢᠭ᠎ᠢᠶᠠᠷ ᠠᠵᠢᠯ ᠣᠯᠭᠣᠯᠲᠠ᠎ᠶ᠋ᠢᠨ ᠲᠦᠭ᠌ᠵᠢᠷᠡᠯ᠎ᠢ ᠨᠡᠪᠲᠡᠷᠡᠭᠦᠯᠵᠠᠢ᠃ ᠡᠭᠦᠨ᠎ᠦ ᠬᠠᠮᠲᠤ ᠠᠵᠤ ᠠᠬᠤᠢᠯᠠᠯ᠎ᠤᠨ ᠳᠠᠷᠤᠭᠠᠰᠤ᠎ᠶ᠋ᠢ ᠬᠥᠩᠭᠡᠷᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠳᠠᠭᠠᠳᠭᠠᠯ᠎ᠳᠤ ᠣᠷᠣᠯᠴᠠᠭ᠍ᠰᠠᠨ ᠠᠵᠤ ᠠᠬᠤᠢᠯᠠᠯ᠎ᠳᠤ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠰᠦᠶ᠋ᠳᠭᠡᠯ᠎ᠢ 3.58 ᠳ᠋ᠦᠩᠱᠢᠭᠤᠷ ᠲᠥᠭᠥᠷᠢᠭ ᠬᠠᠰᠤᠵᠤ ᠬᠡᠯᠲᠦᠷᠢᠭᠦᠯᠦᠨ᠂ ᠡᠯ᠎ᠡ ᠲᠥᠷᠥᠯ᠎ᠦᠨ ᠨᠥᠬᠥᠪᠥᠷᠢ ᠵᠢ1212.03 ᠲᠦᠮᠡᠨ ᠲᠥᠭᠥᠷᠢᠭ ᠲᠠᠷᠬᠠᠭᠠᠵᠤ᠂ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠳᠠᠷᠤᠯᠲᠠ᠎ᠶ᠋ᠢ ᠬᠥᠩᠭᠡᠷᠡᠭᠦᠯᠪᠡ᠃ ᠡᠭᠦᠨ᠎ᠡᠴᠡ ᠭᠠᠳᠠᠨ᠎ᠠ ᠠᠵᠢᠯ ᠠᠯᠳᠠᠯᠲᠠ᠎ᠶ᠋ᠢᠨ ᠪᠠᠢᠳᠠᠯ᠎ᠢ ᠬᠢᠨᠠᠨ ᠬᠡᠮᠵᠢᠬᠦ᠌ ᠰᠦᠯᠵᠢᠶ᠎ᠡ᠎ᠶ᠋ᠢ ᠪᠠᠢᠭᠤᠯᠵᠤ᠂ 23 ᠠᠵᠢᠯ ᠲᠥᠷᠥᠯ ᠎ᠦᠨ 2800 ᠠᠵᠤ ᠠᠬᠤᠢᠯᠠᠯ᠎ᠢ ᠬᠠᠮᠤᠷᠴᠤ᠌᠂ ᠠᠵᠢᠯ ᠣᠯᠭᠣᠯᠲᠠ᠎ᠶ᠋ᠢᠨ ᠵᠠᠬ᠎ᠠ ᠳᠡᠯᠭᠡᠭᠦᠷ ᠎ᠦᠨ ᠬᠤᠪᠢᠷᠠᠯᠲᠠ᠎ᠶ᠋ᠢ ᠴᠠᠭ ᠲᠤᠬᠠᠶ᠎ᠳᠤᠨᠢ ᠬᠢᠨᠠᠨ ᠬᠡᠮᠵᠢᠵᠦ᠍᠂ ᠠᠵᠢᠯ ᠣᠯᠭᠣᠯᠲᠠ᠎ᠶ᠋ᠢᠨ ᠪᠠᠢᠳᠠᠯ ᠎ᠢ ᠲᠣᠭ᠍ᠲᠠᠪᠤᠷᠢᠵᠢᠭᠤᠯᠬᠤ᠎ᠳᠤ ᠪᠠᠲᠤ ᠪᠠᠬᠢ ᠰᠠᠭᠤᠷᠢ᠎ᠲᠠᠯᠪᠢᠵᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号