ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ ᠶ᠋ᠢᠡᠷ᠂ 1— 4 ᠰᠠᠷ᠎ᠠ᠎ᠳᠤ᠂ ᠪᠤᠭᠤᠲᠤ ᠬᠣᠲᠠ ᠤᠷ᠎ᠠ ᠮᠡᠷᠬᠡᠵᠢᠯ ᠤ᠋ᠨ ᠪᠣᠯᠪᠠᠰᠤᠷᠠᠯ᠎ᠢᠶᠠᠷ ᠬᠦᠴᠤᠨ ᠨᠡᠮᠡᠷᠢᠯᠠᠠ᠂ ᠦᠶ᠋ᠯᠡᠰ ᠪᠤᠰᠬᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ᠎ᠪᠠᠷ ᠭᠠᠷᠳᠠᠴᠠ ᠪᠣᠯᠭᠠᠵᠤ᠂ ᠪᠥᠬᠥ᠌ ᠬᠡᠯᠬᠢᠶᠡᠨ᠎ᠦ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠠᠵᠢᠯ ᠣᠯᠭᠣᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠵᠠᠢ᠃ ᠪᠥᠬᠥ᠌ ᠬᠣᠲᠠ᠎ᠳᠤ ᠳᠥᠷᠪᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯ᠎ᠦᠨ ᠪᠣᠯᠪᠠᠰᠤᠷᠠᠯ᠎ᠤᠨ ᠵᠠᠭ᠍ᠪᠤᠷ᠎ᠢ ᠬᠡᠷᠡᠭ᠌ᠵᠢᠭᠦᠯᠵᠦ᠍᠂ 61 ᠪᠣᠯᠪᠠᠰᠤᠷᠠᠯ᠎ᠤᠨ ᠪᠠᠢᠭᠤᠯᠤᠮᠵᠢ᠂ 104 ᠠᠵᠢᠯ ᠮᠡᠷᠭᠡᠵᠢᠯ᠎ᠦᠨ ᠲᠥᠷᠥᠯ᠎ᠢ ᠱᠢᠯᠢᠨ ᠰᠣᠩᠭᠣᠵᠤ᠂ ᠨᠥᠬᠥᠪᠥᠷᠢ᠎ᠶ᠋ᠢᠨ ᠴᠢᠨᠠᠷᠲᠠᠶ ᠲᠤᠬᠠᠢᠯᠠᠭᠰᠠᠨ ᠠᠵᠢᠯ ᠤ᠋ᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠨᠡᠢᠲᠡ 6469 ᠬᠥᠮᠦᠨ ᠤᠳᠠᠭ᠎ᠠ ᠥᠷᠨᠢᠭᠦᠯᠵᠦ᠍᠂ ᠬᠦᠲᠠᠯᠮᠤᠷᠢ ᠬᠦᠴᠤᠨ ᠤ᠋ ᠠᠵᠢᠯ ᠤᠯᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠪᠡ᠃
ᠡᠭᠦᠨ᠎ᠦ ᠬᠠᠮᠲᠤ ᠪᠤᠭᠤᠲᠤ ᠬᠤᠲᠠ᠂ ᠦᠶ᠋ᠯᠡᠰ ᠪᠤᠰᠬᠠᠬᠤ ᠠᠮᠢ ᠠᠬᠤᠶ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ 65 ᠦᠶ᠋ᠯᠡᠰ ᠪᠤᠰᠬᠠᠬᠤ ᠨᠡᠪᠴᠢᠭᠦᠯᠬᠦ ᠰᠠᠭᠤᠷᠢᠨ ᠳ᠋ᠤ ᠲᠦᠱᠢᠭ᠌ᠯᠡᠨ 3028 ᠪᠣᠳᠠᠲᠤ ᠴᠣᠭ᠍ᠴᠠ᠎ᠶ᠋ᠢ ᠣᠷᠣᠭᠤᠯᠤᠨ ᠠᠪᠴᠢᠷᠠᠵᠤ᠂ 44 ᠲᠠᠯᠠᠪᠤᠷ ᠦᠶ᠋ᠯᠡᠰ ᠪᠤᠰᠬᠠᠬᠤ ᠦᠶ᠋ᠯᠡᠴᠢᠯᠡᠭᠡ᠎ᠶ᠋ᠢ ᠥᠷᠨᠢᠭᠦᠯᠵᠦ᠍᠂ ᠦᠶ᠋ᠯᠡᠰ ᠪᠤᠰᠬᠠᠬᠤ ᠲᠥᠷᠥᠯ ᠵᠦᠶ᠋ᠯ᠎ᠦᠨ ᠨᠠᠢᠳᠠᠪᠤᠷᠢᠵᠢᠭᠤᠯᠤᠯᠲᠠ᠎ᠳᠤ ᠬᠦᠴᠦᠨ ᠨᠡᠮᠡᠷᠢᠯᠡᠵᠠᠢ᠃ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠠᠷᠠᠭᠠᠯᠵᠠᠯᠲᠤ ᠠᠵᠤ ᠠᠬᠤᠢᠯᠠᠯ᠎ᠤᠨ ᠵᠢᠭᠡᠯᠡᠯᠭᠡ᠂ ᠬᠣᠯᠪᠣᠭᠠᠯᠠᠨ ᠦᠶ᠋ᠯᠡᠰ ᠪᠤᠰᠬᠠᠬᠤ ᠪᠠᠲᠤᠯᠭᠠᠲᠤ ᠵᠢᠭᠡᠯᠡᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠲᠤᠮᠲᠠ ᠵᠢᠵᠢᠭ ᠠᠵᠤ ᠠᠬᠤᠢᠯᠠᠯ ᠵᠢᠴᠢ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠳᠦ 8818 ᠲᠦᠮᠡᠨ ᠲᠥᠭᠥᠷᠢᠭ᠎ᠦᠨ ᠵᠢᠭᠡᠯᠡᠯᠭᠡ ᠲᠠᠯᠪᠢᠪᠠ᠃ ᠳᠥᠷᠪᠡᠳᠦᠭᠡᠷ ᠳᠡᠰ᠎ᠤᠨ ᠠᠵᠢᠯ ᠣᠯᠭᠣᠯᠲᠠ ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ 15 ᠮᠢᠨᠦ᠋ᠲ ᠦᠨ ᠠᠵᠢᠯ ᠣᠯᠭᠣᠯᠲᠠ ᠶ᠋ᠢᠨ ᠦᠢᠯᠡᠴᠢᠯᠡᠭᠡᠨ᠎ᠦ ᠲᠣᠭᠣᠷᠢᠭ᠎ᠢ ᠪᠠᠢᠭᠤᠯᠵᠤ᠂ ᠰᠦᠯᠵᠢᠶᠡᠨ ᠳᠡᠭᠡᠷ᠎ᠡ ᠠᠵᠢᠯ ᠣᠯᠭᠣᠯᠲᠠ᠎ᠶ᠋ᠢᠨ ᠮᠡᠳᠡᠭᠡ ᠵᠠᠩᠭᠢ᠎ᠶ᠋ᠢ 450 ᠭᠠᠷᠤᠢ ᠵᠤᠷᠪᠤᠰ ᠨᠡᠢᠲᠡᠯᠡᠵᠦ᠍᠂ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号